ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ | ᠬᠡᠯᠲᠡᠰ ᠤᠨ ᠠᠯᠪᠠᠨ ᠵᠠᠷᠯᠠᠯ | ︵31 ᠳ᠋ᠦ᠋ᠭᠡᠷ ᠲᠤᠭᠠᠲᠤ︶ | | ᠤᠶᠢᠷ᠎ᠠ ᠶᠢᠨ ᠬᠤᠭᠤᠴᠠᠭᠠᠨ ᠳᠤ᠂ ᠱᠠᠩᠬᠠᠶ᠂ ᠲᠢᠶᠠᠨᠵᠢᠨ᠂ ᠠᠨᠾᠦ᠋ᠢ ᠵᠡᠷᠭᠡ ᠭᠠᠵᠠᠷ ᠲᠤ ᠴᠥᠮ ᠲᠣᠰ ᠭᠠᠵᠠᠷ | ᠣᠷᠣᠨ ᠤ ᠡᠪᠡᠳᠴᠢᠲᠡᠨ ᠢᠯᠡᠷᠡᠵᠦ᠂ ᠤᠨᠴᠠᠭᠠᠶᠢᠯᠠᠨ 2020 ᠣᠨ ᠤ 11 ᠰᠠᠷ᠎ᠠ ᠶᠢᠨ 21 ᠤ ᠡᠳᠦᠷ ᠤᠨ 7 | ᠴᠠᠭ ᠠᠴᠠ 2020 ᠣᠨ ᠤ 11 ᠰᠠᠷ᠎ᠠ ᠶᠢᠨ 21 ᠤ ᠡᠳᠦᠷ ᠤᠨ 16 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠰ ᠭᠠᠵᠠᠷ ᠤᠷᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢᠶᠠᠷ ᠤᠨᠤᠰᠢᠯᠠᠭᠳᠠᠭᠰᠠᠨ ᠡᠪᠡᠳᠴᠢᠲᠡᠨ ᠰᠢᠨ᠎ᠡ ᠪᠠᠷ 2 ᠨᠡᠮᠡᠭᠳᠡᠵᠦ᠂ ᠴᠥᠮ ᠬᠥᠯᠥᠨ ᠪᠤᠶᠢᠷ ᠤᠨ | ᠮᠠᠨᠵᠤᠤᠷ ᠬᠤᠲᠠ ᠳᠤ ᠢᠯᠡᠷᠡᠪᠡ᠃ ᠣᠳᠣᠬᠠᠨ ᠳᠤ᠂ ᠡᠨᠡ ᠬᠤᠶᠠᠷ ᠤᠨᠤᠰᠢᠯᠠᠭᠳᠠᠭᠰᠠᠨ ᠡᠪᠡᠳᠴᠢᠲᠡᠨ ᠵᠢᠴᠢ ᠲᠡᠳᠡᠨ | ᠲᠠᠢ ᠨᠢᠭᠲᠠ ᠬᠠᠷᠢᠯᠴᠠᠭᠰᠠᠨ ᠬᠥᠮᠦᠰ ᠲᠤ ᠴᠢᠭᠯᠡᠭᠦᠯᠦᠨ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠰᠢᠭᠰᠢᠨ | ᠪᠠᠶᠢᠴᠠᠭᠠᠯᠲᠠ ᠶᠢᠨ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠂ ᠵᠥᠪ ᠤᠨᠤᠪᠴᠢᠲᠠᠢ ᠰᠠᠶᠢᠲᠤᠷ ᠬᠢᠬᠦ ᠶᠢᠨ ᠲᠤᠰᠠᠳᠠ᠂ | ᠡᠳᠦᠭᠡ ᠳᠣᠣᠷᠠᠬᠢ ᠮᠡᠲᠦ ᠵᠠᠷᠯᠠᠶ᠎ᠠ᠄ | ᠨᠢᠭᠡ᠂ ᠣᠯᠠᠨ ᠳᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ᠂ ᠥᠨᠳᠥᠷ ᠵᠡᠷᠭᠡ ᠶᠢᠨ | ᠲᠦᠭᠰᠢᠭᠦᠷᠢᠲᠡᠢ ᠭᠠᠵᠠᠷ ᠣᠷᠣᠨ ᠤ ᠬᠥᠳᠡᠯᠦᠩᠭᠦᠶ ᠬᠤᠪᠢᠷᠠᠯᠲᠠ ᠶᠢ ᠦᠷᠭᠦᠯᠵᠢᠯᠡᠨ ᠠᠩᠬᠠᠷᠬᠤ ᠬᠡᠷᠡᠭᠲᠡᠶ᠃ 11 | ᠰᠠᠷ᠎ᠠ ᠶᠢᠨ 21 ᠤ ᠡᠳᠦᠷ ᠪᠣᠯᠲᠠᠯ᠎ᠠ᠂ ᠪᠥᠬᠦ ᠤᠯᠤᠰ ᠲᠤ 1 ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ | ᠂ 4 ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠪᠠᠶᠢᠨ᠎ᠠ᠃ ᠥᠨᠳᠥᠷ ᠵᠡᠷᠭᠡ ᠶᠢᠨ ᠲᠦᠭᠰᠢᠭᠦᠷᠢᠲᠡᠢ | ᠭᠠᠵᠠᠷ ᠣᠷᠣᠨ᠄ ᠲᠢᠶᠠᠨᠵᠢᠨ ᠬᠤᠲᠠ ᠶᠢᠨ ᠳ᠋ᠦᠩ ᠵᠢᠶᠠᠩ ᠭᠠᠷᠠᠮ ᠤᠨ ᠲᠣᠭᠤᠷᠢᠭ ᠤᠨ ᠬᠠᠨ ᠬᠠᠢ ᠰᠢᠤᠸᠠᠨ | ᠰᠠᠭᠤᠭᠠᠯᠢ ᠠᠷᠠᠳ ᠤᠨ ᠲᠣᠭᠤᠷᠢᠭ᠃ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ᠄ ᠲᠢᠶᠠᠨᠵᠢᠨ | ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠬᠠᠨ ᠬᠥ᠋ ᠵᠡᠭᠡᠯᠢ᠂ ᠪᠢᠨ ᠬᠠᠢ ᠰᠢᠨ᠎ᠡ ᠲᠣᠭᠤᠷᠢᠭ ᠤᠨ ᠵᠢᠭᠠᠰᠤᠨ | ᠭᠠᠷᠠᠮ ᠤᠨ ᠬᠦᠢᠲᠡᠨ ᠬᠡᠯᠬᠢᠶᠡᠨ ᠤ ᠪᠤᠳᠠᠰ ᠤᠨ ᠭᠦᠢᠯᠭᠡᠭᠡᠨ ᠤ ᠲᠣᠭᠤᠷᠢᠭ ᠤᠨ A ᠲᠣᠭᠤᠷᠢᠭ᠂ B ᠲᠣᠭᠤᠷᠢᠭ᠂ | ᠱᠠᠩᠬᠠᠶ ᠬᠤᠲᠠ ᠶᠢᠨ ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠶᠢᠩ ᠴᠢᠶᠠᠨ ᠲᠣᠰᠬᠤᠨ᠂ | ᠠᠨᠾᠦ᠋ᠢ ᠮᠤᠵᠢ ᠶᠢᠨ ᠹᠦᠶᠠᠩ ᠬᠤᠲᠠ ᠶᠢᠨ ᠶᠢᠩ ᠱᠠᠩ ᠰᠢᠶᠠᠨ ᠤ ᠱᠧᠨ ᠴᠧᠩ ᠪᠠᠯᠭᠠᠰᠤᠨ ᠤ ᠵᠠᠩ ᠶᠠᠩ | ᠰᠠᠭᠤᠭᠠᠯᠢ ᠠᠷᠠᠳ ᠤᠨ ᠲᠣᠭᠤᠷᠢᠭ᠃ | ᠬᠤᠶᠠᠷ᠂ 2020 ᠣᠨ ᠤ 11 ᠰᠠᠷ᠎ᠠ ᠶᠢᠨ 7 ᠤ ᠡᠳᠦᠷ ᠠᠴᠠ ᠬᠤᠶᠢᠰᠢ᠂ ᠮᠠᠨᠵᠤᠤᠷ ᠬᠤᠲᠠ ᠪᠣᠯᠤᠨ | ᠱᠠᠩᠬᠠᠶ᠂ ᠲᠢᠶᠠᠨᠵᠢᠨ᠂ ᠠᠨᠾᠦ᠋ᠢ ᠵᠡᠷᠭᠡ ᠬᠢᠵᠢᠭ ᠤᠨ ᠳᠤᠮᠳᠠ᠂ ᠥᠨᠳᠥᠷ ᠵᠡᠷᠭᠡ ᠶᠢᠨ ᠲᠦᠭᠰᠢᠭᠦᠷᠢᠲᠡᠶ ᠭᠠᠵᠠᠷ | ᠣᠷᠣᠨ ᠢᠶᠠᠷ ᠶᠠᠪᠤᠵᠦ ᠰᠠᠭᠤᠭᠰᠠᠨ ᠥᠩᠭᠡᠷᠡᠭᠡᠯᠲᠡ ᠲᠠᠢ ᠬᠥᠮᠦᠰ ᠠᠯᠪᠠᠨ ᠵᠠᠷᠯᠠᠯ ᠨᠡᠶᠢᠲᠡᠯᠡᠭᠰᠡᠨ ᠡᠳᠦᠷ ᠠᠴᠠ | ᠡᠬᠢᠯᠡᠨ 24 ᠴᠠᠭ ᠤᠨ ᠳᠤᠲᠤᠷ᠎ᠠ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠪᠣᠯᠤᠨ | ᠪᠠᠶᠢᠭᠤᠯᠭ᠎ᠠ ᠨᠢᠭᠡᠴᠡ ᠳᠤ ᠪᠠᠨ ᠰᠠᠨᠠᠭᠠᠴᠢᠯᠠᠭ᠎ᠠ ᠠᠴᠠ ᠪᠠᠨ ᠳᠠᠩᠰᠠᠯᠠᠭᠤᠯᠵᠤ ᠮᠡᠳᠡᠬᠦᠯᠬᠦ ᠬᠡᠷᠡᠭᠳᠡᠢ᠃ ᠳᠡᠭᠡᠷ᠎ᠡ | ᠳᠤᠷᠠᠳᠤᠭᠰᠠᠨ ᠬᠦᠮᠦᠰ 7 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ | ᠮᠡᠳᠡᠭᠦᠯᠦᠯᠲᠡ ᠲᠠᠢ ᠮᠦᠷᠳᠡᠭᠡᠨ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠵᠦ᠂ ᠬᠤᠪᠢ ᠬᠥᠮᠦᠨ ᠤ ᠬᠠᠮᠠᠭᠠᠯᠠᠯᠲᠠ ᠶᠢᠨ | ᠠᠵᠢᠯ ᠢ ᠰᠠᠶᠢᠲᠤᠷ ᠬᠢᠭᠰᠡᠨ ᠤᠷᠢᠳᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠶᠢ ᠬᠠᠩᠭᠠᠵᠤ ᠴᠢᠳᠠᠬᠤ ᠦᠭᠡᠢ | ᠬᠥᠮᠦᠰ ᠢ ᠲᠡᠷᠡ ᠳᠠᠷᠤᠢ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ | ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠮᠥᠷᠲᠡᠭᠡᠨ ᠪᠡᠶ᠎ᠡ ᠶᠢᠨ | ᠳᠤᠯᠠᠭᠠᠨ ᠨᠢ ᠬᠡᠪ ᠤᠨ ᠪᠠᠶᠢᠪᠠᠯ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ ᠮᠠᠨᠵᠤᠤᠷ ᠪᠣᠯᠤᠨ | ᠬᠢᠵᠢᠭ ᠤᠨ ᠳᠤᠮᠳᠠ᠂ ᠥᠨᠳᠥᠷ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ | ᠢᠷᠡᠵᠦ ︵ᠪᠤᠴᠠᠭᠰᠠᠨ︶ ᠬᠦᠮᠦᠰ ᠲᠠᠢ ᠬᠠᠷᠢᠯᠴᠠᠵᠤ ᠥᠩᠭᠡᠷᠡᠭᠰᠡᠨ ᠬᠦᠮᠦᠰ ᠪᠠᠶᠢᠪᠠᠯ ᠲᠤᠰ ᠪᠡᠶ᠎ᠡ ᠶᠢᠨ ᠡᠷᠡᠭᠦᠯ | ᠮᠡᠨᠳᠦ ᠶᠢᠨ ᠠᠵᠢᠭᠯᠠᠯᠲᠠ ᠪᠠᠨ ᠴᠠᠭ ᠲᠤᠬᠠᠶ ᠳᠤᠨᠢ ᠰᠠᠶᠢᠲᠤᠷ ᠬᠢᠵᠦ᠂ ᠬᠡᠷᠪᠡ ᠬᠡᠪ ᠤᠨ ᠪᠤᠰᠤ ᠪᠠᠶᠢᠳᠠᠯ ᠢᠯᠡᠷᠡᠪᠡᠯ | ᠴᠠᠭ ᠲᠤᠬᠠᠶ ᠳᠤᠨᠢ ᠡᠮᠴᠢᠯᠡᠭᠦᠯᠬᠦ ᠬᠡᠷᠡᠭᠲᠡᠶ᠃ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠠᠴᠠ | ᠪᠣᠯᠵᠤ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠣᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠡᠯ᠎ᠡ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠨᠢ ᠡᠳᠦᠷ ᠲᠤᠲᠤᠮ ᠤᠨ | ᠲᠤᠤᠷᠴᠢᠯᠠᠭᠰᠠᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠮᠠᠨᠵᠤᠤᠷ ᠬᠤᠲᠠ ᠪᠠ ᠱᠠᠩᠬᠠᠶ᠂ ᠲᠢᠶᠠᠨᠵᠢᠨ | ᠂ ᠠᠨᠾᠦ᠋ᠢ ᠵᠡᠷᠭᠡ ᠬᠢᠵᠢᠭ ᠤᠨ ᠳᠤᠮᠳᠠ᠂ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ | ᠬᠤᠰᠢᠭᠤᠨ ᠳᠤ ᠢᠷᠡᠭᠰᠡᠨ ᠬᠥᠮᠦᠰ ᠢ ᠰᠢᠭᠰᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ 24 ᠴᠠᠭ ᠤᠨ | ᠳᠣᠲᠣᠷ᠎ᠠ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠶᠢᠨ ᠬᠠᠮᠲᠤ ᠴᠠᠭ ᠲᠤᠬᠠᠶ ᠳᠤᠨᠢ ᠳᠠᠩᠰᠠᠯᠠᠨ | ᠲᠡᠮᠳᠡᠭᠯᠡᠵᠦ᠂ ᠳᠡᠭᠡᠭᠰᠢ ᠮᠡᠳᠡᠭᠦᠯᠬᠦ ᠬᠡᠷᠡᠭᠲᠡᠶ᠃ ᠮᠠᠰᠢᠨ ᠲᠡᠷᠭᠡᠨ ᠥᠷᠲᠡᠭᠡ᠂ ᠭᠠᠯᠲᠤ ᠲᠡᠷᠭᠡᠨ ᠥᠷᠲᠡᠭᠡ᠂ ᠪᠠᠭᠤᠳᠠᠯ | ᠂ ᠬᠤᠳᠠᠯᠳᠤᠭᠠᠨ ᠤ ᠲᠠᠯᠠᠪᠠᠢ᠂ ᠬᠡᠲᠦ ᠳᠡᠯᠭᠡᠭᠦᠷ᠂ ᠺᠢᠨᠣ᠋ ᠶᠢᠨ ᠣᠷᠳᠣᠨ ᠵᠡᠷᠭᠡ ᠭᠤᠤᠯᠳᠠᠯᠭ᠎ᠠ ᠲᠠᠢ ᠭᠠᠵᠠᠷ ᠨᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠰᠠᠶᠢᠳᠤᠷ ᠡᠭᠦᠷᠭᠡᠯᠡᠵᠦ᠂ ᠭᠠᠳᠠᠨ᠎ᠠ ᠠᠴᠠ ᠢᠷᠡᠭᠰᠡᠨ ᠬᠥᠮᠦᠰ ᠤᠨ | ᠡᠷᠡᠭᠦᠯ ᠮᠡᠨᠳᠦ ᠶᠢᠨ ᠺᠣᠳ᠋ ᠶᠢ ᠰᠢᠯᠭᠠᠨ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠵᠡᠷᠭᠡ | ᠠᠵᠢᠯ ᠢ ᠬᠢᠨᠠᠮᠠᠭᠠᠢ ᠰᠠᠶᠢᠨ ᠬᠢᠵᠦ᠂ ᠳᠡᠭᠡᠷ᠎ᠡ ᠳᠤᠷᠠᠳᠤᠭᠰᠠᠨ ᠬᠥᠮᠦᠰ ᠢ ᠣᠯᠵᠤ ᠮᠡᠳᠡᠪᠡᠯ ᠬᠠᠮᠤᠭ ᠲᠡᠷᠢᠭᠦᠨ ᠳᠤ | ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠮᠡᠳᠡᠭᠦᠯᠬᠦ ᠬᠡᠷᠡᠭᠲᠡᠶ᠃ ᠡᠯ᠎ᠡ ᠠᠵᠤ ᠠᠬᠤᠶᠢᠯᠠᠯ | ᠂ ᠠᠵᠢᠯ ᠦᠢᠯᠡᠰ ᠤᠨ ᠨᠢᠭᠡᠴᠡ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠳᠣᠲᠣᠭᠠᠳᠤ ᠶᠢᠨ ᠪᠠᠶᠢᠴᠠᠭᠠᠯᠲᠠ ᠪᠠᠨ ᠪᠦᠬᠦ ᠲᠠᠯ᠎ᠠ ᠪᠠᠷ ᠥᠷᠨᠢᠭᠦᠯᠦᠨ᠂ ᠠᠵᠢᠯᠲᠠᠨ ᠤ ᠡᠷᠡᠭᠦᠯ ᠮᠡᠨᠳᠦ ᠶᠢ ᠬᠢᠨᠠᠨ | ᠬᠡᠮᠵᠢᠬᠦ ᠶᠢ ᠰᠠᠶᠢᠲᠤᠷ ᠬᠢᠵᠦ᠂ ᠪᠠᠶᠢᠴᠠᠭᠠᠨ ᠢᠯᠡᠷᠡᠭᠦᠯᠦᠭᠰᠡᠨ ᠭᠤᠤᠯᠳᠠᠯᠭ᠎ᠠ ᠲᠠᠢ ᠬᠥᠮᠦᠰ ᠢ ᠳᠠᠩᠰᠠᠯᠠᠨ ᠮᠡᠳᠡᠭᠦᠯᠬᠦ | ᠬᠡᠷᠡᠭᠲᠡᠶ᠃ | ᠳᠥᠷᠪᠡ᠂ ᠡᠮᠴᠢᠯᠡᠭᠡᠨ ᠤ ᠪᠠᠶᠢᠭᠤᠯᠤᠮᠵᠢ ᠨᠢ ᠠᠩᠬᠠᠨ ᠤ ᠡᠮᠴᠢᠯᠡᠭᠡᠨ ᠤ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ ᠪᠠ ᠬᠠᠯᠠᠭᠤᠷᠠᠭᠰᠠᠨ ᠡᠪᠡᠳᠴᠢᠲᠡᠨ ᠢ | ᠬᠦᠯᠢᠶᠡᠨ ᠠᠪᠬᠤ ᠡᠭᠦᠳᠡᠨ ᠡᠮᠨᠡᠯᠭᠡ ᠶᠢᠨ ᠠᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠠᠷᠢᠭᠤᠳᠬᠠᠬᠤ᠂ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠪᠠ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠯᠲᠠ ᠵᠡᠷᠭᠡ ᠶᠢ ᠰᠠᠶᠢᠳᠤᠷ ᠨᠠᠶᠢᠳᠠᠪᠤᠷᠢᠵᠢᠭᠤᠯᠤᠨ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ | ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ᠳᠡᠭᠡᠭᠰᠢ ᠮᠡᠳᠡᠭᠦᠯᠦᠨ | ᠰᠢᠢᠳᠪᠦᠷᠢᠯᠡᠬᠦ ᠬᠡᠷᠡᠭᠲᠡᠶ᠃ | ᠲᠠᠪᠤ᠂ ᠥᠷᠭᠡᠨ ᠣᠯᠠᠨ ᠰᠠᠭᠤᠭᠠᠯᠢ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ | ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠣᠨᠴᠠᠭᠠᠢ ᠤᠴᠢᠷ ᠦᠭᠡᠢ ᠪᠣᠯ ᠤᠴᠢᠬᠤ ᠦᠭᠡᠢ ᠪᠠᠶᠢᠵᠤ᠂ ᠦᠨᠡᠨᠬᠦ | ᠣᠴᠢᠬᠤ ᠴᠢᠬᠤᠯᠠ ᠲᠠᠢ ᠪᠣᠯ ᠬᠠᠷᠢᠶᠠᠯᠠᠭᠳᠠᠬᠤ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠪᠣᠯᠤᠨ | ᠪᠠᠶᠢᠭᠤᠯᠭ᠎ᠠ ᠨᠢᠭᠡᠴᠡ ᠳᠡᠭᠡᠨ ᠴᠠᠭ ᠲᠤᠬᠠᠶ ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠪᠤᠴᠠᠵᠦ | ᠢᠷᠡᠬᠦ ᠠᠴᠠ ᠪᠠᠨ ᠡᠮᠦᠨ᠎ᠡ ᠰᠠᠭᠤᠭ᠎ᠠ ᠭᠠᠵᠠᠷ ᠤᠨ ᠢᠶᠠᠨ ᠬᠠᠷᠢᠶᠠᠯᠠᠭᠳᠠᠬᠤ ᠰᠤᠮᠤ ᠪᠠᠯᠭᠠᠰᠤ᠂ ᠭᠠᠴᠠᠭ᠎ᠠ ︵ᠨᠡᠶᠢᠭᠡᠮ | ᠲᠣᠭᠤᠷᠢᠭ︶ ᠪᠣᠯᠤᠨ ᠪᠠᠶᠢᠭᠤᠯᠭ᠎ᠠ ᠨᠢᠭᠡᠴᠡ ᠳᠤ ᠪᠠᠨ ᠬᠦᠷᠴᠦ ᠢᠷᠡᠬᠦ ᠡᠳᠦᠷ ᠬᠤᠭᠤᠴᠠᠭ᠎ᠠ ᠪᠠᠨ | ᠰᠠᠨᠠᠭᠠᠴᠢᠯᠠᠭ᠎ᠠ ᠠᠴᠠ ᠪᠠᠨ ᠮᠡᠳᠡᠬᠦᠯᠬᠦ ᠶᠢᠨ ᠬᠠᠮᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ | ᠨᠠᠶᠢᠳᠠᠪᠤᠷᠢᠵᠢᠭᠤᠯᠬᠤ ᠬᠡᠷᠡᠭᠲᠡᠢ᠃ | ᠵᠢᠷᠭᠤᠭ᠎ᠠ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ | ᠬᠢᠮᠤᠷᠠᠭ᠎ᠠ ᠲᠠᠭᠰᠢᠭᠤᠷ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ | ᠮᠠᠰᠢ ᠪᠦᠲᠦᠮᠵᠢᠲᠡᠢ ᠠᠷᠭ᠎ᠠ ᠬᠡᠮᠵᠢᠶ᠎ᠡ ᠪᠣᠯᠤᠨ᠎ᠠ᠃ ᠥᠷᠭᠡᠨ ᠣᠯᠠᠨ ᠰᠠᠭᠤᠭᠠᠯᠢ ᠠᠷᠠᠳ ᠠᠮᠠᠪᠴᠢ ᠵᠡᠭᠦᠬᠦ᠂ | ᠭᠠᠷ ᠢᠶᠠᠨ ᠰᠠᠶᠢᠳᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ | ᠬᠡᠷᠡᠭᠯᠡᠬᠦ᠂ ᠴᠤᠭᠯᠠᠷᠠᠬᠤ ᠥᠬᠡᠶ ᠵᠡᠷᠭᠡ ᠰᠠᠶᠢᠨ ᠰᠠᠶᠢᠬᠠᠨ ᠠᠮᠢᠳᠤᠷᠠᠯ ᠤᠨ ᠡᠷᠡᠭᠦᠯ ᠬᠠᠮᠠᠭᠠᠯᠠᠯ ᠤᠨ ᠳᠠᠳᠬᠠᠯ ᠲᠠᠢ | ᠪᠣᠯᠬᠤ ᠬᠡᠷᠡᠭᠲᠡᠶ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ᠂ ᠬᠤᠷᠠᠯ ᠳᠤ ᠣᠷᠣᠯᠴᠠᠬᠤ | ᠪᠠ ᠰᠤᠷᠭᠠᠭᠤᠯᠢ᠂ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ᠂ ᠺᠢᠨᠣ᠋ ᠶᠢᠨ ᠣᠷᠳᠣᠨ᠂ ᠲᠠᠷᠢᠶᠠᠯᠠᠩ | ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠬᠦᠮᠦᠨ ᠤᠯᠠᠨ | ᠴᠤᠭᠯᠠᠷᠠᠬᠤ ᠣᠯᠠᠨ ᠨᠡᠶᠢᠲᠡ ᠶᠢᠨ ᠲᠠᠯᠠᠪᠤᠷ ᠲᠤ ᠬᠦᠷᠪᠡᠯ ᠤᠬᠠᠮᠰᠠᠷ ᠠᠴᠠ ᠪᠠᠨ ᠠᠮᠠᠪᠴᠢ ᠵᠡᠭᠦᠵᠦ᠂ ᠪᠡᠶ᠎ᠡ ᠶᠢᠨ | ᠳᠤᠯᠠᠭᠠᠨ ᠢᠶᠠᠨ ᠬᠡᠮᠵᠢᠭᠦᠯᠦᠨ᠂ ᠡᠷᠡᠭᠦᠯ ᠮᠡᠨᠳᠦ ᠶᠢᠨ ᠺᠣᠳ᠋ ᠢᠶᠠᠨ ᠰᠢᠯᠭᠠᠭᠤᠯᠬᠤ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠯᠴᠠᠬᠤ ᠤᠲᠠᠰᠤ᠄ 0479 — | 3529347 | | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ | ᠠᠵᠢᠯ ᠤᠨ ᠵᠢᠯᠣᠭᠤᠳᠬᠤ ᠬᠡᠯᠲᠡᠰ | 2020 ᠣᠨ ᠤ 11 ᠰᠠᠷ᠎ᠠ ᠶᠢᠨ 22 ᠤᠨ ᠡᠳᠦᠷ | |