365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠭᠠᠩᠭ᠎ᠠ ᠶᠢᠨ ᠤᠷᠤᠰᠬᠠᠯ︾ ᠤᠨ ᠲᠤᠬᠠᠢ ᠲᠣᠪᠴᠢ ᠥᠭᠦᠯᠡᠬᠦ ᠨᠢ
        ᠨᠡᠶᠢᠲᠡᠯᠡᠭᠰᠡᠨ ᠴᠠᠭ᠄
        2017/3/6
             ︽ᠭᠠᠩᠭ᠎ᠠ ᠶᠢᠨ ᠤᠷᠤᠰᠬᠠᠯ︾ ᠪᠣᠯ ᠦᠵᠦᠮᠦᠴᠢᠨ ᠤ ᠭᠤᠮᠪᠣᠵᠠᠪ ᠭᠦᠩ ᠤᠨ 1725 ᠣᠨ ᠳᠤ ᠡᠬᠡ ᠬᠡᠯᠡ ᠪᠠᠷ ᠢᠶᠠᠨ ᠵᠣᠬᠢᠶᠠᠭᠰᠠᠨ ᠮᠣᠩᠭᠤᠯ ᠲᠥᠷᠥ ᠶᠢᠨ ᠡᠵᠡᠨ ᠬᠠᠭᠠᠳ ᠪᠠ ᠨᠣᠶᠠᠳ ᠤᠨ ᠭᠤᠣᠯ ᠤᠭᠰᠠᠭᠠᠨ ᠤ ᠤᠯᠠᠮᠵᠢᠯᠠᠯ ᠢ ᠣᠨ ᠳᠠᠷᠠᠭᠠᠯᠠᠨ ᠪᠢᠴᠢᠭᠰᠡᠨ ᠲᠡᠦᠬᠡᠨ ᠪᠢᠴᠢᠭ ᠪᠣᠯᠬᠤ ᠶᠤᠮ᠃ ᠵᠣᠬᠢᠶᠠᠯ ᠨᠢ ︽ᠠᠩᠬᠠᠨ ᠤ ᠪᠦᠯᠦᠭ︾ ᠪᠣᠯᠣᠨ ︽ᠨᠥᠭᠦᠭᠡ ᠪᠦᠯᠦᠭ︾ ᠬᠡᠮᠡᠬᠦ ᠬᠤᠶᠠᠷ ᠪᠦᠯᠦᠭ ᠠᠴᠠ ᠪᠦᠷᠢᠯᠳᠦᠵᠦ᠂ ︽ᠠᠩᠬᠠᠨ ᠤ ᠪᠦᠯᠦᠭ︾ ᠲᠡᠭᠡᠨ ᠬᠢᠶᠠᠳ ᠶᠠᠰᠤᠲᠠᠨ ᠤ ᠠᠯᠲᠠᠨ ᠤᠷᠤᠭᠲᠠᠨ ᠤ ᠤᠭ ᠦᠨᠳᠦᠰᠦ ᠪᠣᠯᠬᠤ ᠴᠢᠩᠭᠢᠰ ᠬᠠᠭᠠᠨ ᠤ ᠢᠵᠠᠭᠤᠷ ᠠᠴᠠ ᠮᠣᠩᠭᠤᠯ ᠲᠥᠷᠥ ᠶᠢᠨ ᠬᠠᠭᠠᠳ ᠨᠣᠶᠠᠳ ᠤᠨ ᠭᠤᠣᠯ ᠤᠭᠰᠠᠭ᠎ᠠ ᠵᠠᠯᠭᠠᠮᠵᠢᠯᠠᠯ ᠢ ᠣᠨ ᠳᠠᠷᠠᠭᠠᠯᠠᠨ ᠨᠠᠷᠢᠨ ᠲᠣᠭᠠᠴᠢᠵᠤ ᠲᠡᠮᠳᠡᠭᠯᠡᠭᠰᠡᠨ ᠪᠠᠶᠢᠨ᠎ᠠ᠃ ︽ᠨᠥᠭᠦᠭᠡ ᠪᠦᠯᠦᠭ︾ ᠲᠡᠭᠡᠨ ᠴᠢᠩᠭᠢᠰ ᠬᠠᠭᠠᠨ ᠤ ᠳᠡᠭᠦᠦᠨᠡᠷ ᠤᠳ ᠪᠣᠯᠣᠨ ᠲᠡᠳᠡᠨ ᠤ ᠦᠷ᠎ᠡ ᠠᠴᠢ ᠨᠠᠷ ᠤᠨ ᠬᠠᠷᠢᠶ᠎ᠠ ᠠᠶᠢᠮᠠᠭ ᠤᠨ ᠨᠣᠶᠠᠳ ᠲᠦᠰᠢᠮᠡᠳ ᠤᠨ ᠦᠶ᠎ᠡ ᠵᠠᠯᠭᠠᠮᠵᠢ᠂ ᠮᠣᠩᠭᠤᠯ ᠤᠨ ᠲᠡᠦᠬᠡᠨ ᠳᠠᠬᠢ ᠭᠠᠪᠢᠶ᠎ᠠ ᠵᠢᠳᠬᠦᠯ ᠲᠠᠢ ᠰᠠᠶᠢᠳ ᠲᠦᠰᠢᠮᠡᠯ᠂ ᠮᠣᠩᠭᠤᠯ ᠤᠨ ᠨᠡᠶᠢᠭᠡᠮ ᠤᠨ ᠵᠠᠰᠠᠭ ᠵᠠᠬᠢᠷᠭᠠᠨ ᠤ ᠪᠠᠶᠢᠭᠤᠯᠤᠮᠵᠢ᠂ ᠮᠠᠨᠵᠤ ᠴᠢᠩ ᠤᠨ ᠨᠣᠶᠠᠷᠬᠠᠯ ᠳᠠᠬᠢ ᠥᠪᠥᠷ ᠮᠣᠩᠭᠤᠯ ᠤᠨ ᠬᠤᠰᠢᠭᠤ ᠨᠤᠲᠤᠭ ᠤᠨ ᠬᠤᠪᠢᠶᠠᠷᠢ ᠵᠡᠷᠭᠡ ᠶᠢ ᠨᠢᠭᠡᠳ ᠨᠢᠭᠡ ᠪᠠᠷ ᠨᠠᠷᠢᠨ ᠲᠣᠳᠣᠷᠬᠠᠢ ᠲᠡᠮᠳᠡᠭᠯᠡᠵᠡᠢ᠃      ︽ᠭᠠᠩᠭ᠎ᠠ ᠶᠢᠨ ᠤᠷᠤᠰᠬᠠᠯ︾ ᠡᠬᠢᠯᠡᠮᠡᠭᠴᠡ ︽ᠲᠡᠭᠷᠢ ᠠᠴᠠ ᠵᠠᠶᠠᠭᠠᠭᠳᠠᠭᠰᠠᠨ ᠪᠤᠲᠠᠨᠴᠢᠷ ᠡᠵᠡᠨ︾ ᠠᠴᠠ ᠴᠢᠩᠭᠢᠰ ᠬᠠᠭᠠᠨ ᠬᠦᠷᠲᠡᠯᠡᠬᠢ ᠤᠭ ᠦᠶ᠎ᠡ ᠶᠢ ᠲᠣᠪᠴᠢᠯᠠᠨ ᠳᠤᠷᠠᠳᠤᠭᠰᠠᠨ ᠤ ᠳᠠᠷᠠᠭ᠎ᠠ ᠴᠢᠩᠭᠢᠰ ᠬᠠᠭᠠᠨ ᠠᠴᠠ ᠡᠬᠢᠯᠡᠨ ᠮᠣᠩᠭᠤᠯ ᠲᠥᠷᠥ ᠶᠢᠨ ᠯᠢᠭᠳᠡᠨ ᠬᠤᠲᠤᠭᠲᠤ ᠬᠠᠭᠠᠨ ᠬᠦᠷᠲᠡᠯᠡᠬᠢ ᠨᠡᠶᠢᠲᠡ ᠭᠤᠴᠢᠨ ᠲᠠᠪᠤᠨ ᠬᠠᠭᠠᠨ ᠤ ᠲᠥᠷᠥᠭᠰᠡᠨ ᠣᠨ ᠵᠢᠯ᠂ ᠰᠠᠭᠤᠷᠢᠨ᠎ᠠ ᠰᠠᠭᠤᠭᠰᠠᠨ ᠵᠢᠯ ᠬᠤᠭᠤᠴᠠᠭ᠎ᠠ᠂ ᠨᠠᠰᠤ ᠪᠠᠷᠠᠭᠰᠠᠨ ᠣᠨ ᠰᠠᠷ᠎ᠠ ᠵᠡᠷᠭᠡ ᠶᠢ ᠴᠥᠮ ᠨᠠᠷᠢᠨ ᠬᠢᠴᠢᠶᠡᠩᠭᠦᠢ ᠲᠡᠮᠳᠡᠭᠯᠡᠬᠦ ᠶᠢᠨ ᠵᠡᠷᠭᠡᠳᠡ ᠮᠣᠩᠭᠤᠯ ᠤᠨ ᠲᠡᠦᠬᠡᠨ ᠳᠠᠬᠢ ᠴᠢᠬᠤᠯᠠ ᠬᠡᠷᠡᠭ ᠤᠨ ᠲᠣᠶᠢᠮᠣ  ᠶᠢ ᠪᠢᠴᠢᠵᠡᠢ᠃      ᠡᠭᠦᠨ ᠤ ᠳᠠᠷᠠᠭ᠎ᠠ ᠳᠤᠨᠢ᠂ ︽ᠭᠠᠩᠭ᠎ᠠ ᠶᠢᠨ ᠤᠷᠤᠰᠬᠠᠯ︾ ᠤᠨ ᠭᠤᠣᠯ ᠬᠡᠰᠡᠭ ᠪᠣᠯᠬᠤ ᠴᠢᠩ ᠤᠯᠤᠰ ᠤᠨ ᠡᠬᠢᠨ ᠤ ᠦᠶ᠎ᠡ ᠪᠠᠷ ᠮᠣᠩᠭᠤᠯ ᠣᠷᠣᠨ ᠬᠤᠰᠢᠭᠤ ᠠᠶᠢᠮᠠᠭ ᠪᠣᠯᠣᠨ ᠬᠤᠪᠢᠶᠠᠭᠳᠠᠭᠰᠠᠨ ᠵᠢᠴᠢ ᠲᠡᠳᠡᠭᠡᠷ ᠤᠨ ︽ᠨᠣᠶᠠᠳ ᠤᠨ ᠤᠭ︾ ᠪᠠ ᠵᠡᠷᠭᠡ ᠬᠡᠷᠬᠡᠮ ᠢ ᠦᠶ᠎ᠡ ᠳᠠᠷᠠᠭᠠᠯᠠᠨ ᠲᠣᠭᠠᠴᠢᠵᠠᠢ᠃ ᠡᠭᠦᠨ ᠳᠤ ᠴᠠᠬᠠᠷ᠂ ᠦᠵᠦᠮᠦᠴᠢᠨ᠂ ᠠᠤᠬᠠᠨ᠂ ᠨᠠᠢᠮᠠᠨ᠂ ᠣᠷᠳᠣᠰ᠂ ᠲᠦᠮᠡᠳ᠂ ᠬᠠᠭᠤᠴᠢᠳ᠂ ᠬᠡᠰᠢᠭᠲᠡᠨ᠂ ᠵᠠᠷᠤᠳ᠂ ᠪᠠᠭᠠᠷᠢᠨ᠂ ᠬᠠᠷᠠᠴᠢᠨ᠂ ᠤᠷᠠᠳ᠂ ᠲᠠᠲ᠋ᠠᠷ᠂ ᠣᠷᠢᠶᠠᠩᠬᠠᠨ᠂ ᠬᠠᠯᠬ᠎ᠠ᠂ ᠮᠤᠤᠮᠢᠩᠭᠠᠨ᠂ ᠨᠤᠨ ᠬᠤᠷᠴᠢᠨ ︵ᠡᠭᠦᠨ ᠳᠤ ᠳᠥᠷᠪᠡᠳ᠂ ᠭᠤᠷᠯᠣᠰ᠂ ᠵᠠᠯᠠᠶᠢᠳ ᠪᠠᠭᠲᠠᠪᠠ︶᠂ ᠠᠷᠤ ᠬᠤᠷᠴᠢᠨ᠂ ᠳᠥᠷᠪᠡᠨ ᠬᠡᠦᠬᠡᠳ᠂ ᠬᠥᠬᠡᠨᠠᠭᠤᠷ ᠤᠨ ᠥᠭᠡᠯᠡᠳ᠂ ᠣᠩᠨᠢᠭᠤᠳ᠂ ᠠᠪᠠᠭ᠎ᠠ ᠵᠡᠷᠭᠡ ᠮᠣᠩᠭᠤᠯ ᠠᠶᠢᠮᠠᠭᠲᠠᠨ ᠤ ︽ᠨᠣᠶᠠᠳ ᠤᠨ ᠤᠭ︾ ᠢ ᠪᠢᠴᠢᠨ ᠭᠠᠷᠭᠠᠵᠠᠢ᠃ ᠲᠡᠶᠢᠨᠬᠦ ᠮᠠᠨᠵᠤ ᠴᠢᠩ ᠤᠨ ᠦᠶ᠎ᠡ ᠳᠤ ᠪᠢᠴᠢᠭᠳᠡᠭᠰᠡᠨ ᠮᠣᠩᠭᠤᠯ ᠤᠨ ᠲᠡᠦᠬᠡᠨ ᠵᠣᠬᠢᠶᠠᠯ ᠤᠨ ᠳᠣᠲᠣᠷ᠎ᠠ ᠮᠣᠩᠭᠤᠯ ᠠᠶᠢᠮᠠᠭ ᠬᠤᠰᠢᠭᠤᠳ ᠤᠨ ︽ᠨᠣᠶᠠᠳ ᠤᠨ ᠤᠭ︾ ᠢ ᠠᠩᠬ᠎ᠠ ᠤᠳᠠᠭ᠎ᠠ ᠲᠣᠳᠣᠷᠬᠠᠢ ᠢᠯᠭᠠᠵᠤ ᠲᠡᠮᠳᠡᠭᠯᠡᠭᠰᠡᠨ ᠪᠢᠴᠢᠭ ᠪᠣᠯᠵᠤ ᠪᠠᠶᠢᠨ᠎ᠠ᠃ ᠡᠨᠡ ᠨᠢ ᠬᠤᠵᠢᠮ ᠤᠨ ᠮᠣᠩᠭᠤᠯ ᠲᠡᠦᠬᠡ ᠶᠢᠨ ᠵᠣᠬᠢᠶᠠᠯ ᠤᠳ ᠳᠤ ᠮᠠᠰᠢ ᠭᠦᠨᠵᠡᠭᠡᠢ ᠨᠥᠯᠥᠭᠡ ᠦᠵᠡᠭᠦᠯᠦᠭᠰᠡᠨ ᠪᠦᠯᠦᠭᠡ᠃       ︽ᠭᠠᠩᠭ᠎ᠠ ᠶᠢᠨ ᠤᠷᠤᠰᠬᠠᠯ︾ ᠤᠨ ᠰᠡᠭᠦᠯᠴᠢ ᠶᠢᠨ ᠬᠡᠰᠡᠭ ᠲᠤ ᠴᠢᠩᠭᠢᠰ ᠬᠠᠭᠠᠨ ᠤ ᠶᠢᠰᠦᠨ ᠥᠷᠯᠥᠭ᠂ ᠲᠠᠪᠤᠨ ᠥᠩᠭᠡ ᠳᠥᠷᠪᠡᠨ ᠬᠠᠷᠢ ᠤᠯᠤᠰ ᠬᠡᠮᠡᠬᠦ ᠶᠢᠨ ᠲᠤᠬᠠᠢ᠂ ᠴᠢᠩᠭᠢᠰ ᠬᠠᠭᠠᠨ ᠴᠠᠩ ᠴᠦᠨ ᠪᠣᠮᠪᠤ ᠯᠤᠭ᠎ᠠ ᠠᠭᠤᠯᠵᠠᠭᠰᠠᠨ᠂ ᠶᠤᠸᠠᠨ ᠤᠯᠤᠰ ᠠᠴᠠ ᠳᠠᠷᠠᠭᠠᠬᠢ ᠮᠣᠩᠭᠤᠯ ᠤᠨ ᠵᠠᠰᠠᠭ ᠵᠠᠬᠢᠷᠭᠠᠨ ᠤ ᠪᠠᠶᠢᠭᠤᠯᠤᠮᠵᠢ᠂ ᠮᠣᠩᠭᠤᠯ  ᠤᠨ ᠬᠥᠭᠵᠢᠮ ᠤᠨ ᠲᠤᠬᠠᠢ ᠵᠡᠷᠭᠡ ᠵᠦᠢᠯ ᠢ ᠬᠠᠮᠤᠷᠤᠨ ᠥᠭᠦᠯᠡᠵᠡᠢ᠃       ᠬᠠᠭᠠᠰ ᠵᠠᠭᠤᠨ ᠤ ᠳᠠᠶᠢᠨ ᠲᠠᠯᠬᠢᠭᠳᠠᠯ ᠢ ᠥᠩᠭᠡᠷᠡᠭᠡᠭᠡᠳ ᠠᠷᠪᠠᠨ ᠨᠠᠢᠮᠠᠳᠤᠭᠠᠷ ᠵᠠᠭᠤᠨ ᠤ ᠡᠬᠢᠨ ᠦᠶ᠎ᠡ  ᠪᠠᠷ ᠮᠣᠩᠭᠤᠯᠴᠤᠳ ᠨᠢᠭᠡᠨᠲᠡ ᠮᠠᠨᠵᠤ ᠴᠢᠩ ᠤᠯᠤᠰ ᠤᠨ ᠪᠦᠷᠢᠨ ᠬᠠᠷᠢᠶᠠᠲᠤ ᠪᠣᠯᠣᠭᠰᠠᠨ ᠲᠡᠦᠬᠡᠲᠦ ᠠᠬᠤᠢ ᠪᠠᠶᠢᠳᠠᠯ ᠳᠣᠣᠷ᠎ᠠ᠂ ᠭᠤᠮᠪᠣᠵᠠᠪ ᠭᠦᠩ ᠪᠠᠷ ᠮᠠᠨᠵᠤ ᠴᠢᠩ ᠤᠨ ᠳᠠᠷᠤᠯᠠᠯ ᠢ ᠡᠰᠡᠷᠭᠦᠴᠡᠨ᠂ ᠦᠨᠳᠦᠰᠦᠲᠡᠨ ᠤ ᠪᠠᠨ ᠲᠤᠰᠠᠭᠠᠷ ᠲᠣᠭᠲᠠᠨᠢᠯ ᠢ ᠰᠡᠷᠭᠦᠭᠡᠵᠦ᠂ ᠮᠣᠩᠭᠤᠯᠴᠤᠳ ᠲᠤ ᠥᠪᠡᠷ ᠤᠨ ᠬᠢᠨᠢ ᠲᠡᠦᠬᠡ ᠶᠢ ᠦᠨᠡᠨ ᠮᠥᠨ ᠢᠶᠠᠷ ᠨᠢ ᠲᠠᠨᠢᠭᠤᠯᠤᠨ ᠂ ᠦᠨᠳᠦᠰᠦᠲᠡᠨ ᠤ ᠪᠠᠨ ᠲᠥᠯᠥᠭᠡ ᠲᠡᠮᠡᠴᠡᠬᠦ ᠡᠷᠴᠢ ᠵᠣᠷᠢᠭ ᠲᠠᠢ ᠪᠣᠯᠭᠠᠬᠤ ᠵᠣᠷᠢᠯᠲᠠ ᠪᠠᠷ ︽ᠭᠠᠩᠭ᠎ᠠ ᠶᠢᠨ ᠤᠷᠤᠰᠬᠠᠯ︾ ᠢᠶᠠᠨ ᠲᠤᠭᠤᠷᠪᠢᠵᠤ᠂ ᠮᠣᠩᠭᠤᠯ ᠦᠨᠳᠦᠰᠦᠲᠡᠨ ᠤ ᠮᠠᠨᠳᠤᠭᠰᠠᠨ ᠲᠡᠦᠬᠡ ᠶᠢ ᠨᠠᠷᠢᠨ ᠲᠣᠳᠣᠷᠬᠠᠢ ᠪᠥᠭᠡᠳ ᠵᠥᠪ ᠦᠨᠡᠨ ᠢᠶᠠᠷ ᠨᠢ ᠰᠡᠷᠭᠦᠭᠡᠨ ᠪᠢᠴᠢᠭᠰᠡᠨ ᠠᠵᠠᠢ᠃       ︽ᠭᠠᠩᠭ᠎ᠠ ᠶᠢᠨ ᠤᠷᠤᠰᠬᠠᠯ︾ ᠨᠢ ᠨᠢᠭᠤᠷ ᠬᠠᠭᠤᠳᠠᠰᠤ ᠪᠠᠷ ᠨᠢᠮᠭᠡᠨ ᠪᠣᠯᠪᠠᠴᠤ ᠲᠡᠭᠦᠨ ᠳᠤ ᠠᠭᠤᠯᠤᠭᠳᠠᠭᠰᠠᠨ ᠲᠡᠦᠬᠡ ᠶᠢᠨ ᠬᠦᠷᠢᠶ᠎ᠡ ᠬᠡᠪᠴᠢᠶ᠎ᠡ ᠪᠠ ᠠᠭᠤᠯᠭ᠎ᠠ᠂ ᠲᠡᠭᠦᠨ ᠤ ᠦᠨᠳᠦᠰᠦᠨ ᠴᠢᠭᠯᠡᠯ ᠪᠠ ᠲᠤᠰᠬᠠᠭᠰᠠᠨ ᠠᠰᠠᠭᠤᠳᠠᠯ᠂ ᠠᠰᠢᠭᠯᠠᠭᠰᠠᠨ ᠲᠡᠦᠬᠡᠨ ᠮᠠᠲ᠋ᠧᠷᠢᠶᠠᠯ ᠤᠨ ᠢᠷᠡᠯᠲᠡ᠂ ᠵᠣᠬᠢᠶᠠᠭᠴᠢ ᠶᠢᠨ ᠦᠵᠡᠯ ᠰᠠᠨᠠᠭ᠎ᠠ ᠵᠡᠷᠭᠡ ᠨᠢ ᠮᠣᠩᠭᠤᠯ ᠤᠨ ᠲᠡᠦᠬᠡ ᠪᠢᠴᠢᠯᠭᠡ ᠶᠢ ᠰᠤᠳᠤᠯᠤᠨ ᠰᠢᠨᠵᠢᠬᠦᠢ ᠳᠤ ᠮᠠᠰᠢ ᠡᠷᠬᠢᠮ ᠦᠨᠡᠲᠦ ᠨᠢᠭᠡᠨ ᠢᠵᠢ ᠲᠡᠦᠬᠡᠨ ᠵᠣᠬᠢᠶᠠᠯ ᠪᠣᠯᠵᠤ ᠰᠤᠳᠤᠯᠤᠭᠴᠢ ᠨᠠᠷ ᠤᠨ ᠡᠮᠦᠨ᠎ᠡ ᠳᠡᠯᠭᠡᠭᠳᠡᠵᠦ ᠪᠠᠶᠢᠨ᠎ᠠ᠃ ᠲᠡᠷᠡᠴᠢᠯᠡᠨ ᠮᠣᠩᠭᠤᠯᠴᠤᠳ ᠤᠨ ᠦᠨᠳᠦᠰᠦᠲᠡᠨ ᠢᠶᠠᠨ ᠬᠠᠶᠢᠷᠠᠯᠠᠬᠤ ᠦᠵᠡᠯ ᠤᠬᠠᠮᠰᠠᠷ ᠪᠠ ᠢᠲᠡᠭᠡᠯ ᠵᠣᠷᠢᠭ ᠢ ᠬᠥᠪᠴᠢᠯᠡᠬᠦ ᠵᠣᠷᠢᠯᠭ᠎ᠠ ᠪᠠᠷ ᠪᠢᠴᠢᠭᠳᠡᠭᠰᠡᠨ ᠪᠣᠯᠬᠤᠷ ᠥᠭᠡᠷ᠎ᠡ ᠪᠤᠰᠤᠳ ᠮᠣᠩᠭᠤᠯ ᠰᠤᠷᠪᠤᠯᠵᠢ ᠪᠢᠴᠢᠭ ᠲᠤ ᠪᠠᠶᠢᠳᠠᠭ ᠦᠭᠡᠢ ᠰᠢᠨ᠎ᠡ ᠰᠣᠷᠭᠤᠭ ᠮᠡᠳᠡᠭᠡ ᠪᠠᠷᠢᠮᠲᠠ ᠪᠠᠷ ᠦᠨᠳᠦᠰᠦᠲᠡᠨ ᠤ ᠪᠠᠨ ᠲᠡᠦᠬᠡ ᠰᠣᠶᠣᠯ ᠤᠨ ᠥᠪ ᠢ ᠪᠦᠬᠦ ᠲᠠᠯ᠎ᠠ ᠪᠠᠷ ᠤᠯᠠᠮᠵᠢᠯᠠᠵᠤ ᠬᠠᠳᠠᠭᠠᠯᠠᠬᠤ ᠶᠢ ᠰᠠᠨᠠᠭᠠᠴᠢᠯᠠᠭᠰᠠᠨ ᠢ ᠤᠬᠠᠮᠵᠢᠯᠠᠨ ᠤᠩᠰᠢᠭᠰᠠᠨ ᠬᠡᠨ ᠨᠢᠭᠡᠨ ᠴᠦ ᠤᠬᠠᠭᠠᠷᠠᠵᠤ ᠪᠣᠯᠬᠤ ᠶᠤᠮ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号