锡林郭勒盟365bet知乎_365bet官方体育投注_365bet娱乐场平台珠穆沁旗 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠦᠢᠯᠡᠳᠪᠤᠷᠢ  ᠠᠭᠤᠷᠬᠠᠶ  ᠶᠢᠨ  ᠠᠵᠤ  ᠠᠬᠤᠶᠢᠯᠠᠯ᠂  ᠪᠠᠷᠢᠯᠭ᠎ᠠ  ᠶᠢᠨ  ᠭᠠᠵᠠᠷ  ᠬᠢᠵᠢᠭ  ᠤᠨ  ᠪᠠᠶᠢᠳᠠᠯ  ᠢ  ᠰᠡᠷᠭᠡᠶᠢᠯᠡᠨ  ᠡᠵᠡᠮᠳᠡᠬᠦ  ᠬᠠᠷᠢᠭᠤᠴᠠᠯᠭ᠎ᠠ ᠶᠢ ᠪᠠᠶᠢᠩᠭᠤ ᠶᠢᠨ ᠴᠢᠨᠠᠷᠳᠠᠢ ᠨᠠᠶᠢᠳᠠᠪᠤᠷᠢᠵᠢᠭᠤᠯᠬᠤ ᠲᠤᠬᠠᠶ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ ᠤᠨ ᠵᠠᠷᠯᠠᠯ
        ᠨᠡᠶᠢᠲᠡᠯᠡᠭᠰᠡᠨ ᠴᠠᠭ᠄
        2020/8/13
        ᠦᠢᠯᠡᠳᠪᠤᠷᠢ  ᠠᠭᠤᠷᠬᠠᠶ  ᠶᠢᠨ  ᠠᠵᠤ  ᠠᠬᠤᠶᠢᠯᠠᠯ᠂  ᠪᠠᠷᠢᠯᠭ᠎ᠠ  ᠶᠢᠨ  ᠭᠠᠵᠠᠷ  ᠬᠢᠵᠢᠭ  ᠤᠨ  ᠪᠠᠶᠢᠳᠠᠯ  ᠢ  ᠰᠡᠷᠭᠡᠶᠢᠯᠡᠨ  ᠡᠵᠡᠮᠳᠡᠬᠦ  ᠬᠠᠷᠢᠭᠤᠴᠠᠯᠭ᠎ᠠ ᠶᠢ ᠪᠠᠶᠢᠩᠭᠤ ᠶᠢᠨ ᠴᠢᠨᠠᠷᠳᠠᠢ ᠨᠠᠶᠢᠳᠠᠪᠤᠷᠢᠵᠢᠭᠤᠯᠬᠤ ᠲᠤᠬᠠᠶ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ ᠤᠨ ᠵᠠᠷᠯᠠᠯ                                                                                           ︵10 ᠳ᠋ᠤᠭᠠᠷ ᠲᠤᠭᠠᠳᠤ︶    ⒈ ᠦᠢᠯᠡᠳᠪᠤᠷᠢ ᠠᠭᠤᠷᠬᠠᠢ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠨ᠂ ᠬᠢᠵᠢᠭ ᠤᠨ ᠪᠠᠶᠢᠳᠠᠯ ᠢ ᠲᠣᠳᠣᠷᠬᠠᠶ ᠲᠠᠨᠢᠵᠤ᠂ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢᠶᠠᠨ ᠴᠢᠩᠭᠠᠳᠬᠠᠨ᠂ ᠰᠤᠨᠤᠷ ᠰᠡᠷᠡᠮᠵᠢ ᠴᠢᠩᠭ᠎ᠠ ᠪᠠᠶᠢᠵᠦ᠂ ᠨᠠᠷᠢᠯᠢᠭ ᠤᠨᠤᠪᠴᠢᠳᠠᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠬᠦᠮᠦᠨ ᠤ ᠲᠤᠭ᠎ᠠ ᠶᠢ ᠪᠠᠭᠠᠰᠬᠠᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠂ ᠡᠯ᠎ᠡ ᠵᠦᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠤᠬᠢᠷᠠᠭᠤᠯᠤᠨ ᠲᠡᠭᠦᠯᠳᠡᠷᠵᠢᠭᠦᠯᠵᠦ᠂ ᠬᠢᠵᠢᠭ ᠤᠨ ᠰᠡᠷᠭᠡᠶᠢᠯᠡᠯᠳᠡ ᠶᠢᠨ ᠡᠳ᠋ ᠪᠤᠳᠠᠰ ᠢ ᠰᠠᠶᠢᠳᠤᠷ ᠨᠦᠭᠡᠴᠡᠯᠡᠨ᠂ ᠠᠮᠠᠪᠴᠢ᠂ ᠪᠡᠶ᠎ᠡ ᠶᠢᠨ ᠳᠤᠯᠠᠭᠠᠨ ᠢ ᠬᠡᠮᠵᠢᠬᠦ ᠬᠡᠮᠵᠢᠭᠦᠷ᠂ ᠠᠷᠢᠭᠤᠳᠬᠠᠬᠤ ᠰᠢᠩᠭᠡᠨ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠲᠤᠬᠢᠷᠠᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠳᠡᠢ᠃   ⒉ ᠪᠠᠶᠢᠷᠢ᠂ ᠬᠤᠭᠤᠯᠠᠨ ᠭᠡᠷ᠂ ᠪᠡᠶ᠎ᠡ ᠤᠬᠢᠶᠠᠬᠤ ᠭᠡᠷ᠂ ᠵᠣᠷᠯᠣᠩ᠂ ᠠᠮᠠᠷᠠᠬᠤ ᠭᠡᠷ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠣᠯᠤᠨ ᠬᠥᠮᠦᠨ ᠣᠯᠠᠨ ᠴᠤᠭᠯᠠᠷᠠᠬᠤ ᠭᠠᠵᠠᠷ ᠢ ᠡᠳᠦᠷ ᠪᠦᠷᠢ ᠠᠷᠢᠭᠤᠳᠬᠠᠬᠤ ᠪᠠ ᠠᠭᠠᠷ ᠰᠠᠯᠬᠢ ᠨᠡᠪᠳᠡᠷᠡᠭᠦᠯᠬᠦ ᠬᠡᠷᠡᠭᠳᠡᠢ᠃ ᠠᠮᠢᠳᠤᠷᠠᠯ ᠤᠨ ᠲᠣᠭᠤᠷᠢᠭ᠂ ᠠᠵᠢᠯᠯᠠᠬᠤ ᠲᠣᠭᠤᠷᠢᠭ ᠤᠨ ᠡᠳᠦᠷ ᠲᠤᠲᠤᠮ ᠤᠨ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠵᠦ᠂ ᠬᠤᠭ ᠪᠤᠷᠲᠠᠭ ᠲᠠᠢ ᠭᠠᠵᠠᠷ ᠢ ᠴᠠᠭ ᠲᠤᠬᠠᠢ ᠳᠤᠨᠢ ᠴᠡᠪᠡᠷᠯᠡᠬᠦ ᠬᠡᠷᠡᠭᠳᠡᠢ᠃    ⒊ᠠᠵᠢᠯᠴᠢᠨ ᠤ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂  ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠭᠤᠷᠤᠨᠳᠤ ᠪᠠᠨ ︽ᠨᠢᠭᠡ ᠮᠧᠲᠷ ᠤᠨ ᠵᠠᠢ︾ ᠲᠠᠢ ᠪᠠᠶᠢᠬᠤ᠂ ᠭᠠᠷ ᠢᠶᠠᠨ ᠰᠠᠶᠢᠳᠤᠷ ᠤᠬᠢᠶᠠᠬᠤ᠂ ᠠᠮᠠᠪᠴᠢ ᠵᠡᠭᠦᠬᠦ᠂ ᠨᠡᠶᠢᠲᠡ ᠶᠢᠨ ᠰᠠᠪᠬ᠎ᠠ ᠬᠡᠷᠡᠭᠯᠡᠬᠦ ᠪᠠ ᠬᠠᠨᠢᠶᠠᠬᠤ᠂ ᠨᠠᠶᠢᠲᠠᠭᠠᠬᠤ ᠦᠶᠡᠰ ᠳᠡᠭᠡᠨ ᠠᠮᠠ ᠬᠠᠮᠠᠷ ᠢᠶᠠᠨ ᠬᠠᠯᠬᠠᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠬᠤ ᠪᠠ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠬᠤ ᠬᠡᠷᠡᠭᠲᠡᠶ᠃   ⒋ ᠭᠠᠷᠴᠦ ᠣᠷᠤᠬᠤ ᠡᠭᠦᠳᠡᠨ ᠤ ᠬᠤᠷᠢᠭ᠎ᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠦᠢᠯᠡᠳᠪᠤᠷᠢ ︵ᠠᠭᠤᠷᠬᠠᠢ︶ ᠳᠤ ᠣᠷᠤᠬᠤ ᠠᠵᠢᠯᠲᠠᠨ ᠠᠵᠢᠯᠴᠢᠨ᠂ ᠰᠤᠷᠪᠤᠯᠵᠢᠯᠠᠭᠰᠠᠳ᠂ ᠦᠢᠯᠡᠴᠢᠯᠡᠭᠡ ᠬᠠᠩᠭᠠᠬᠤ ᠬᠤᠳᠠᠯᠳᠤᠭᠠᠴᠢᠨ ᠵᠡᠷᠭᠡ ᠡᠯ᠎ᠡ ᠲᠥᠷᠥᠯ ᠤᠨ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠪᠠ ᠡᠷᠡᠬᠦᠯ ᠮᠡᠨᠳᠦ ᠶᠢᠨ ᠺᠤᠳ᠋ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠵᠢᠯᠲᠠᠨ᠂ ᠲᠡᠷᠭᠡ  ᠤᠨᠤᠭᠠᠨ ᠤ ᠤᠷᠤᠵᠦ ᠭᠠᠷᠬᠤ ᠶᠢ ᠰᠠᠶᠢᠲᠤᠷ ᠲᠠᠩᠰᠠᠯᠠᠬᠤ ᠬᠡᠷᠡᠭᠳᠡᠢ᠃   ⒌ ᠠᠵᠢᠯᠳᠠᠳ ᠬᠤᠭᠤᠯᠠᠯᠠᠬᠤ ᠳᠤ ᠪᠦᠯᠦᠭ ᠬᠤᠪᠢᠶᠠᠵᠦ᠂ ᠬᠤᠪᠢ ᠬᠤᠪᠢ ᠪᠠᠷ ᠢᠶᠠᠨ ᠠᠶᠠᠭᠠᠯᠠᠨ ᠬᠤᠭᠤᠯᠠᠯᠠᠬᠤ ᠲᠦᠷᠢᠮ ᠢ ᠳᠦᠭᠡᠮᠡᠯᠵᠢᠬᠦᠯᠦᠨ᠎ᠡ᠃ ᠠᠵᠢᠯ ᠳᠤ ᠭᠠᠷᠬᠤ ᠳᠡᠷᠭᠡᠨ ᠳᠤ ᠰᠠᠭᠤᠳᠠᠯ ᠠᠯᠤᠰᠯᠠᠨ ᠰᠠᠭᠤᠬᠤ᠂ ᠣᠷᠭᠢᠯ ᠴᠠᠭ ᠢ ᠠᠯᠤᠰᠯᠠᠨ ᠬᠦᠷᠭᠡᠬᠦ ᠵᠡᠷᠭᠡ ᠠᠷᠭ᠎ᠠ ᠮᠠᠶ᠋ᠢᠭ ᠢ ᠠᠪᠬᠤ ᠶᠢᠨ ᠬᠠᠮᠲᠤ ᠠᠷᠢᠭᠤᠳᠬᠠᠬᠤ ᠠᠵᠢᠯ ᠢ ᠰᠠᠶᠢᠲᠤᠷ ᠬᠢᠵᠦ ᠂ ᠬᠢᠵᠢᠭ ᠳᠡᠯᠭᠡᠷᠡᠬᠦ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃   ⒍ᠪᠠᠴᠢᠮ ᠪᠠᠶᠢᠳᠠᠯ ᠢ ᠠᠷᠭᠠᠴᠠᠭᠠᠬᠤ ᠲᠤᠰᠠᠭᠠᠷᠯᠠᠨ ᠠᠵᠢᠭᠯᠠᠬᠤ ᠲᠣᠭᠤᠷᠢᠭ ᠪᠠᠶᠢᠭᠤᠯᠵᠤ᠂  ᠠᠵᠢᠯᠳᠠᠳ ᠲᠤ ᠰᠡᠵᠢᠭ ᠲᠠᠢ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠶ ᠳᠤᠨᠢ ᠲᠤᠰᠠᠭᠠᠷᠯᠠᠬᠤ ᠶᠢᠨ ᠬᠠᠮᠲᠤ ᠡᠮᠨᠡᠬᠦᠯᠬᠦ ᠪᠠᠷ ᠲᠣᠬᠢᠷᠠᠭᠤᠯᠬᠤ ᠬᠡᠷᠡᠭᠲᠡᠶ᠃ ᠮᠡᠳᠡᠭᠦᠯᠦᠯᠲᠡ ᠶᠢᠨ ᠠᠷᠭ᠎ᠠ ᠵᠠᠮ ᠢ ᠰᠢᠯᠤᠭᠤᠳᠬᠠᠨ᠂ ᠬᠡᠪ ᠤᠨ ᠪᠤᠰᠤ ᠪᠠᠶᠢᠳᠠᠯ ᠢᠯᠡᠷᠡᠪᠡᠯ᠂ ᠡᠩ ᠲᠡᠷᠢᠭᠦᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ᠂ ᠬᠠᠮᠢᠶ᠎ᠠ ᠪᠦᠬᠦᠢ ᠪᠠᠶᠢᠴᠠᠭᠠᠯᠲᠠ ᠬᠢᠬᠦ᠂ ᠣᠷᠣᠨ ᠪᠦᠰᠡ ᠶᠢ ᠪᠢᠲᠡᠭᠦᠮᠵᠢᠯᠡᠬᠦ᠂ ᠠᠷᠢᠭᠤᠳᠬᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    ⒎ᠳᠤᠮᠳᠠ᠂ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ᠠᠴᠠ ᠠᠵᠢᠯ ᠤᠨ ᠪᠠᠶᠢᠷᠢ ᠳᠠᠭᠠᠨ ᠪᠤᠴᠠᠭᠰᠠᠨ ᠬᠥᠮᠦᠰ ᠤᠨ ᠮᠡᠳᠡᠭᠡ ᠵᠠᠩᠭᠢ ᠶᠢ ᠰᠠᠶᠢᠲᠤᠷ ᠲᠠᠩᠰᠠᠯᠠᠵᠦ᠂ ᠴᠠᠭ ᠲᠤᠬᠠᠶ ᠳᠤᠨᠢ ᠳᠡᠰ ᠳᠠᠷᠠᠭᠠᠯᠠᠯ ᠶᠤᠰᠤᠭᠠᠷ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠲᠤ ᠮᠡᠳᠡᠭᠦᠯᠵᠦ᠂ 7 ᠡᠳᠦᠷ ᠤᠨ ᠳᠤᠳᠤᠷᠠᠬᠢ ᠬᠦᠴᠦᠨ ᠲᠠᠢ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠭᠡᠷᠡᠴᠢ ᠪᠠᠨ ᠬᠠᠩᠭᠠᠵᠤ ᠴᠢᠳᠠᠪᠠᠯ᠂ ᠠᠵᠤ ᠠᠬᠤᠶᠢᠯᠠᠯ ᠠᠴᠠ ᠡᠷᠡᠭᠦᠯ ᠮᠡᠨᠳᠦ ᠶᠢᠨ ᠠᠵᠢᠭᠯᠠᠯᠳᠠ ᠶᠢ ᠰᠠᠶᠢᠲᠤᠷ ᠬᠢᠨ᠎ᠠ᠃ ᠬᠡᠷᠪᠡ 7 ᠡᠳᠦᠷ ᠤᠨ ᠳᠤᠳᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠭᠰᠠᠨ ᠭᠡᠷᠡᠴᠢ ᠢᠶᠠᠨ ᠬᠠᠩᠭᠠᠵᠤ ᠴᠢᠳᠠᠬᠤ ᠦᠭᠡᠢ ᠪᠣᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠠᠷ ᠤᠷᠢᠳᠴᠢᠯᠠᠨ ᠪᠣᠯᠵᠣᠬᠤ ᠶᠢᠨ ᠬᠠᠮᠲᠤ ᠲᠤᠰᠠᠭᠠᠷᠯᠠᠬᠤ ᠠᠷᠭ᠎ᠠ ᠬᠡᠮᠵᠢᠶ᠎ᠡ ᠶᠢ ᠰᠠᠶᠢᠳᠤᠷ ᠬᠢᠵᠦ᠂ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠡᠭᠦᠨ ᠤ ᠬᠠᠮᠲᠤ᠂ ᠥᠷᠭᠡᠨ ᠣᠯᠠᠨ ᠠᠵᠢᠯᠲᠠᠳ ᠢᠳᠡᠪᠬᠢᠲᠡᠶ ᠪᠠᠷ ᠬᠢᠨᠠᠯᠲᠠ ᠲᠠᠯᠪᠢᠵᠤ ᠢᠯᠡᠴᠢᠯᠡᠨ ᠮᠡᠳᠡᠬᠦᠯᠬᠦ ᠶᠢ ᠤᠷᠢᠶᠠᠯᠠᠨ᠂ ᠬᠡᠷᠪᠡ ᠳᠡᠷᠭᠡᠳᠡ ᠨᠢ ᠮᠡᠳᠡᠬᠦᠯᠵᠦ ᠲᠠᠩᠰᠠᠯᠠᠭᠰᠠᠨ ᠦᠭᠡᠢ ᠬᠥᠮᠦᠨ ᠪᠠᠶᠢᠬᠤ ᠶᠢ ᠣᠯᠵᠤ ᠮᠡᠳᠡᠪᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠲᠤ ᠢᠳᠡᠪᠬᠢᠲᠡᠶ ᠪᠠᠷ ᠢᠯᠡᠴᠢᠯᠡᠨ ᠮᠡᠳᠡᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠬᠠᠮᠲᠤᠪᠠᠷ ᠰᠠᠶᠢᠲᠤᠷ ᠬᠠᠮᠠᠭᠠᠯᠠᠬᠤ ᠬᠡᠷᠡᠭᠳᠡᠢ᠃    ⒏ ᠠᠵᠤ ᠠᠬᠤᠶᠢᠯᠠᠯ ᠤᠨ ᠸᠢᠴᠠᠲ ᠤᠨ ᠴᠤᠭᠯᠠᠷᠠᠯ᠂ ᠡᠯᠧᠺᠲᠷᠣᠨ ᠳᠡᠯᠭᠡᠴᠡ᠂ ᠬᠥᠨᠳᠡᠯᠡᠨ ᠪᠢᠴᠢᠭᠡᠰᠦ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠰᠢᠨᠡᠳᠬᠡᠨ ᠤᠬᠠᠭᠤᠯᠭ᠎ᠠ ᠬᠥᠮᠦᠵᠢᠯ ᠬᠢᠬᠦ ᠪᠠᠨ ᠴᠢᠩᠭᠠᠳᠬᠠᠨ᠂ ᠠᠵᠢᠯᠳᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃   ⒐ᠡᠯ᠎ᠡ ᠦᠢᠯᠡᠳᠪᠤᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠤᠨ ᠭᠤᠤᠯ ᠬᠠᠷᠢᠭᠤᠴᠠᠯᠭᠠᠳᠠᠨ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠪᠢᠳᠠᠨ ᠬᠠᠮᠢᠶᠠᠷᠬᠤ  ᠬᠠᠷᠢᠭᠤᠴᠠᠯᠭᠠᠳᠠᠨ ᠨᠢ ᠰᠠᠷ᠎ᠠ ᠪᠦᠷᠢ ᠲᠤᠰ ᠨᠢᠭᠡᠴᠡ ᠶᠢᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠦᠷᠨᠢᠬᠦᠯᠬᠦ ᠬᠡᠷᠡᠭᠲᠡᠶ᠃ 24 ᠴᠠᠭ ᠤᠨ ᠵᠢᠵᠢᠭᠦᠷᠯᠡᠬᠦ ᠳᠦᠷᠢᠮ ᠢ ᠪᠠᠶᠢᠭᠤᠯᠵᠤ᠂ ᠵᠢᠵᠢᠭᠦᠷᠯᠡᠬᠦ ᠤᠳᠤᠷᠢᠳᠤᠯᠭ᠎ᠠ ᠪᠣᠯᠤᠨ ᠵᠢᠵᠢᠭᠦᠷᠯᠡᠭᠴᠢ ᠶᠢ ᠳᠤᠬᠢᠷᠠᠭᠤᠯᠤᠨ᠂ ᠡᠳᠦᠷ ᠪᠦᠷᠢ ᠦᠢᠯᠡᠳᠪᠤᠷᠢ ᠠᠭᠤᠷᠬᠠᠶ᠂ ᠦᠢᠯᠡᠳᠪᠦᠷᠢ ᠶᠢᠨ ᠲᠣᠭᠤᠷᠢᠭ᠂ ᠪᠠᠷᠢᠯᠭ᠎ᠠ ᠶᠢᠨ ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠨ᠎ᠠ᠃ ᠵᠢᠵᠢᠭᠦᠷ ᠤᠨ ᠲᠡᠮᠳᠡᠭᠯᠡᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ  ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    ⒑ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠯᠠᠭᠤᠷᠠᠬᠤ᠂ ᠬᠠᠨᠢᠶᠠᠯᠭᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠦᠰ ᠢ ᠴᠠᠭ ᠲᠤᠬᠠᠶ ᠳᠤᠨᠢ ᠣᠶᠢᠷ᠎ᠠ ᠬᠠᠪᠢ ᠶᠢᠨ ᠡᠮᠨᠡᠯᠭᠡ ᠳᠤ ᠡᠮᠨᠡᠭᠦᠯᠵᠦ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠠᠴᠠ ᠵᠠᠶᠢᠯᠠᠰᠬᠢᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃    ⒒ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠦᠢᠯᠡᠳᠪᠤᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠲᠤ ᠴᠢᠩᠭ᠎ᠠ ᠬᠢᠨᠠᠯᠲᠠ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠭᠤᠤᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠬᠡᠷᠡᠭᠲᠡᠶ᠃ ᠳᠣᠲᠣᠭᠠᠳᠤ ᠶᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠱᠠᠭᠠᠷᠳᠠᠨ ᠨᠠᠶᠢᠳᠠᠪᠤᠷᠢᠵᠢᠭᠤᠯᠵᠦ᠂ ᠳᠤᠲᠠᠭᠤᠳᠠᠯ ᠢ ᠨᠥᠬᠦᠪᠥᠷᠢᠯᠡᠨ᠂ ᠠᠯᠳᠠᠰᠢ ᠭᠠᠷᠬᠤ ᠶᠢ  ᠰᠡᠷᠭᠡᠶᠢᠯᠡᠨ᠂ ᠳᠠᠯᠳᠠ ᠭᠡᠮ ᠰᠤᠭᠤᠭ ᠢ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠳᠡᠢ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠤᠨ ᠤᠲᠠᠰᠤ᠄ 0479 — 6827397    ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ ︵ᠪᠥᠭᠡᠮ ᠬᠦᠴᠢᠯ ᠤᠨ ᠪᠠᠶᠢᠴᠠᠭᠠᠯᠳᠠ ᠶᠢ ᠤᠷᠢᠳᠴᠢᠯᠠᠨ ᠪᠤᠯᠵᠤᠬᠤ ᠤᠳᠠᠰᠤ︶᠄ 0479 — 3529347    ᠬᠤᠰᠢᠭᠤ ᠲᠤᠭᠲᠠᠭᠰᠠᠨ ᠡᠮᠨᠡᠯᠭᠡ ᠶᠢᠨ ᠬᠤᠷᠢᠶ᠎ᠠ ᠶᠢᠨ  ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠶᠢᠨ ᠤᠲᠠᠰᠤ᠄ 13947958278     ᠪᠠᠶᠠᠨᠬᠤᠸᠠ ᠠᠭᠤᠷᠬᠠᠶ ᠶᠢᠨ ᠣᠷᠣᠨ ᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠶᠢᠨ ᠤᠲᠠᠰᠤ᠄ 0479 — 3830120                  ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ                       2020 ᠣᠨ ᠤ 8 ᠰᠠᠷ᠎ᠠ ᠶᠢᠨ 11 ᠤ ᠡᠳᠦᠷ
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号