锡林郭勒盟365bet知乎_365bet官方体育投注_365bet娱乐场平台珠穆沁旗 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ 2020 ᠣᠨ ᠤ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠡᠷᠦᠬᠡ ᠶᠢᠨ ᠬᠢᠨᠠᠨ ᠳᠣᠭᠳᠠᠭᠠᠯᠳᠠ ᠶᠢᠨ ᠠᠵᠢᠯ ᠢ ᠯᠠᠪᠳᠠᠭᠤᠨ ᠪᠠᠲᠦᠳᠠᠢ ᠠᠬᠢᠭᠤᠯᠵᠦ ᠪᠠᠶᠢᠨ᠎ᠠ
        ᠨᠡᠶᠢᠲᠡᠯᠡᠭᠰᠡᠨ ᠴᠠᠭ᠄
        2020/12/3
           ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ 2020 ᠣᠨ ᠤ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠡᠷᠦᠬᠡ ᠶᠢᠨ ᠬᠢᠨᠠᠨ ᠳᠣᠭᠳᠠᠭᠠᠯᠳᠠ ᠶᠢᠨ ᠠᠵᠢᠯ ᠢ ᠯᠠᠪᠳᠠᠭᠤᠨ ᠪᠠᠲᠦᠳᠠᠢ ᠠᠬᠢᠭᠤᠯᠵᠦ ᠪᠠᠶᠢᠨ᠎ᠠ                        2020 ᠣᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ  ᠨᠢ ᠪᠦᠬᠦ ᠬᠤᠰᠢᠭᠤᠨ ᠤ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠡᠷᠦᠬᠡ ᠶᠢᠨ ᠬᠠᠮᠢᠶᠠᠷᠣᠯᠳᠠ ᠶᠢᠨ ᠠᠵᠢᠯ ᠢ ᠣᠯᠠᠮ ᠨᠢᠬᠡ ᠠᠯᠬᠤᠮ ᠰᠢᠰᠲ᠋ᠧᠮᠵᠢᠬᠦᠯᠵᠦ᠂ ᠳᠣᠣᠷ᠎ᠠ ᠪᠠᠲᠦᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠶᠠᠳᠠᠭᠤ ᠠᠴᠠ ᠠᠩᠬᠢᠵᠢᠷᠠᠭᠤᠯᠵᠦ ᠪᠣᠭᠤᠮᠳᠠ ᠰᠢᠪᠳᠣᠯᠬᠤ ᠳᠠᠶᠢᠯᠠᠯᠳᠣᠭᠠᠨ ᠳᠤ ᠦᠵᠡᠬᠦᠯᠬᠦ ᠦᠢᠯᠡᠳᠦᠯ ᠢ ᠬᠦᠢᠴᠡᠳ ᠪᠠᠳᠠᠷᠠᠭᠤᠯᠣᠨ ᠂ ᠡᠯ᠎ᠡ ᠰᠣᠮᠣ ᠪᠠᠯᠭᠠᠰᠦᠨ ᠤ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ᠂ ᠭᠤᠷᠪᠠᠳᠣᠭᠠᠷ ᠡᠳᠡᠬᠡᠳ ᠤᠨ ᠬᠢᠨᠠᠨ ᠪᠣᠳᠣᠬᠤ ᠲᠥᠪ ᠵᠢᠴᠢ ᠭᠠᠴᠠᠭ᠎ᠠ᠂ ᠨᠡᠶᠢᠬᠡᠮ ᠲᠣᠭᠤᠷᠢᠭ ᠲᠠᠢ ᠨᠢᠭᠳᠠ ᠬᠠᠷᠢᠯᠴᠠᠨ᠂ ᠪᠦᠬᠦ ᠬᠤᠰᠢᠭᠤᠨ ᠤ 2020 ᠣᠨ ᠤ ᠬᠤᠳᠠ ᠪᠠᠯᠭᠠᠰᠦᠨ ᠤ ᠳᠣᠣᠷ᠎ᠠ  ᠪᠠᠲᠦᠯᠠᠭᠠᠳᠦ ᠡᠷᠦᠬᠡ ᠶᠢᠨ ᠬᠢᠨᠠᠨ ᠳᠣᠭᠳᠠᠭᠠᠯᠳᠠ ᠶᠢᠨ ᠠᠵᠢᠯ ᠢ ᠥᠷᠨᠢᠬᠦᠯᠦᠭᠰᠡᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠨᠢ ᠲᠥᠪ ᠭᠤᠣᠯᠴᠢ᠂ ᠡᠷᠬᠡ ᠳᠡᠭᠰᠢ᠂ ᠢᠯᠡ ᠨᠡᠶᠢᠳᠡᠯᠡᠬᠦ ᠵᠠᠷᠴᠢᠮ ᠶᠣᠰᠣᠭᠠᠷ᠂ ᠳᠣᠣᠷ᠎ᠠ ᠪᠠᠲᠦᠯᠠᠭ᠎ᠠ ᠶᠢᠨ ᠪᠠᠷᠢᠮᠵᠢᠶ᠎ᠡ ᠶᠢ  ᠴᠢᠩᠭ᠎ᠠ ᠠᠳᠬᠤᠵᠣ᠂ ᠬᠢᠨᠠᠨ ᠵᠦᠪᠰᠢᠶᠡᠷᠡᠬᠦᠯᠬᠦ ᠶᠠᠪᠣᠴᠠ ᠶᠢ ᠳᠥᠷᠢᠮᠵᠢᠬᠦᠯᠦᠨ᠂ ᠣᠨ ᠤ ᠬᠢᠨᠠᠨ ᠳᠣᠭᠳᠠᠭᠠᠯᠳᠠ ᠶᠢᠨ ᠠᠵᠢᠯ ᠢ ᠡᠷᠦᠬᠡ ᠳᠤ ᠣᠷᠣᠨ ᠰᠣᠷᠪᠣᠯᠵᠢᠯᠠᠬᠤ ᠶᠠᠪᠣᠴᠠ ᠪᠠᠷ ᠳᠠᠮᠵᠢᠨ ᠬᠦᠢᠴᠡᠳᠬᠡᠵᠦ᠂ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠡᠷᠦᠬᠡ ᠶᠢᠨ ᠪᠣᠳᠠᠳᠠᠢ ᠠᠵᠢᠯ ᠠᠮᠢᠳᠣᠷᠠᠯ ᠤᠨ ᠪᠠᠶᠢᠳᠠᠯ ᠢ ᠨᠠᠷᠢᠨ ᠣᠶᠢᠯᠭᠠᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠳᠡᠢ ᠣᠯᠠᠨ ᠲᠦᠮᠡᠨ ᠤ ᠳᠣᠮᠳᠠ ᠬᠦᠷᠬᠡᠨ᠂ ᠳᠡᠳᠡᠨᠡᠷ ᠲᠤ ᠣᠯᠣᠰ ᠤᠨ ᠲᠦᠷᠦ  ᠶᠢᠨ ᠪᠣᠳᠣᠯᠭ᠎ᠠ ᠶᠢᠨ ᠬᠠᠷᠠᠭᠠᠯᠵᠠᠯ ᠢ ᠡᠳ᠋ᠯᠡᠬᠦᠯᠦᠭᠰᠡᠨ ᠪᠠᠶᠢᠨ᠎ᠠ᠃     2020 ᠣᠨ ᠤ 11 ᠰᠠᠷ᠎ᠠ ᠶᠢᠨ ᠡᠴᠦᠰ ᠪᠣᠯᠳᠠᠯ᠎ᠠ᠂ ᠪᠦᠬᠦ ᠬᠤᠰᠢᠭᠤᠨ ᠤ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠡᠷᠦᠬᠡ ᠨᠢ ᠪᠦᠬᠦ ᠨᠡᠶᠢᠳᠡ 2245 ᠡᠷᠦᠬᠡ ᠶᠢᠨ 3787 ᠬᠦᠮᠦᠨ ᠪᠠᠶᠢᠵᠦ᠂ 1 — 11 ᠰᠠᠷ᠎ᠠ ᠪᠣᠯᠳᠠᠯ᠎ᠠ ᠪᠦᠬᠦ ᠨᠡᠶᠢᠳᠡ 1596.6 ᠲᠦᠮᠡᠨ ᠲᠦᠬᠦᠷᠢᠭ ᠤᠨ ᠳᠣᠣᠷ᠎ᠠ ᠪᠠᠲᠦᠯᠠᠭ᠎ᠠ ᠶᠢᠨ ᠮᠦᠩᠭᠦ ᠳᠠᠷᠬᠠᠭᠠᠵᠦ᠂ 85.5 ᠲᠦᠮᠡᠨ ᠲᠦᠬᠦᠷᠢᠭ ᠤᠨ ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠪᠠᠭᠤᠯᠭᠠᠭᠰᠠᠨ ᠪᠠᠶᠢᠨ᠎ᠠ᠃ ᠬᠦᠳᠡᠯᠦᠩᠭᠦᠢ ᠬᠠᠮᠢᠶᠠᠷᠣᠯᠳᠠ ᠶᠢᠨ ᠪᠠᠷᠢᠮᠵᠢᠶ᠎ᠡ ᠶᠣᠰᠣᠭᠠᠷ᠂  ᠳᠣᠣᠷ᠎ᠠ ᠪᠠᠲᠦᠯᠠᠭ᠎ᠠ ᠶᠢᠨ ᠪᠠᠷᠢᠮᠵᠢᠶ᠎ᠡ ᠳᠤ ᠨᠡᠶᠢᠴᠡᠬᠦ ᠦᠬᠡᠢ 187 ᠡᠷᠦᠬᠡ ᠶᠢᠨ 317 ᠬᠦᠮᠦᠨ ᠢ ᠳᠣᠣᠷ᠎ᠠ ᠪᠠᠲᠦᠯᠠᠭ᠎ᠠ ᠠᠴᠠ ᠭᠠᠷᠭᠠᠵᠦ᠂ 119 ᠡᠷᠦᠬᠡ ᠶᠢᠨ 203 ᠬᠦᠮᠦᠨ ᠢ ᠰᠢᠨ᠎ᠡ ᠪᠠᠷ ᠳᠣᠣᠷ᠎ᠠ ᠪᠠᠲᠦᠯᠠᠭ᠎ᠠ ᠶᠢᠨ ᠬᠠᠷᠠᠭᠠᠯᠵᠠᠯ ᠬᠦᠷᠳᠡᠬᠡᠭᠰᠡᠨ ᠪᠠᠶᠢᠨ᠎ᠠ᠃    ᠡᠬᠦᠨ ᠤ ᠬᠠᠮᠳᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠨᠢ ᠶᠠᠳᠠᠭᠤ ᠠᠴᠠ ᠠᠩᠬᠢᠵᠢᠷᠠᠭᠤᠯᠵᠦ ᠪᠣᠭᠤᠮᠳᠠ ᠰᠢᠪᠳᠣᠯᠬᠤ ᠠᠵᠢᠯ ᠳᠤ ᠦᠵᠡᠬᠦᠯᠬᠦ ᠪᠠᠲᠦᠯᠠᠭ᠎ᠠ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠣᠨ᠂ ᠨᠡᠶᠢᠬᠡᠮ ᠤᠨ ᠳᠣᠰᠠᠯᠠᠮᠵᠢ ᠶᠢᠨ ᠲᠦᠷᠦ ᠶᠢᠨ ᠪᠣᠳᠣᠯᠭ᠎ᠠ ᠪᠠ ᠶᠠᠳᠠᠭᠤ ᠶᠢ ᠳᠡᠳᠬᠦᠬᠦ ᠨᠡᠬᠡᠬᠡᠨ ᠬᠦᠭᠵᠢᠬᠦᠯᠬᠦ ᠲᠦᠷᠦ ᠶᠢᠨ ᠪᠣᠳᠣᠯᠭ᠎ᠠ   ᠶᠢᠨ ᠵᠣᠯᠭᠠᠯᠴᠠᠯ ᠢ ᠠᠬᠢᠭᠤᠯᠣᠨ᠂ ᠵᠢᠯ ᠪᠦᠷᠢ ᠪᠦᠬᠦ ᠬᠤᠰᠢᠭᠤᠨ ᠤ ᠳᠠᠩᠰᠠᠯᠠᠵᠦ ᠺᠠᠷᠳ᠋ᠴᠢᠯᠠᠭᠰᠠᠨ ᠶᠠᠳᠠᠭᠤ ᠬᠦᠴᠢᠷᠳᠡᠯᠳᠡᠢ ᠡᠷᠦᠬᠡ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ᠨᠦᠬᠦᠴᠡᠯ ᠳᠤ ᠨᠡᠶᠢᠴᠡᠬᠦ ᠳᠠᠩᠰᠠᠯᠠᠵᠦ ᠺᠠᠷᠳ᠋ᠴᠢᠯᠠᠭᠰᠠᠨ ᠶᠠᠳᠠᠭᠤ ᠬᠦᠴᠢᠷᠳᠡᠯᠳᠡᠢ ᠡᠷᠦᠬᠡ ᠶᠢ ᠴᠠᠭ ᠳᠣᠬᠠᠢ ᠳᠤᠨᠢ ᠳᠣᠣᠷ᠎ᠠ ᠪᠠᠲᠦᠯᠠᠭ᠎ᠠ ᠶᠢᠨ ᠪᠠᠷᠢᠮᠵᠢᠶᠡᠨ ᠳᠤ ᠣᠷᠣᠭᠤᠯᠣᠨ᠂  ᠡᠨᠡ ᠨᠢ  ᠣᠳᠣᠬᠠᠨ ᠪᠣᠯᠳᠠᠯ᠎ᠠ᠂  ᠪᠦᠬᠦ ᠬᠤᠰᠢᠭᠤᠨ  ᠤ ᠳᠠᠩᠰᠠᠯᠠᠵᠦ ᠺᠠᠷᠳ᠋ᠴᠢᠯᠠᠭᠰᠠᠨ ᠳᠣᠣᠷ᠎ᠠ ᠪᠠᠲᠦᠯᠠᠭ᠎ᠠ ᠶᠢᠨ ᠶᠠᠳᠠᠭᠤ ᠬᠦᠴᠢᠷᠳᠡᠯᠳᠡᠢ ᠡᠷᠦᠬᠡ ᠪᠦᠬᠦ ᠨᠡᠶᠢᠳᠡ 51 ᠡᠷᠦᠬᠡ ᠶᠢᠨ 123 ᠬᠦᠮᠦᠨ ᠪᠠᠶᠢᠵᠣ᠂ ᠪᠦᠬᠦ ᠬᠤᠰᠢᠭᠤᠨ ᠤ ᠳᠠᠩᠰᠠᠯᠠᠵᠦ ᠺᠠᠷᠳ᠋ᠴᠢᠯᠠᠭᠰᠠᠨ ᠶᠠᠳᠠᠭᠤ ᠬᠦᠴᠢᠷᠳᠡᠯᠳᠡᠢ ᠡᠷᠦᠬᠡ ᠶᠢᠨ 11% ᠶᠢ ᠡᠵᠡᠯᠡᠨ᠎ᠡ᠃     ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠨᠢ ᠦᠷᠬᠦᠯᠵᠢᠯᠡᠨ᠂ ᠬᠤᠰᠢᠭᠤ᠂ ᠰᠣᠮᠣ ᠪᠠᠯᠭᠠᠰᠦ᠂ ᠭᠠᠴᠠᠭ᠎ᠠ᠂ ᠨᠡᠶᠢᠬᠡᠮ ᠲᠣᠭᠤᠷᠢᠭ ᠤᠨ ᠬᠠᠮᠳᠣᠷᠠᠯᠴᠠᠭ᠎ᠠ ᠶᠢ ᠠᠬᠢᠭᠤᠯᠵᠦ᠂ ᠢᠳᠡᠪᠬᠢᠳᠠᠢ ᠪᠠᠷ ᠰᠣᠷᠠᠭ ᠵᠠᠩᠬᠢ ᠴᠣᠭᠯᠠᠭᠤᠯᠣᠨ᠂ ᠪᠠᠶᠢᠴᠠᠭᠠᠯᠳᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠪᠠᠶᠢᠩᠭᠤ ᠶᠢᠨ ᠳᠣᠭᠳᠠᠯᠴᠠᠭ᠎ᠠ ᠶᠢ ᠪᠠᠶᠢᠭᠤᠯᠣᠨ᠂ ᠳᠣᠣᠷ᠎ᠠ ᠪᠠᠲᠦᠯᠠᠭ᠎ᠠ ᠶᠢᠨ ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠳᠡᠢ ᠡᠷᠦᠬᠡ ᠶᠢ ᠪᠦᠬᠦᠨ ᠢ ᠪᠠᠲᠦᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠬᠤ  ᠪᠠᠷ ᠪᠠᠶᠢᠨ᠎ᠠ᠃ ᠡᠬᠦᠨ ᠤ ᠬᠠᠮᠳᠦ᠂ ᠳᠣᠣᠷ᠎ᠠ ᠪᠠᠲᠦᠯᠠᠭᠠᠳᠦ ᠭᠡᠷ ᠪᠦᠯᠢ ᠶᠢᠨ ᠬᠦᠳᠡᠯᠦᠩᠭᠦᠢ ᠬᠠᠮᠢᠶᠠᠷᠣᠯᠳᠠ ᠶᠢᠨ ᠡᠷᠴᠢᠮ ᠢ ᠴᠢᠩᠭᠠᠳᠬᠠᠵᠦ᠂ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠭᠡᠷ ᠪᠦᠯᠢ ᠶᠢᠨ ᠠᠵᠦ ᠠᠬᠤᠢ ᠶᠢᠨ ᠪᠠᠶᠢᠳᠠᠯ ᠢ ᠴᠠᠭ ᠳᠣᠬᠠᠢ ᠳᠤᠨᠢ ᠬᠢᠨᠠᠨ ᠡᠵᠡᠮᠳᠡᠵᠦ᠂ ᠬᠤᠳᠠ ᠪᠠᠯᠭᠠᠰᠦᠨ ᠤ ᠳᠣᠣᠷ᠎ᠠ ᠪᠠᠲᠦᠯᠠᠭᠠᠳᠦ ᠡᠷᠦᠬᠡ ᠶᠢᠨ ᠳᠥᠷᠢᠮᠵᠢᠭᠰᠡᠨ ᠬᠠᠮᠢᠶᠠᠷᠣᠯᠳᠠ ᠶᠢ ᠪᠡᠶᠡᠯᠡᠬᠦᠯᠦᠨ᠂ ᠳᠣᠣᠷ᠎ᠠ ᠪᠠᠲᠦᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠦᠨᠳᠦᠰᠦᠨ ᠱᠠᠳᠦᠨ ᠳᠤ ᠦᠨᠡᠨᠬᠦ ᠨᠠᠶᠢᠳᠠᠪᠣᠷᠢᠵᠢᠭᠤᠯᠬᠤ ᠶᠢ ᠪᠠᠲᠦᠳᠠᠢ ᠴᠢᠩᠭ᠎ᠠ ᠠᠳᠬᠤᠬᠤ ᠪᠠᠷ ᠪᠠᠶᠢᠨ᠎ᠠ᠃   ᠰᠣᠷᠪᠣᠯᠵᠢᠯᠠᠭ᠎ᠠ᠄    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶᠠᠨ ᠤ ᠳᠣᠣᠷ᠎ᠠ ᠪᠠᠲᠦᠯᠠᠭ᠎ᠠ ᠶᠢᠨ ᠰᠠᠯᠠᠭᠠᠨ ᠤ ᠰᠠᠯᠠᠭᠠᠨ ᠳᠠᠷᠤᠭ᠎ᠠ᠂ ᠲᠡᠬᠦᠰᠪᠢᠯᠢᠭ᠄ ︽ᠥᠨᠥ ᠵᠢᠯ ᠤᠨ ᠲᠠᠪᠣᠳᠣᠭᠠᠷ ᠰᠠᠷ᠎ᠠ ᠠᠴᠠ ᠨᠠᠰᠢ᠂ ᠮᠠᠨ ᠤ ᠲᠣᠪᠴᠢᠶ᠎ᠠ ᠨᠢ ᠡᠯ᠎ᠡ ᠰᠣᠮᠣ ᠪᠠᠯᠭᠠᠰᠦᠨ ᠤ ᠠᠷᠠᠳ ᠤᠨ ᠶᠠᠪᠣᠳᠠᠯ ᠤᠨ ᠠᠵᠢᠯᠳᠠᠨ᠂ ᠭᠤᠷᠪᠠᠳᠣᠭᠠᠷ ᠡᠳᠡᠬᠡᠳ ᠤᠨ ᠬᠢᠨᠠᠨ ᠪᠣᠳᠣᠬᠤ ᠲᠥᠪ᠂ ᠭᠠᠴᠠᠭ᠎ᠠ ᠨᠡᠶᠢᠬᠡᠮ ᠲᠣᠭᠤᠷᠢᠭ ᠤᠨ ᠠᠵᠢᠯᠳᠠᠳ ᠢ ᠵᠣᠬᠢᠶᠠᠨ ᠪᠠᠶᠢᠭᠤᠯᠣᠨ᠂ ᠪᠦᠬᠦ ᠬᠤᠰᠢᠭᠤᠨ ᠤ ᠳᠠᠩᠰᠠᠨ ᠳᠤ ᠪᠠᠶᠢᠭ᠎ᠠ ᠳᠣᠣᠷ᠎ᠠ ᠪᠠᠲᠦᠯᠠᠭᠠᠳᠦ ᠡᠷᠦᠬᠡ ᠳᠤ ᠣᠨ ᠤ ᠰᠢᠯᠭᠠᠨ ᠳᠣᠭᠳᠠᠭᠠᠯᠳᠠ ᠶᠢᠨ ᠠᠵᠢᠯ ᠢ ᠥᠷᠨᠢᠬᠦᠯᠵᠦ᠂ ᠡᠷᠦᠬᠡ ᠳᠤ ᠣᠷᠣᠨ ᠰᠣᠷᠪᠣᠯᠵᠢᠯᠠᠬᠤ ᠪᠠᠷ ᠳᠠᠮᠵᠢᠨ᠂ ᠳᠣᠣᠷ᠎ᠠ ᠪᠠᠲᠦᠯᠠᠭᠠᠳᠦ ᠡᠷᠦᠬᠡ ᠶᠢᠨ ᠠᠮᠢᠳᠣᠷᠠᠯ ᠤᠨ ᠪᠠᠶᠢᠳᠠᠯ ᠢ ᠪᠠᠶᠢᠴᠠᠭᠠᠨ ᠣᠶᠢᠯᠭᠠᠵᠦ᠂ ᠬᠤᠳᠠ ᠪᠠᠯᠭᠠᠰᠦᠨ ᠤ ᠰᠠᠭᠤᠭᠠᠯᠢ ᠠᠷᠠᠳ ᠤᠨ ᠠᠵᠦ ᠠᠬᠤᠢ  ᠶᠢᠨ ᠨᠠᠷᠢᠨ ᠪᠠᠶᠢᠳᠠᠯ ᠤᠨ ᠰᠢᠰᠲ᠋ᠧᠮ ᠤᠨ ᠲᠤᠭ᠎ᠠ ᠪᠦᠷᠢᠳᠬᠡᠯ ᠲᠠᠢ ᠣᠶᠠᠯᠳᠣᠭᠤᠯᠣᠨ᠂ ᠳᠣᠣᠷ᠎ᠠ ᠪᠠᠲᠦᠯᠠᠭᠠᠳᠦ ᠡᠷᠦᠬᠡ ᠶᠢᠨ ᠡᠳ᠋ ᠬᠦᠷᠦᠩᠭᠡ ᠶᠢᠨ ᠪᠠᠶᠢᠳᠠᠯ ᠢ ᠬᠠᠷᠭᠤᠭᠤᠯᠣᠨ ᠦᠵᠡᠵᠦ᠂ ᠥᠨᠥ ᠵᠢᠯ ᠤᠨ 11 ᠰᠠᠷ᠎ᠠ ᠪᠣᠯᠳᠠᠯ᠎ᠠ᠂ ᠪᠦᠬᠦ ᠬᠤᠰᠢᠭᠤᠨ ᠤ 2020 ᠣᠨ ᠤ ᠬᠤᠳᠠ ᠪᠠᠯᠭᠠᠰᠦᠨ ᠤ ᠳᠣᠣᠷ᠎ᠠ ᠪᠠᠲᠦᠯᠭᠠᠳᠦ ᠡᠷᠦᠬᠡ ᠶᠢᠨ ᠰᠢᠯᠭᠠᠨ ᠳᠣᠭᠳᠠᠭᠠᠯᠳᠠ ᠶᠢᠨ ᠠᠵᠢᠯ ᠢ ᠪᠦᠬᠦᠨ ᠢ ᠳᠠᠭᠤᠰᠬᠠᠵᠦ᠂ ᠳᠠᠷᠠᠭ᠎ᠠ ᠠᠯᠬᠤᠮ ᠳᠤ ᠠᠵᠢᠯ ᠤᠨ ᠢᠳᠡᠪᠬᠢᠵᠢᠯ ᠢᠶᠠᠨ ᠣᠯᠠᠮ ᠨᠢᠬᠡ ᠠᠯᠬᠤᠮ ᠳᠡᠬᠡᠭᠰᠢᠯᠡᠬᠦᠯᠵᠦ᠂ ᠠᠮᠢᠳᠣᠷᠠᠯ ᠬᠦᠴᠢᠷᠳᠡᠯᠳᠡᠢ ᠰᠠᠭᠤᠭᠠᠯᠢ ᠠᠷᠠᠳ ᠤᠨ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠳᠬᠠᠵᠦ᠂ ᠨᠦᠬᠦᠴᠡᠯ ᠳᠤ ᠨᠡᠶᠢᠴᠡᠬᠦ ᠠᠮᠢᠳᠣᠷᠠᠯ ᠬᠦᠴᠢᠷᠳᠡᠯᠳᠡᠢ ᠡᠷᠦᠬᠡ ᠶᠢᠨ ᠳᠣᠣᠷ᠎ᠠ ᠪᠠᠲᠦᠯᠠᠭ᠎ᠠ ᠶᠢᠨ ᠬᠠᠷᠠᠭᠠᠯᠵᠠᠯ ᠳᠤ ᠣᠷᠣᠭᠤᠯᠬᠤ ᠶᠢ ᠪᠠᠲᠦᠯᠠᠨ᠂ ᠳᠣᠭᠳᠠᠭᠰᠠᠨ ᠬᠤᠭᠤᠴᠠᠭᠠᠨ ᠤ ᠪᠠᠶᠢᠴᠠᠭᠠᠯᠳᠠ ᠪᠠᠷ ᠳᠠᠮᠵᠢᠨ᠂ ᠳᠣᠣᠷ᠎ᠠ ᠪᠠᠲᠦᠯᠠᠭ᠎ᠠ ᠶᠢᠨ ᠨᠦᠬᠦᠴᠡᠯ ᠳᠤ ᠨᠡᠶᠢᠴᠡᠬᠦ ᠦᠬᠡᠢ ᠡᠷᠦᠬᠡ ᠶᠢ ᠳᠣᠣᠷ᠎ᠠ ᠪᠠᠲᠦᠯᠠᠭ᠎ᠠ ᠶᠢᠨ ᠪᠠᠷᠢᠮᠵᠢᠶ᠎ᠡ ᠠᠴᠠ ᠭᠠᠷᠭᠠᠵᠦ᠂ ᠳᠣᠣᠷ᠎ᠠ ᠪᠠᠲᠦᠯᠠᠭᠠᠳᠦ ᠡᠷᠦᠬᠡ ᠶᠢᠨ ᠬᠠᠮᠢᠶᠠᠷᠣᠯᠳᠠ ᠶᠢᠨ ᠠᠵᠢᠯ ᠢ ᠣᠯᠠᠮ ᠨᠢᠬᠡ ᠠᠯᠬᠤᠮ ᠳᠥᠷᠢᠮᠵᠢᠬᠦᠯᠬᠦ ᠪᠠᠷ ᠪᠠᠶᠢᠨ᠎ᠠ︾ ᠭᠡᠯ᠎ᠡ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号