ᠬᠤᠳᠠ ᠶᠢᠨ ᠬᠤᠭ ᠨᠣᠪᠰᠢ ᠶᠢ ᠴᠡᠪᠡᠷᠯᠡᠵᠦ᠂ ᠠᠮᠢᠳᠣᠷᠠᠯ ᠠᠬᠤᠢ ᠪᠠᠨ ᠠᠷᠢᠭᠤᠨ ᠴᠡᠪᠡᠷ ᠪᠠᠶᠢᠯᠭᠠᠶ᠎ᠠ | | 6 ᠰᠠᠷ᠎ᠠ ᠶᠢᠨ 17 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠦᠨ ᠤ | ᠪᠠᠶ᠋ᠬᠠᠭᠤᠯᠠ ᠰᠠᠭᠤᠭᠠᠯᠢ ᠲᠣᠭᠤᠷᠢᠭ ᠨᠢ ᠵᠠᠬ᠎ᠠ ᠳᠡᠯᠬᠡᠬᠦᠷ ᠤᠨ ᠬᠢᠨᠠᠨ ᠬᠠᠮᠢᠶᠠᠷᠣᠯᠳᠠ ᠶᠢᠨ ᠲᠣᠪᠴᠢᠶ᠎ᠠ ᠲᠠᠢ | ᠬᠠᠮᠳᠣᠷᠠᠨ᠂ ᠪᠣᠯᠪᠠᠰᠦᠨ ᠬᠤᠰᠢᠭᠤ ᠰᠢᠶᠠᠨ ᠢ ᠪᠦᠲᠦᠬᠡᠨ ᠪᠠᠶᠢᠭᠤᠯᠬᠤ ᠪᠠᠷ ᠣᠷᠢᠳᠠᠯ ᠪᠣᠯᠭᠠᠨ᠂ ᠣᠷᠴᠢᠨ | ᠲᠣᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠬᠦᠯᠦᠭᠰᠡᠨ ᠪᠠᠶᠢᠨ᠎ᠠ᠃ | ᠳᠣᠰ ᠣᠳᠠᠭᠠᠨ ᠤ ᠠᠵᠢᠯᠯᠠᠭ᠎ᠠ ᠳᠤ ᠬᠤᠶᠠᠷ ᠳᠣᠭᠤᠶᠢᠯᠠᠩ ᠬᠤᠪᠢᠶᠠᠵᠦ᠂ ᠵᠡᠭᠡᠯᠡᠢ ᠶᠢᠨ ᠬᠤᠭ ᠨᠤᠪᠰᠢ ᠶᠢ | ᠴᠡᠪᠡᠷᠯᠡᠨ ᠠᠷᠢᠯᠭᠠᠵᠤ᠂ ᠬᠡᠷᠡᠮ ᠬᠠᠨ᠎ᠠ ᠳᠡᠭᠡᠷ᠎ᠡ ᠳᠣᠷ᠎ᠠ ᠪᠠᠷ ᠨᠠᠭᠠᠭᠰᠠᠨ ᠵᠠᠷ ᠮᠡᠳᠡᠭᠡ ᠵᠡᠷᠬᠡ ᠶᠢ ᠠᠷᠢᠯᠭᠠᠵᠦ᠂ | ᠦᠷᠭᠡᠨ ᠤᠯᠠᠨ ᠰᠠᠭᠤᠭᠠᠯᠢ ᠠᠷᠠᠳ ᠲᠤ ᠪᠤᠯᠪᠠᠰᠤᠨ ᠬᠤᠰᠢᠭᠤ ᠰᠢᠶᠠᠨ ᠢ ᠬᠠᠮᠳᠤᠪᠠᠷ ᠪᠠᠶᠢᠭᠤᠯᠬᠤ ᠤᠬᠠᠭᠤᠯᠭ᠎ᠠ | ᠬᠢᠭᠰᠡᠨ ᠪᠠᠶᠢᠨ᠎ᠠ᠃ ᠠᠵᠢᠯᠯᠠᠭᠠᠨ ᠳᠤ ᠣᠷᠣᠯᠴᠠᠭᠰᠠᠨ ᠬᠦᠮᠦᠨ ᠪᠦᠬᠦᠨ ᠪᠣᠵᠠᠷ ᠪᠣᠷᠳᠤᠭ᠂ ᠶᠠᠳᠠᠷᠠᠯ ᠵᠦᠳᠡᠷᠡᠯ ᠠᠴᠠ | ᠠᠶᠣᠬᠤ ᠦᠬᠡᠢ ᠠᠵᠢᠯᠯᠠᠵᠦ᠂ ᠬᠤᠷᠢᠶᠠᠵᠦ ᠠᠪᠣᠭᠰᠠᠨ ᠬᠤᠭ ᠨᠣᠪᠰᠢ ᠪᠠᠨ ᠳᠣᠭᠳᠠᠭᠰᠠᠨ ᠭᠠᠵᠠᠷ ᠲᠤ ᠣᠪᠣᠭᠠᠯᠠᠨ᠂ | ᠵᠠᠷᠢᠮ ᠢ ᠨᠢ ᠬᠤᠭ ᠨᠣᠪᠰᠢ ᠬᠤᠷᠢᠶᠠᠬᠤ ᠲᠡᠷᠬᠡ ᠪᠠᠷ ᠲᠡᠭᠡᠭᠡᠪᠦᠷᠢᠯᠡᠨ ᠬᠠᠶᠠᠭᠰᠠᠨ ᠪᠠᠶᠢᠨ᠎ᠠ᠃ | ᠳᠣᠰ ᠣᠳᠠᠭᠠᠨ ᠤ ᠠᠵᠢᠯᠯᠠᠭ᠎ᠠ ᠨᠢ᠂ ᠣᠯᠠᠨ ᠢᠶᠠᠷ ᠢᠶᠠᠨ ᠪᠣᠳᠠᠳᠠᠢ ᠦᠢᠯᠡ ᠠᠵᠢᠯᠯᠠᠭ᠎ᠠ ᠪᠠᠷ ᠢᠶᠠᠨ ᠨᠡᠶᠢᠬᠡᠮ | ᠵᠢᠷᠣᠮ ᠤᠨ ᠭᠤᠣᠯᠯᠠᠭᠴᠢ ᠥᠷᠳᠡᠭ ᠤᠨ ᠦᠵᠡᠯᠳᠡ ᠢ ᠦᠢᠯᠡᠳᠦᠯᠭᠡᠵᠢᠬᠦᠯᠵᠤ᠂ ᠨᠡᠩ ᠣᠯᠠᠨ ᠬᠤᠳᠠ ᠶᠢᠨ ᠠᠷᠠᠳ ᠢ | ᠣᠷᠢᠶᠠᠯᠠᠨ᠂ ᠪᠣᠯᠪᠠᠰᠦᠨ ᠬᠤᠰᠢᠭᠤ ᠰᠢᠶᠠᠨ ᠢ ᠪᠦᠲᠦᠬᠡᠨ ᠪᠠᠶᠢᠭᠤᠯᠬᠤ ᠠᠵᠢᠯᠯᠠᠭ᠎ᠠ ᠳᠤ ᠣᠷᠣᠯᠴᠠᠭᠤᠯᠵᠦ᠂ ᠴᠡᠪᠡᠷ | ᠭᠤᠶᠣᠮᠰᠤᠭ ᠭᠡᠷ ᠣᠷᠣᠨ ᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | | |