︽ᠰᠢᠨ᠎ᠡ ᠣᠨ᠂ ᠴᠠᠭᠠᠨ ᠰᠠᠷ᠎ᠠ ᠶᠢᠨ ᠪᠠᠶᠠᠷ︾ ᠤᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠷᠠᠭᠤᠨ | ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ ᠤᠨ ᠮᠡᠳᠡᠭᠳᠡᠯ 13 ᠳ᠋ᠤᠭᠠᠷ ᠲᠤᠭᠠᠳᠤ | | ᠥᠷᠭᠡᠨ ᠣᠯᠠᠨ ᠲᠦᠮᠡᠨ ᠳᠤ᠄ ᠰᠢᠨ᠎ᠡ ᠣᠨ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ | ᠬᠦᠮᠦᠰ ᠤᠨ ᠶᠠᠪᠤᠵᠦ ᠰᠠᠭᠤᠬᠤ ᠪᠠ ᠡᠳ᠋ ᠪᠣᠳᠠᠰ ᠤᠨ ᠭᠦᠢᠯᠭᠡᠭᠡ ᠨᠡᠮᠡᠭᠳᠡᠵᠦ᠂ ᠴᠤᠭᠯᠠᠷᠠᠯ ᠤᠨ ᠴᠢᠨᠠᠷᠲᠠᠶ | ᠠᠵᠢᠯᠯᠠᠭ᠎ᠠ ᠡᠳᠦᠷ ᠢᠷᠡᠬᠦᠶ᠎ᠡ ᠤᠯᠠᠰᠢᠷᠠᠭᠰᠠᠨ ᠪᠤᠯᠬᠤᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠨᠣᠴᠢᠲᠠᠶ ᠪᠠᠶᠢᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ | ᠶᠢ ᠴᠢᠩᠭ᠎ᠠ ᠬᠡᠷᠡᠭᠵᠢᠬᠦᠯᠦᠨ᠂ ︽ᠬᠦᠮᠦᠨ ᠪᠤᠳᠠᠰ ᠢ ᠵᠡᠷᠭᠡᠪᠡᠷ ᠰᠡᠷᠭᠡᠶᠢᠯᠡᠬᠦ︾᠂ ︽ᠣᠯᠠᠨ ᠡᠪᠡᠳᠴᠢᠨ ᠢ ᠬᠠᠮᠲᠤ | ᠪᠠᠷ ᠰᠡᠷᠭᠡᠶᠢᠯᠡᠬᠦ︾ ᠵᠠᠷᠴᠢᠮ ᠢ ᠪᠠᠷᠢᠮᠲᠠᠯᠠᠨ᠂ ᠪᠥᠬᠦ ᠬᠤᠰᠢᠭᠤᠨ ᠤ ᠠᠷᠠᠳ ᠲᠦᠮᠡᠨ ᠤ ᠡᠷᠡᠬᠦᠯ ᠴᠢᠬᠢᠷᠠᠭ᠂ ᠪᠠᠶᠠᠷ | ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠳᠤᠯᠠᠳᠠ᠂ ᠡᠳᠦᠭᠡ ︽ᠰᠢᠨ᠎ᠡ | ᠣᠨ︾᠂ ︽ᠴᠠᠭᠠᠨ ᠰᠠᠷ᠎ᠠ︾ ᠶᠢᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠳᠡᠢ᠃ | ︽ᠴᠢᠬᠤᠯᠠ ᠥᠬᠡᠶ ᠪᠣᠯ ᠴᠤᠭᠯᠠᠷᠠᠯ ᠤᠨ ᠴᠢᠨᠠᠷᠳᠠᠢ ᠠᠵᠢᠯᠯᠠᠭ᠎ᠠ ᠵᠤᠬᠢᠶᠠᠨ ᠪᠠᠶᠢᠭᠤᠯᠬᠤ ᠥᠬᠡᠶ︾ ᠵᠠᠷᠴᠢᠮ | ᠶᠣᠰᠣᠭᠠᠷ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠂ ᠬᠡᠷᠪᠡ ᠵᠠᠪᠠᠯ | ᠡᠷᠬᠢᠯᠡᠬᠦ ᠴᠢᠬᠤᠯᠠᠳᠠᠢ ᠪᠣᠯ ᠡᠷᠬᠡᠪᠰᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠬᠤᠰᠢᠭᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ | ᠳᠤᠭᠤᠶᠢᠯᠠᠩ ᠪᠠ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠳᠤ ᠮᠡᠳᠡᠭᠦᠯᠦᠨ ᠳᠠᠩᠰᠠᠯᠠᠭᠤᠯᠵᠤ | ᠵᠥᠪᠰᠢᠶᠡᠷᠡᠭᠦᠯᠬᠦ ᠬᠡᠷᠡᠭᠲᠡᠶ᠃ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ | ᠪᠤᠶᠤ ᠳᠠᠭᠠᠭᠠᠨ ᠭᠦᠶᠴᠡᠳᠬᠡᠬᠦ ᠨᠢᠭᠡᠴᠡ ᠪᠠ ᠬᠤᠪᠢ ᠬᠥᠮᠦᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠨᠠᠷᠢᠨ ᠨᠢᠭᠲᠠ ᠵᠢᠷᠤᠮᠵᠢᠭᠰᠠᠨ ᠰᠡᠷᠭᠡᠶᠢᠯᠡᠨ ᠡᠵᠡᠮᠳᠡᠬᠦ ᠲᠥᠰᠦᠯ ᠢ ᠲᠣᠭᠲᠠᠭᠠᠨ᠂ ᠡᠯ᠎ᠡ ᠵᠦᠶᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ | ᠪᠠ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠨᠢ ᠪᠠᠶᠢᠴᠠᠭᠠᠬᠤ ᠪᠠ ᠵᠢᠯᠣᠭᠤᠳᠬᠤ ᠠᠵᠢᠯ ᠢᠶᠠᠨ ᠰᠠᠶᠢᠲᠤᠷ | ᠬᠢᠬᠦ ᠶᠢᠨ ᠬᠠᠮᠲᠤ ᠠᠵᠢᠯᠯᠠᠭ᠎ᠠ ᠶᠢ ᠵᠤᠬᠢᠶᠠᠨ ᠪᠠᠶᠢᠭᠤᠯᠤᠭᠴᠢ ᠶᠢ ᠬᠠᠪᠰᠤᠷᠤᠨ ᠬᠢᠵᠢᠭ ᠢ ᠰᠡᠷᠭᠡᠶᠢᠯᠡᠬᠦ ᠠᠵᠢᠯ ᠢ | ᠥᠷᠨᠢᠭᠦᠯᠵᠦ᠂ ᠠᠵᠢᠯᠯᠠᠭ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠡᠭᠦᠰᠬᠦ ᠠᠴᠠ ᠴᠢᠩᠭ᠎ᠠ ᠰᠡᠷᠭᠡᠶᠢᠯᠡᠬᠦ | ᠬᠡᠷᠡᠭᠲᠡᠶ᠃ ᠡᠯ᠎ᠡ ᠪᠠᠶᠢᠭᠤᠯᠭ᠎ᠠ ᠨᠢᠭᠡᠴᠡ ᠨᠢ ᠵᠠᠷᠴᠢᠮ ᠳᠡᠭᠡᠷ᠎ᠡ ᠪᠠᠨ ᠲᠣᠮᠣ ᠬᠡᠯᠪᠡᠷᠢ ᠶᠢᠨ ᠣᠨ ᠤ ᠬᠤᠷᠠᠯ᠂ | ᠪᠤᠯᠪᠠᠰᠤᠷᠠᠯ᠂ ᠬᠠᠮᠲᠤ ᠶᠢᠨ ᠵᠣᠯᠭᠠᠯᠲᠠ᠂ ᠲᠣᠬᠤᠨᠢᠭᠤᠯᠭ᠎ᠠ᠂ ᠬᠠᠮᠲᠤᠷᠠᠭᠰᠠᠨ ᠦᠳᠡᠰᠢᠯᠡᠭᠡ᠂ ᠬᠠᠮᠲᠤ ᠬᠤᠭᠤᠯᠠᠯᠠᠬᠤ | ᠵᠡᠷᠭᠡ ᠠᠵᠢᠯᠯᠠᠭ᠎ᠠ ᠶᠢ ᠡᠷᠭᠢᠯᠡᠬᠦ ᠥᠬᠡᠶ ᠪᠠᠶᠢᠵᠦ᠂ ᠤᠨᠴᠭᠠᠢ ᠴᠢᠬᠤᠯᠠ ᠦᠭᠡᠢ ᠪᠣᠯ ᠭᠠᠳᠠᠷ ᠣᠷᠣᠨ ᠤ ᠡᠷᠭᠢᠯᠡᠭᠰᠡᠨ | ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠬᠤ ᠥᠬᠡᠶ ᠪᠠᠶᠢᠵᠤ᠂ ᠬᠡᠷ ᠪᠦᠯᠢ ᠶᠢᠨ ᠴᠤᠭᠯᠠᠭᠠᠨ ᠪᠠ ᠬᠠᠮᠲᠤ ᠶᠢᠨ | ᠴᠤᠭᠯᠠᠷᠠᠯ ᠵᠡᠷᠭᠡ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠬᠡᠷᠡᠭᠲᠡᠶ᠃ ᠲᠣᠮᠣ ᠬᠡᠯᠪᠡᠷᠢ ᠶᠢᠨ ᠴᠤᠭᠯᠠᠷᠠᠯ | ᠤᠨ ᠴᠢᠨᠠᠷᠲᠠᠶ ᠠᠵᠢᠯᠯᠠᠭ᠎ᠠ ᠶᠢ ᠳᠤᠷ᠎ᠠ ᠪᠠᠷ ᠢᠶᠠᠨ ᠡᠷᠭᠢᠯᠡᠭᠰᠡᠨ ᠪᠠᠶᠢᠪᠠᠯ᠂ ᠡᠷᠭᠢᠯᠡᠭᠰᠡᠨ ᠬᠥᠮᠦᠨ ᠪᠣᠯᠤᠨ ᠬᠤᠯᠪᠣᠭᠳᠠᠯ | ᠪᠥᠬᠦᠶ ᠲᠠᠯᠠᠪᠤᠷ ᠤᠨ ᠡᠵᠡᠨᠳᠡᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠬᠥᠮᠦᠨ ᠬᠠᠷ᠎ᠠ ᠬᠤᠷᠠᠨ ᠴᠤᠭᠯᠠᠷᠠᠭᠰᠠᠨ | ᠠᠴᠠ ᠪᠣᠯᠵᠣ ᠬᠢᠵᠢᠭ ᠬᠠᠯᠳᠠᠪᠤᠷᠢᠯᠠᠨ ᠣᠷᠣᠵᠤ ᠢᠷᠡᠭᠰᠡᠨ ᠪᠠ ᠳᠡᠯᠭᠡᠷᠡᠭᠰᠡᠨ ᠪᠠᠶᠢᠪᠠᠯ᠂ ᠬᠠᠤᠯᠢ ᠲᠣᠭᠲᠠᠭᠠᠯ | ᠶᠣᠰᠣᠭᠠᠷ ᠴᠢᠩᠭ᠎ᠠ ᠪᠠᠶᠢᠴᠠᠭᠠᠵᠤ ᠬᠦᠨᠳᠦ ᠪᠠᠷ ᠰᠢᠳᠬᠡᠨ᠎ᠡ᠃ | ᠬᠤᠶᠠᠷ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠬᠢᠯᠢ ᠳᠤ ᠣᠷᠣᠬᠤ | ᠴᠡᠭ ᠲᠤ 14 ᠡᠳᠦᠷ ᠲᠥᠪᠯᠡᠷᠡᠭᠦᠯᠦᠨ ᠲᠤᠰᠠᠭᠠᠷᠯᠠᠯᠳᠠ ᠬᠢᠭᠰᠡᠨ ᠬᠢᠯᠢ ᠶᠢᠨ ᠭᠠᠳᠠᠨ᠎ᠠ ᠠᠴᠠ ( ᠪᠤᠴᠠᠵᠤ ᠢᠷᠡᠭᠰᠡᠨ | ) ᠬᠤᠰᠢᠭᠤᠨ ᠳᠤ ᠢᠷᠡᠭᠰᠡᠨ ᠬᠥᠮᠦᠰ ᠢ ᠪᠦᠬᠦᠨ ᠢ ᠰᠤᠮᠤ ᠪᠠᠯᠭᠠᠰᠤ᠂ ᠭᠠᠴᠠᠭ᠎ᠠ ( ᠨᠡᠶᠢᠭᠡᠮ ᠲᠣᠭᠤᠷᠢᠭ ) ᠶᠢᠨ | ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠵᠤ᠂ 14 ᠡᠳᠦᠷ ᠤᠨ ᠳᠣᠲᠣᠷ᠎ᠠ 2 ᠤᠳᠠᠭ᠎ᠠ ᠰᠢᠨ᠎ᠡ ᠲᠢᠲᠢᠮᠯᠢᠭ | ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ᠃ ᠬᠢᠵᠢᠭ ᠤᠨ ᠲᠦᠭᠰᠢᠭᠦᠷᠢ ᠶᠡᠬᠡᠲᠡᠶ ᠭᠠᠵᠠᠷ | ᠣᠷᠣᠨ ᠠᠴᠠ ᠮᠠᠨ ᠤ ᠬᠤᠰᠢᠭᠤᠨ ᠳᠤ ᠣᠷᠣᠵᠤ ᠢᠷᠡᠭᠰᠡᠨ ᠬᠥᠮᠦᠰ ᠲᠤ ᠴᠥᠮ 14 ᠡᠳᠦᠷ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ | ᠬᠤᠭᠤᠴᠠᠭᠠᠨ ᠳᠤ 2 ᠤᠳᠠᠭ᠎ᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ | ᠬᠢᠨ᠎ᠠ᠃ ᠬᠢᠵᠢᠭ ᠤᠨ ᠳᠤᠮᠳᠠ ᠳᠡᠰ ᠤᠨ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ | ᠬᠥᠮᠦᠰ ᠢ ᠪᠦᠬᠦᠨ ᠢ ᠰᠤᠮᠤ ᠪᠠᠯᠭᠠᠰᠤ᠂ ᠭᠠᠴᠠᠭ᠎ᠠ ( ᠨᠡᠶᠢᠭᠡᠮ ᠲᠣᠭᠤᠷᠢᠭ ) ᠶᠢᠨ ᠡᠷᠡᠭᠦᠯ ᠮᠡᠨᠳᠦ ᠶᠢᠨ | ᠬᠠᠮᠢᠶᠠᠷᠤᠯᠲᠠ ᠳᠤ ᠣᠷᠣᠭᠤᠯᠵᠤ᠂ ᠬᠡᠷᠪᠡ 7 ᠡᠳᠦᠷ ᠤᠨ ᠳᠤᠳᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ | ᠨᠢ ᠪᠢᠯᠢᠭ ᠴᠢᠨᠠᠷ ᠤᠨ ᠮᠡᠳᠡᠭᠦᠯᠦᠯᠲᠡ ᠲᠠᠢ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ | ᠬᠠᠮᠠᠭᠠᠯᠠᠯᠲᠠ ᠪᠠᠨ ᠰᠠᠶᠢᠲᠤᠷ ᠬᠢᠭᠰᠡᠨ ᠬᠦᠮᠦᠰ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠦ ᠰᠠᠭᠤᠵᠦ ᠪᠣᠯᠤᠨ᠎ᠠ᠃ | ᠪᠥᠭᠡᠮ ᠬᠦᠴᠢᠯ ᠤᠨ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠳᠡᠶᠢᠯᠬᠦ ᠥᠬᠡᠶ ᠬᠥᠮᠦᠰ ᠢ ᠲᠡᠷᠡ ᠳᠠᠷᠤᠶ ᠳᠤᠨᠢ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠬᠢᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠨᠢ ᠪᠢᠯᠢᠭ | ᠴᠢᠨᠠᠷᠲᠠᠶ ᠪᠥᠭᠡᠳ ᠪᠡᠶ᠎ᠡ ᠶᠢᠨ ᠳᠤᠯᠠᠭᠠᠨ ᠨᠢ ᠬᠡᠪ ᠤᠨ ᠪᠣᠯ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ | ᠬᠢᠵᠢᠭ ᠤᠨ ᠲᠦᠭᠰᠢᠭᠦᠷᠢ ᠳᠤᠤᠷ᠎ᠠ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠨᠢ ᠡᠷᠡᠭᠦᠯ | ᠮᠡᠨᠳᠦ ᠶᠢᠨ ᠺᠣᠳ᠋ ᠲᠠᠢ ᠪᠥᠭᠡᠳ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠪᠠᠯ ᠡᠮᠬᠢ ᠵᠢᠷᠤᠮ ᠲᠠᠢ ᠪᠠᠷ ᠶᠠᠪᠤᠵᠦ | ᠰᠠᠭᠤᠵᠦ ᠪᠣᠯᠤᠨ᠎ᠠ᠃ | ᠭᠤᠷᠪᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠨᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ᠃ | ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ | ᠪᠠᠭᠤᠳᠠᠯ᠂ ᠨᠣᠮ ᠤᠨ ᠰᠠᠩ᠂ ᠡᠮ ᠤᠨ ᠳᠡᠯᠭᠡᠭᠦᠷ᠂ ᠠᠵᠢᠯᠯᠠᠬᠤ ᠲᠠᠯᠠᠪᠤᠷ᠂ ᠺᠢᠨᠣ᠋ ᠵᠦᠴᠦᠭᠡ ᠶᠢᠨ ᠲᠢᠶᠠᠲᠷ᠂ | KTV᠂ ᠠᠷᠢᠬᠢᠨ ᠮᠤᠬᠤᠯᠠᠭ᠂ ᠤᠬᠢᠶᠠᠯᠭ᠎ᠠ ᠶᠢᠨ ᠭᠠᠵᠠᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠣᠷᠣᠰᠢᠭᠤᠯᠭ᠎ᠠ ᠶᠢᠨ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠨᠢ ᠴᠥᠮ ︽ᠠᠮᠠᠪᠴᠢ ᠵᠡᠭᠦᠬᠦ᠂ ᠪᠡᠶ᠎ᠡ ᠶᠢᠨ | ᠳᠤᠯᠠᠭᠠᠨ ᠢ ᠬᠡᠮᠵᠢᠬᠦ︾ ᠲᠦᠷᠢᠮ ᠢ ᠨᠠᠶᠢᠳᠠᠪᠤᠷᠢᠵᠢᠭᠤᠯᠵᠦ᠂ ᠠᠭᠠᠷ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ | ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡ᠂ ᠵᠠᠮ ᠬᠠᠷᠢᠯᠴᠠᠭᠠᠨ ᠤ ᠥᠷᠲᠡᠭᠡ ᠨᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠭᠠᠯᠲᠤ | ᠲᠡᠷᠭᠡᠨ ᠥᠷᠲᠡᠭᠡ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠢ ᠣᠷᠣᠵᠤ ᠭᠠᠷᠬᠤ | ᠠᠶᠠᠨᠴᠢᠳ ᠤᠨ ︽ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ | ᠰᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠵᠦ᠂ ᠠᠶᠠᠨᠴᠢᠳ ᠤᠨ ᠮᠠᠰᠢᠨ ᠤ ᠡᠭᠡᠯᠵᠢ ᠶᠢᠨ ᠲᠣᠬᠢᠷᠠᠭᠤᠯᠭ᠎ᠠ | ᠡᠵᠡᠮᠰᠢᠯ ᠢ ᠴᠢᠩᠭᠠᠳᠬᠠᠨ᠂ ᠬᠦᠯᠢᠶᠡᠵᠦ ᠮᠥᠷᠯᠡᠬᠦ ᠴᠠᠭ ᠢ ᠪᠠᠭᠠᠰᠬᠠᠵᠤ᠂ ᠬᠦᠮᠦᠨ ᠤ ᠤᠷᠤᠰᠬᠠᠯ ᠢ ᠪᠠᠭᠠᠰᠬᠠᠬᠤ | ᠬᠡᠷᠡᠭᠳᠡᠢ᠃ ᠠᠶᠠᠨᠴᠢᠳ ᠨᠢ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠮ | ᠬᠠᠷᠢᠯᠴᠠᠭᠠᠨ ᠤ ᠥᠷᠲᠡᠭᠡ ᠶᠢᠨ ᠠᠵᠢᠯᠲᠠᠨ ᠲᠠᠢ ᠬᠠᠮᠵᠢᠯᠴᠠᠨ᠂ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠶ᠃ | ᠲᠠᠪᠤ᠂ ᠬᠡᠷᠡᠭᠯᠡᠭᠡᠨ ᠤ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠡᠯ᠎ᠡ ᠲᠥᠷᠥᠯ ᠤᠨ | ᠬᠤᠳᠠᠯᠳᠤᠭᠠᠨ ᠤ ᠪᠠᠶᠢᠭᠤᠯᠤᠮᠵᠢ ᠨᠢ ᠰᠦᠯᠵᠢᠶᠡᠨ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ | ᠳᠡᠯᠭᠡᠨ ᠪᠤᠷᠤᠯᠠᠭᠤᠯᠭ᠎ᠠ᠂ ᠬᠢᠮᠳᠠᠷᠠᠯ ᠲᠠᠢ ᠪᠣᠷᠣᠯᠠᠭᠤᠯᠭ᠎ᠠ ᠵᠡᠷᠭᠡ ᠠᠵᠢᠯᠯᠠᠭ᠎ᠠ ᠶᠢ ᠡᠷᠬᠢᠯᠡᠵᠦ ᠪᠣᠯᠬᠤ ᠦᠭᠡᠢ᠃ | ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠲᠠᠯᠠᠪᠤᠷ ᠨᠢ | ᠲᠦᠷ ᠵᠠᠭᠤᠷ᠎ᠠ ᠶᠢᠨ ᠴᠤᠭᠯᠠᠷᠠᠯ ᠤᠨ ᠴᠢᠨᠠᠷᠳᠠᠢ ᠵᠤᠴᠢᠳ ᠤᠨ ᠲᠤᠭ᠎ᠠ ᠶᠢ ᠬᠢᠵᠠᠭᠠᠷᠯᠠᠵᠤ᠂ ᠬᠤᠳᠠᠯᠳᠤᠨ | ᠠᠪᠤᠭᠴᠢ ᠳᠤ ᠦᠪᠡᠷᠳᠡᠭᠡᠨ ᠪᠠᠷᠠᠭ᠎ᠠ ᠬᠤᠳᠠᠯᠳᠤᠨ ᠠᠪᠴᠤ ᠲᠠᠩᠰᠠ ᠪᠤᠳᠤᠬᠤ ᠶᠢ ᠰᠠᠨᠠᠭᠠᠴᠢᠯᠠᠨ᠂ ᠮᠥᠷᠯᠡᠨ | ᠬᠦᠯᠢᠶᠡᠬᠦ ᠴᠠᠭ ᠢ ᠪᠣᠭᠤᠨᠢᠰᠬᠠᠨ᠎ᠠ᠃ ᠤᠯᠠᠨ ᠨᠡᠶᠢᠲᠡ ᠶᠢᠨ ᠲᠠᠯᠠᠪᠤᠷ ᠲᠠᠬᠢ ᠦᠷᠭᠦᠯᠵᠢ ᠣᠶᠢᠷᠠᠲᠤᠳᠠᠭ ᠬᠡᠷᠡᠭᠰᠡᠯ | ᠪᠣᠯᠤᠨ ᠪᠡᠯᠡᠳᠬᠡᠮᠵᠢ ᠶᠢ ᠠᠷᠢᠭᠤᠳᠬᠠᠨ ᠴᠡᠪᠡᠷᠯᠡᠬᠦ ᠠᠵᠢᠯ ᠢ ᠰᠠᠶᠢᠲᠤᠷ ᠬᠢᠵᠦ᠂ ᠬᠡᠷ ᠳᠣᠲᠣᠷ᠎ᠠ ᠰᠠᠯᠬᠢ ᠠᠭᠠᠷ | ᠨᠡᠪᠲᠡᠷᠡᠭᠦᠯᠬᠦ ᠶᠢ ᠪᠠᠲᠤᠯᠠᠨ᠂ ︽ᠨᠢᠭᠡ ᠮᠧᠲᠷ ᠤᠨ ᠱᠤᠭᠤᠮ︾ ᠢ ᠳᠣᠭᠢᠷᠠᠭᠤᠯᠵᠤ᠂ ᠦᠶᠯᠡᠴᠢᠯᠡᠭᠴᠢ᠂ | ᠵᠣᠴᠢᠳ ᠤᠨ ᠠᠮᠠᠪᠴᠢ ᠵᠡᠭᠦᠵᠦ᠂ ᠠᠮᠤᠷ ᠲᠦᠪᠰᠢᠨ ᠤ ᠵᠠᠶ ᠲᠠᠢ ᠪᠠᠶᠢᠬᠤ ᠶᠢ ᠱᠠᠭᠠᠷᠳᠠᠬᠤ ᠬᠡᠷᠡᠭᠲᠡᠶ᠃ | ᠵᠢᠷᠭᠤᠭ᠎ᠠ᠂ ᠭᠠᠳᠠᠭᠠᠳᠤ ᠠᠴᠠ ᠣᠷᠣᠭᠤᠯᠬᠤ ᠬᠦᠯᠳᠡᠭᠡᠭᠰᠡᠨ ᠢᠳᠡᠭᠡᠨ ᠤ ᠬᠠᠮᠢᠶᠠᠷᠤᠯᠲᠠ ᠶᠢ ᠴᠢᠩᠭᠠᠳᠬᠠᠬᠤ | ᠬᠡᠷᠡᠭᠳᠡᠢ᠃ ᠭᠠᠳᠠᠭᠠᠳᠤ ᠠᠴᠠ ᠬᠦᠯᠳᠡᠭᠡᠭᠰᠡᠨ ᠢᠳᠡᠭᠡᠨ ᠤᠷᠤᠭᠤᠯᠬᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ | ᠭᠤᠣᠯ ᠴᠣᠭᠴᠠ ᠨᠢ ᠡᠷᠬᠡᠪᠰᠢ ᠬᠦᠯᠳᠡᠭᠡᠭᠰᠡᠨ ᠢᠳᠡᠭᠡᠨ ᠢ ᠮᠠᠨ ᠤ ᠬᠤᠰᠢᠭᠤᠨ ᠳᠤ ᠤᠷᠤᠭᠤᠯᠬᠤ ᠠᠴᠠ 24 | ᠴᠠᠭ ᠤᠨ ᠡᠮᠦᠨ᠎ᠡ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠪᠠᠷᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ᠂ ᠪᠣᠭᠤᠮᠲᠠ ᠳᠤ | ᠮᠡᠳᠡᠭᠦᠯᠬᠦ ᠭᠠᠷᠳᠠᠮ᠂ ᠬᠢᠯᠢ ᠪᠠᠷ ᠣᠷᠣᠭᠤᠯᠬᠤ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠭᠰᠠᠨ ᠭᠡᠷᠡᠴᠢ᠂ | ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠵᠡᠷᠭᠡ ᠬᠢᠷᠢ | ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠦᠭᠡᠶ ᠭᠠᠳᠠᠭᠠᠳᠤ ᠠᠴᠠ ᠣᠷᠣᠭᠤᠯᠤᠭᠰᠠᠨ ᠬᠦᠯᠳᠡᠭᠡᠭᠰᠡᠨ ᠢᠳᠡᠭᠡᠨ ᠢ | ᠴᠥᠮ ᠬᠤᠳᠠᠯᠳᠤᠨ ᠠᠪᠬᠤ ᠪᠤᠶᠤ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠬᠤ ᠦᠭᠡᠶ᠃ | ᠳᠣᠯᠤᠭ᠎ᠠ᠂ ᠪᠠᠭᠰᠢ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠡᠯ᠎ᠡ ᠰᠤᠷᠭᠠᠭᠤᠯᠢ ᠨᠢ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠬᠤ ᠶᠢ ᠣᠨᠣᠪᠴᠢᠲᠠᠢ ᠪᠥᠭᠡᠳ | ᠡᠮᠬᠢ ᠵᠢᠷᠤᠮ ᠲᠠᠢ ᠲᠤᠬᠢᠷᠠᠭᠤᠯᠤᠨ᠂ ᠰᠤᠷᠭᠠᠭᠤᠯᠢ ᠠᠴᠠ ᠪᠠᠨ ᠶᠠᠪᠤᠭᠰᠠᠨ ᠰᠤᠷᠤᠭᠴᠢᠳ ᠤᠨ ᠰᠠᠭᠤᠷᠢ ᠲᠤᠭ᠎ᠠ ᠨᠢ | ᠲᠣᠳᠣᠷᠬᠠᠢ᠂ ᠭᠡᠷ ᠲᠡᠭᠡᠨ ᠪᠤᠴᠠᠭᠰᠠᠨ ᠠᠶᠠᠯᠠᠯ ᠨᠢ ᠮᠦᠷᠳᠡᠯ ᠲᠠᠢ᠂ ᠭᠡᠷ ᠪᠦᠯᠢ ᠪᠠ ᠰᠤᠷᠭᠠᠭᠤᠯᠢ ᠬᠠᠮᠵᠢᠯᠴᠠᠭᠰᠠᠨ | ᠬᠠᠷᠢᠭᠤ ᠲᠤᠰᠬᠠᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ | ᠂ ᠪᠠᠭᠰᠢ ᠰᠤᠷᠤᠭᠴᠢᠳ ᠬᠢᠯᠢ ᠶᠢᠨ ᠭᠠᠳᠠᠨᠠᠬᠢ ᠪᠤᠶᠤ ᠳᠤᠮᠳᠠ᠂ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ | ᠭᠠᠵᠠᠷ ᠣᠷᠣᠨ ᠳᠤ ᠬᠦᠷᠴᠦ ᠲᠥᠷᠥᠯ ᠰᠠᠳᠤᠨ ᠢᠶᠠᠨ ᠡᠷᠭᠢᠵᠦ ᠠᠶᠢᠯᠴᠢᠯᠠᠬᠤ ᠠᠴᠠ ᠵᠠᠶᠢᠯᠠᠰᠬᠢᠵᠦ᠂ ᠦᠨᠡᠨᠬᠦ | ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃ ᠰᠤᠷᠭᠠᠭᠤᠯᠢ ᠨᠢ ᠮᠥᠷᠳᠡᠨ ᠰᠤᠷᠪᠤᠯᠵᠢᠯᠠᠭ᠎ᠠ ᠶᠢ ᠰᠠᠶᠢᠲᠤᠷ ᠬᠢᠵᠦ᠂ | ᠪᠠᠭᠰᠢ ᠰᠤᠷᠤᠭᠴᠢᠳ ᠤᠨ ᠬᠡᠷ ᠲᠡᠭᠡᠨ ᠰᠠᠭᠤᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ | ᠨᠠᠶᠮᠠ᠂ ᠡᠮᠴᠢᠯᠡᠭᠡᠨ ᠤ ᠪᠠᠶᠢᠭᠤᠯᠤᠮᠵᠢ ᠨᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ | ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠲᠦᠷᠢᠮ ᠢ | ᠴᠢᠩᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠰᠠᠯᠠᠭ᠎ᠠ ᠲᠠᠰᠤᠭ᠂ ᠭᠤᠤᠯᠳᠠᠯᠭ᠎ᠠ ᠲᠠᠢ ᠰᠠᠯᠠᠭ᠎ᠠ ᠮᠥᠴᠢᠷ ᠪᠠ | ᠭᠤᠤᠯᠳᠠᠯᠭ᠎ᠠ ᠲᠠᠢ ᠭᠤᠭᠴᠤᠭ᠎ᠠ ᠶᠢᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠬᠢᠨᠠᠨ ᠪᠠᠶᠢᠴᠠᠭᠠᠬᠤ | ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠳᠤ ᠤᠷᠤᠭᠰᠠᠨ ᠪᠦᠬᠦᠶᠢᠯᠡ ᠬᠥᠮᠦᠰ ᠴᠥᠮ | ᠠᠮᠠᠪᠴᠢ ᠵᠡᠭᠦᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠨ᠂ ᠡᠷᠡᠭᠦᠯ ᠮᠡᠨᠳᠦ ᠶᠢᠨ ᠺᠣᠳ᠋ ᠢᠶᠠᠨ ᠦᠵᠡᠭᠦᠯᠬᠦ ᠬᠡᠷᠡᠭᠲᠡᠶ᠃ | ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠶᠢᠨ ᠡᠪᠡᠳᠴᠢᠲᠡᠨ᠂ ᠡᠮᠨᠡᠯᠭᠡ ᠳᠤ ᠰᠢᠨ᠎ᠡ ᠪᠠᠷ | ᠰᠠᠭᠤᠭᠰᠠᠨ ᠡᠪᠡᠳᠴᠢᠲᠡᠨ ᠵᠢᠴᠢ ᠪᠠᠷ᠎ᠠ ᠪᠣᠯᠤᠭᠰᠠᠳ ᠨᠢ ᠡᠮᠴᠢ ᠲᠠᠢ ᠬᠠᠮᠵᠢᠯᠴᠠᠨ᠂ ᠰᠢᠨ᠎ᠡ ᠲᠢᠲᠢᠮᠯᠢᠭ ᠸᠢᠷᠦ᠋ᠰ ᠤᠨ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠲᠠᠬᠤᠯ ᠡᠪᠡᠳᠴᠢᠨ ᠤ ᠰᠤᠳᠤᠯᠤᠯ ᠤᠨ ᠲᠡᠦᠬᠡ ᠶᠢᠨ ᠪᠠᠶᠢᠴᠠᠭᠠᠯᠲᠠ | ᠶᠢ ᠬᠢᠬᠦ ᠬᠡᠷᠡᠭᠲᠡᠶ᠃ | ᠶᠢᠰᠦ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠰᠡᠷᠭᠡᠶᠢᠯᠡᠨ ᠡᠵᠡᠮᠳᠡᠬᠦ ᠠᠵᠢᠯ ᠤᠨ ᠨᠠᠷᠢᠯᠢᠬᠵᠢᠭᠰᠠᠨ ᠬᠢᠷᠢ | ᠳᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠡᠯ᠎ᠡ ᠰᠤᠮᠤ ᠪᠠᠯᠭᠠᠰᠤ ᠨᠢ ᠭᠠᠴᠠᠭᠠᠨ ᠤ ︵ᠨᠡᠶᠢᠭᠡᠮ ᠲᠣᠭᠤᠷᠢᠭ︶ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠬᠦᠴᠦᠨ ᠢ ᠵᠣᠬᠢᠶᠠᠨ ᠪᠠᠶᠢᠭᠤᠯᠤᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠲᠤᠤᠷᠴᠢᠯᠠᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ | ᠮᠡᠳᠡᠭᠡ ᠵᠠᠩᠭᠢ ᠶᠢ ᠳᠠᠩᠰᠠᠯᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠢᠯᠠᠩᠭᠤᠶ᠎ᠠ ᠬᠢᠵᠢᠭ ᠤᠨ ᠳᠤᠮᠳᠠ᠂ | ᠥᠨᠳᠥᠷ ᠳᠡᠰ ᠤᠨ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠬᠥᠮᠦᠰ᠂ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠣᠯᠤᠨ ᠮᠥᠷᠳᠡᠨ ᠪᠠᠶᠢᠴᠠᠭᠠᠯᠲᠠ ᠶᠢᠨ | ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠳᠠᠯᠳᠠ ᠬᠡᠮ ᠢ ᠠᠷᠢᠯᠭᠠᠬᠤ ᠬᠡᠷᠡᠭᠲᠡᠶ᠃ | | ᠠᠷᠪᠠ᠂ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠠᠵᠢᠯ ᠢ ᠴᠢᠩᠭᠠᠳᠬᠠᠬᠤ ᠬᠡᠷᠡᠭᠳᠡᠢ᠃ | ᠭᠤᠣᠯᠳᠠᠯᠭ᠎ᠠ ᠲᠠᠢ ᠲᠠᠯᠠᠪᠤᠷ ᠪᠣᠯᠤᠨ ᠭᠤᠣᠯᠳᠠᠯᠭ᠎ᠠ ᠲᠠᠢ ᠬᠥᠮᠦᠰ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠢᠳᠡᠪᠬᠢᠲᠡᠶ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠬᠦ ᠪᠠ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠣᠭᠲᠠᠮᠠᠯ ᠬᠤᠭᠤᠴᠠᠭ᠎ᠠ ᠲᠠᠢ ᠬᠢᠵᠦ᠂ ︽ᠬᠦᠮᠦᠨ ᠪᠤᠳᠠᠰ ᠢ | ᠵᠡᠷᠭᠡᠪᠡᠷ ᠰᠡᠷᠭᠡᠶᠢᠯᠡᠬᠦ︾ ᠬᠡᠷᠡᠭᠲᠡᠶ᠃ ᠬᠠᠮᠵᠢᠯᠴᠠᠬᠤ ᠶᠢ ᠲᠡᠪᠴᠢᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠰᠢᠶᠳᠪᠦᠷᠢᠯᠡᠨ᠎ᠡ᠃ | ᠠᠷᠪᠠᠨ ᠨᠢᠭᠡ᠂ ᠭᠠᠳᠠᠭᠰᠢ ᠭᠠᠷᠬᠤ ᠪᠠᠨ ᠵᠦᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠤᠯᠠᠨ ᠲᠦᠮᠡᠨ ᠤ | ᠲᠤᠰ ᠭᠠᠵᠠᠷ ᠲᠠᠭᠠᠨ ᠪᠠᠶᠠᠷ ᠤᠨ ᠡᠳᠦᠷ ᠢᠶᠠᠨ ᠦᠩᠭᠡᠷᠡᠬᠦᠯᠦᠨ᠂ ᠴᠢᠬᠤᠯᠠ ᠤᠴᠢᠷ ᠦᠬᠡᠢ ᠪᠣᠯ ᠭᠠᠳᠠᠭᠰᠢ ᠭᠠᠷᠬᠤ | ᠦᠭᠡᠢ ᠪᠠᠶᠢᠬᠤ ᠶᠢ ᠰᠠᠨᠠᠭᠠᠴᠢᠯᠠᠵᠤ ᠪᠠᠶᠢᠨ᠎ᠠ᠃ ᠬᠡᠷᠪᠡ ᠭᠠᠳᠠᠭᠰᠢ ᠭᠠᠷᠬᠤ ᠴᠢᠬᠤᠯᠠᠲᠠᠢ ᠪᠣᠯ ᠬᠦᠷᠬᠦ ᠭᠠᠵᠠᠷ ᠤᠨ | ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠡᠰ ᠢ ᠪᠠᠶᠢᠴᠠᠭᠠᠨ ᠯᠠᠪᠯᠠᠵᠦ᠂ ᠪᠦᠬᠦ ᠶᠠᠪᠤᠴᠠ ᠳᠤ ᠬᠤᠪᠢ | ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠵᠦ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠃ ᠬᠢᠯᠢ ᠶᠢᠨ ᠭᠠᠳᠠᠨ᠎ᠠ ᠪᠠ ᠬᠢᠵᠢᠭ ᠤᠨ ᠠᠶᠤᠯ | ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠦᠨᠡᠬᠡᠷ ᠣᠨᠴᠠᠭᠠᠶ | ᠰᠢᠯᠲᠠᠭᠠᠨ ᠠᠴᠠ ᠪᠣᠯᠵᠣ ᠬᠢᠯᠢ ᠶᠢᠨ ᠭᠠᠳᠠᠨ᠎ᠠ ᠪᠠ ᠬᠢᠵᠢᠭ ᠤᠨ ᠳᠤᠮᠳᠠ ᠥᠨᠳᠥᠷ ᠳᠡᠰ ᠤᠨ ᠲᠦᠭᠰᠢᠭᠦᠷᠢᠲᠡᠶ | ᠭᠠᠵᠠᠷ ᠣᠷᠣᠨ ᠳᠤ ᠣᠴᠢᠬᠤ ᠴᠢᠬᠤᠯᠠᠳᠠᠢ ᠪᠣᠯ᠂ ᠭᠠᠳᠠᠭᠰᠢ ᠶᠠᠪᠤᠬᠤ ᠠᠴᠠ ᠪᠠᠨ ᠡᠮᠦᠨ᠎ᠡ ᠪᠠᠶᠢᠭ᠎ᠠ ᠭᠠᠴᠠᠭ᠎ᠠ | ᠨᠡᠶᠢᠭᠡᠮ ᠲᠣᠭᠤᠷᠢᠭ᠂ ᠪᠠᠶᠢᠭ᠎ᠠ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠪᠤᠴᠠᠵᠤ ᠢᠷᠡᠭᠰᠡᠨ ᠤ | ᠬᠢ ᠪᠠᠨ ᠳᠠᠷᠠᠭ᠎ᠠ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ | ᠠᠷᠪᠠᠨ ᠬᠤᠶᠠᠷ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠰᠢᠰᠲ᠋ᠧᠮ ᠤᠨ ᠠᠵᠢᠯ ᠤᠨ ᠦᠷ᠎ᠡ ᠪᠦᠳᠦᠮᠵᠢ ᠶᠢ ᠪᠠᠲᠤᠯᠠᠵᠤ᠂ ︽ᠳᠥᠷᠪᠡᠨ ᠲᠠᠯ᠎ᠠ︾ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ | ᠲᠣᠭᠲᠠᠭᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠴᠢᠩᠭ᠎ᠠ ᠬᠢᠨᠠᠨ ᠵᠢᠯᠤᠭᠤᠳᠴᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠨᠠᠷᠢᠨ | ᠬᠢᠨᠠᠮᠠᠭᠠᠶ ᠬᠠᠷᠢᠭᠤᠴᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠤᠨ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ | ᠢ ᠠᠷᠭᠠᠴᠠᠭᠠᠨ ᠰᠢᠶᠳᠪᠦᠷᠢᠯᠡᠬᠦ ᠡᠯ᠎ᠡ ᠵᠦᠶᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠡᠷᠡᠭᠦᠯ | ᠮᠡᠨᠳᠦ᠂ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠪᠠᠶᠠᠷ ᠤᠨ ᠡᠳᠦᠷ ᠤᠨ ᠬᠤᠭᠤᠴᠠᠭᠠᠨ ᠳᠤ | ᠴᠤᠭᠯᠠᠷᠠᠯ ᠢ ᠪᠠᠭᠠᠰᠬᠠᠬᠤ᠂ ᠠᠮᠠᠪᠴᠢ ᠵᠡᠭᠦᠬᠦ᠂ ᠭᠠᠷ ᠢᠶᠠᠨ ᠰᠠᠶᠢᠳᠤᠷ ᠤᠬᠢᠶᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ | ᠬᠤᠪᠢᠳᠠᠨ ᠬᠤᠭᠤᠯᠠᠯᠠᠬᠤ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠲᠠᠯᠠᠵᠤ᠂ ᠢᠷᠡᠯᠲᠡ | ᠨᠢ ᠲᠣᠳᠣᠷᠬᠠᠶ ᠥᠬᠡᠶ ᠪᠤᠶᠤ ᠥᠭᠦᠭᠰᠡᠨ ᠰᠢᠯᠲᠠᠭᠠᠨ ᠨᠢ ᠲᠣᠳᠣᠷᠬᠠᠶ ᠪᠤᠰᠤ ᠮᠠᠯ ᠵᠢᠭᠦᠷᠲᠡᠨ ᠤ ᠮᠢᠬ᠎ᠠ᠂ | ᠬᠥᠯᠳᠡᠭᠡᠭᠰᠡᠨ ᠢᠳᠡᠭᠡᠨ᠂ ᠳᠠᠯᠠᠢ ᠶᠢᠨ ᠭᠠᠷᠤᠯᠲᠠ ᠶᠢ ᠬᠤᠳᠠᠯᠳᠤᠨ ᠠᠪᠴᠤ ᠪᠣᠯᠬᠤ ᠥᠬᠡᠶ᠂ ᠬᠠᠨᠢᠶᠠᠯᠭᠠᠬᠤ᠂ | ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ ᠠᠰᠠᠭᠤᠨ ᠯᠠᠪᠯᠠᠬᠤ | ᠤᠲᠠᠰᠤ᠄ | ᠲᠣᠭᠲᠠᠭᠰᠠᠨ ᠡᠮᠨᠡᠯᠭᠡ ᠶᠢᠨ ᠬᠤᠷᠢᠶ᠎ᠠ ︵ᠬᠤᠰᠢᠭᠤ ᠡᠮᠨᠡᠯᠭᠡ ᠶᠢᠨ ᠬᠤᠷᠢᠶ᠎ᠠ︶᠄ 13604795333 | ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ᠄ 13947958278᠂ 15647980537 | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0479 —3529347 | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ | 2020 ᠣᠨ ᠤ 12 ᠰᠠᠷ᠎ᠠ ᠶᠢᠨ 29 ᠤ ᠡᠳᠦᠷ | |