ᠪᠠᠷᠠᠭᠤᠨ ᠦᠵᠦᠮᠦᠴᠢᠨ ᠬᠤᠰᠢᠭᠤᠨ ᠤ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠤᠨ ᠰᠢᠨ᠎ᠠ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠭᠦ ᠲᠤᠬᠠᠢ | ᠮᠡᠳᠡᠭᠳᠡᠯ ᠤᠨ ᠪᠢᠴᠢᠭ | | | ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠠ ᠭᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠤᠭᠤᠳᠬᠤ ᠭᠡᠯᠳᠡᠰ ᠤᠨ | ᠠᠯᠪᠠᠨ ᠵᠠᠷᠯᠠᠯ︾ ︵1 ᠳ᠋ᠤᠭᠡᠷ ᠲᠤᠭᠠᠳᠤ︶ ︵36 ᠳ᠋ᠤᠭᠠᠷ ᠲᠤᠭᠠᠳᠤ︶ ᠢ ᠦᠨᠳᠤᠰᠦᠯᠠᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ︽ᠭᠠᠳᠠᠨ᠎ᠠ ᠠᠴᠠ ᠬᠢᠵᠢᠭ | ᠬᠠᠯᠳᠠᠪᠤᠷᠢᠯᠠᠨ ᠤᠷᠤᠵᠤ ᠢᠷᠡᠭᠦ ᠪᠠ ᠲᠤᠳᠤᠭᠠᠳᠤ ᠳᠤ ᠲᠠᠬᠢᠨ ᠡᠭᠦᠰᠭᠦ ᠶᠢ ᠰᠡᠷᠭᠡᠶᠢᠯᠡᠭᠦ︾ ᠠᠵᠢᠯ ᠤᠨ ᠱᠠᠭᠠᠷᠳᠠᠯᠭ᠎ᠠ | ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠪᠠ ᠤᠷᠤᠰᠢᠭᠤᠯᠭ᠎ᠠ ᠶᠢᠨ ᠤᠶᠢᠯᠡᠴᠢᠯᠡᠭᠡᠨ ᠤ | ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠬᠢᠵᠤ᠂ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ | ᠪᠦᠳᠦᠮᠵᠢᠳᠠᠢ ᠰᠡᠷᠭᠡᠶᠢᠯᠡᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ | ᠮᠠᠨ ᠤ ᠬᠤᠰᠢᠭᠤᠨ ᠤ ᠤᠷᠤᠰᠢᠭᠤᠯᠭ᠎ᠠ ᠶᠢᠨ ᠤᠶᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠭᠦ ᠲᠤᠬᠠᠢ ᠬᠤᠯᠪᠤᠭᠳᠠᠯ ᠪᠦᠭᠦᠢ ᠤᠴᠢᠷ ᠢ ᠲᠤᠤᠷ᠎ᠠ ᠮᠡᠳᠡᠭᠳᠡᠶ᠎ᠠ᠄ | ᠨᠢᠭᠡ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠰᠢᠭᠤᠯᠭ᠎ᠠ ᠶᠢᠨ ᠶᠤᠰᠤᠯᠠᠯ ᠳᠤ ᠤᠷᠤᠯᠴᠠᠬᠤ | ᠭᠦᠮᠦᠨ ᠤ ᠲᠤᠭ᠎ᠠ ᠶᠢ ᠴᠢᠩᠭ᠎ᠠ ᠬᠢᠵᠠᠭᠠᠷᠯᠠᠨ᠎ᠠ᠃ ᠤᠷᠤᠰᠢᠭᠤᠯᠭ᠎ᠠ ᠶᠢᠨ ᠶᠤᠰᠤᠯᠠᠯ ᠳᠤ ᠤᠷᠤᠯᠴᠠᠬᠤ ᠭᠦᠮᠦᠨ ᠤ | ᠲᠤᠭ᠎ᠠ 20 ᠭᠦᠮᠦᠨ ᠠᠴᠠ ᠭᠡᠳᠦᠷᠡᠵᠤ ᠪᠤᠯᠬᠤ ᠦᠭᠡᠢ᠂ ᠴᠢᠨᠳᠠᠷ ᠰᠠᠬᠢᠬᠤ ᠶᠢ ᠵᠤᠭᠰᠤᠭᠠᠵᠤ᠂ ᠴᠢᠨᠳᠠᠷ ᠰᠠᠬᠢᠬᠤ | ᠬᠤᠭᠤᠴᠠᠭᠠᠨ ᠳᠤ ᠴᠢᠨᠳᠠᠷ ᠢ ᠬᠠᠳᠠᠭᠠᠯᠠᠵᠤ ᠪᠤᠯᠤᠨ᠎ᠠ᠂ ᠡᠰᠡᠭᠦᠯ᠎ᠠ ᠤᠶᠢᠯᠡᠴᠢᠯᠡᠭᠡᠨ ᠤ ᠲᠦᠪ ᠲᠤ ᠨᠠᠶᠢᠳᠠᠵᠤ | ᠲᠠᠬᠢᠯᠭ᠎ᠠ ᠬᠢᠵᠤ ᠪᠤᠯᠤᠨ᠎ᠠ᠃ ᠤᠯᠤᠰ ᠤᠨ ᠲᠤᠳᠤᠭᠠᠳᠤᠬᠢ ᠲᠤᠮᠳᠠ ᠦᠨᠳᠤᠷ ᠲᠡᠰ ᠤᠨ ᠬᠢᠵᠢᠭ ᠤᠨ | ᠲᠦᠭᠰᠢᠭᠦᠷᠢᠳᠠᠢ ᠭᠠᠵᠠᠷ ᠤᠷᠤᠨ ᠠᠴᠠ ᠢᠷᠡᠭᠰᠡᠨ ᠭᠦᠮᠦᠰ᠂ ᠬᠢᠯᠢ ᠶᠢᠨ ᠭᠠᠳᠠᠨ᠎ᠠ ᠠᠴᠠ ᠢᠷᠡᠭᠰᠡᠨ ᠭᠦᠮᠦᠰ | ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠰᠢᠭᠤᠯᠭ᠎ᠠ ᠶᠢᠨ ᠲᠠᠬᠢᠯᠭ᠎ᠠ ᠳᠤ ᠤᠷᠤᠯᠴᠠᠬᠤ ᠦᠭᠡᠢ | ᠪᠠᠶᠢᠬᠤ ᠶᠢ ᠰᠠᠨᠠᠭᠠᠴᠢᠯᠠᠶ᠎ᠠ᠃ | ᠬᠤᠶᠠᠷ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠤᠨ ᠡᠭᠦᠳᠠᠨ ᠳᠤ ᠲᠤᠯᠠᠭᠠᠨ ᠢ ᠭᠡᠮᠵᠢᠭᠦ ᠭᠠᠵᠠᠷ | ᠲᠤᠬᠢᠷᠠᠭᠤᠯᠵᠤ᠂ ᠤᠷᠤᠰᠢᠭᠤᠯᠭ᠎ᠠ ᠶᠢᠨ ᠶᠠᠪᠤᠳᠠᠯ ᠭᠦᠢᠴᠡᠳᠭᠡᠭᠦ ᠪᠠᠷ ᠢᠷᠡᠭᠰᠡᠳ ᠠᠮᠠᠪᠴᠢ ᠵᠡᠭᠦᠭᠦ᠂ ᠠᠮᠤᠷ | ᠲᠦᠪᠰᠢᠨ ᠤ ᠵᠠᠢ ᠶᠢ ᠪᠠᠳᠤᠯᠠᠬᠤ ᠵᠡᠷᠭᠡ ᠬᠤᠪᠢ ᠭᠦᠮᠦᠨ ᠤ ᠰᠡᠷᠭᠡᠶᠢᠯᠡᠯᠳᠠ ᠶᠢᠨ ᠠᠷᠭ᠎ᠠ ᠠᠪᠴᠠᠯ ᠢ ᠰᠠᠶᠢᠳᠤᠷ | ᠬᠢᠵᠤ᠂ ᠭᠦᠴᠦᠨ ᠪᠦᠭᠦᠢ ᠪᠡᠶ᠎ᠡ ᠶᠢᠨ ᠦᠨᠡᠮᠯᠡᠯ ᠢᠶᠠᠨ ᠠᠪᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ | ᠱᠠᠭᠠᠷᠳᠠᠯᠭ᠎ᠠ ᠶᠤᠰᠤᠭᠠᠷ᠂ ᠠᠵᠢᠯᠯᠠᠭᠴᠢ ᠲᠠᠢ ᠬᠠᠮᠵᠢᠯᠴᠠᠨ ᠪᠡᠶ᠎ᠡ ᠶᠢᠨ ᠲᠤᠯᠠᠭᠠᠨ ᠭᠡᠮᠵᠢᠭᠦ᠂ ᠠᠷᠢᠭᠤᠳᠬᠠᠬᠤ᠂ | ᠤᠷᠤᠵᠤ ᠭᠠᠷᠬᠤ ᠳᠤ ᠲᠠᠩᠰᠠᠯᠠᠬᠤ᠂ ᠺᠤᠳ᠋ ᠪᠠᠶᠢᠴᠠᠭᠠᠯᠭᠠᠬᠤ᠂ ᠺᠤᠳ᠋ ᠰᠢᠷᠪᠢᠭᠦ ᠵᠡᠷᠭᠡ ᠠᠵᠢᠯ ᠢ ᠰᠠᠶᠢᠳᠤᠷ ᠬᠢᠵᠤ᠂ | ᠪᠡᠶ᠎ᠡ ᠶᠢᠨ ᠲᠤᠯᠠᠭᠠᠨ ᠨᠢ 37.3 ᠭᠷᠠᠳᠦ᠋ᠰ ᠠᠴᠠ ᠲᠤᠷᠤᠭᠰᠢ ᠭᠦᠮᠦᠰ ᠤᠶᠢᠯᠠᠴᠢᠯᠡᠭᠡᠨ ᠤ ᠲᠦᠪ ᠲᠤ ᠤᠷᠤᠵᠤ᠂ | ᠤᠷᠤᠰᠢᠭᠤᠯᠭ᠎ᠠ ᠶᠢᠨ ᠶᠠᠪᠤᠳᠠᠯ ᠢ ᠭᠦᠢᠴᠡᠳᠭᠡᠵᠤ ᠪᠤᠯᠤᠨ᠎ᠠ᠃ | ᠭᠤᠷᠪᠠ᠂ ᠤᠶᠢᠯᠡᠴᠢᠯᠡᠭᠡᠨ ᠤ ᠲᠦᠪ ᠨᠢ ᠰᠢᠳᠠᠭᠠᠬᠤ ᠭᠡᠯᠪᠡᠷᠢ ᠶᠢᠨ ᠯᠠ ᠲᠠᠢ ᠴᠠᠭᠠᠰᠤ ᠵᠡᠷᠭᠡ ᠠᠮᠠᠷᠬᠠᠨ | ᠰᠢᠳᠠᠬᠤ ᠲᠠᠬᠢᠯᠭ᠎ᠠ ᠶᠢᠨ ᠪᠤᠳᠠᠰ ᠢ ᠭᠡᠷᠡᠭᠯᠡᠭᠦ ᠶᠢ ᠴᠠᠭᠠᠵᠠᠯᠠᠨ᠂ ᠬᠠᠷᠢᠯᠴᠠᠨ ᠠᠳᠠᠯᠢᠳᠬᠠᠬᠤ᠂ ᠪᠦᠷᠢᠯᠭᠡᠭᠦ ᠵᠡᠷᠭᠡ | ᠬᠠᠭᠤᠴᠢᠨ ᠵᠠᠩ ᠲᠠᠳᠬᠠᠯ ᠠᠴᠠ ᠪᠤᠯᠤᠭᠰᠠᠨ ᠤᠷᠴᠢᠨ ᠲᠤᠭᠤᠷᠢᠨ ᠢ ᠪᠤᠬᠢᠷᠳᠤᠭᠤᠯᠬᠤ᠂ ᠭᠠᠯ ᠤᠨ ᠠᠶᠤᠯ ᠢ | ᠡᠭᠦᠰᠭᠡᠭᠦ ᠵᠡᠷᠭᠡ ᠠᠰᠠᠭᠤᠳᠠᠯ ᠢ ᠦᠭᠡᠶᠢᠰᠭᠡᠵᠤ᠂ ︽ᠤᠳᠤᠭ᠎ᠠ ᠦᠭᠡᠢ ᠲᠢᠩᠭᠢᠮ︾ ᠢ ᠪᠡᠶᠡᠯᠡᠭᠦᠯᠦᠨ᠂ ᠭᠡᠷ ᠤᠨ | ᠲᠤᠳᠤᠷᠠᠬᠢ ᠰᠢᠨ᠎ᠠ ᠰᠤᠷᠭᠤᠭ ᠠᠭᠤᠷ ᠠᠮᠢᠰᠬᠤᠯ ᠢ ᠪᠠᠳᠤᠯᠠᠨ᠎ᠠ᠃ ᠪᠡᠯᠪᠡᠰᠤᠷᠠᠯ ᠬᠢᠭᠰᠡᠳ ᠦᠪᠡᠷᠳᠡᠭᠡᠨ ᠴᠠᠬᠢᠯᠭᠠᠨ | ᠯᠠ᠂ ᠴᠠᠬᠢᠯᠭᠠᠨ ᠭᠦᠵᠢ᠂ ᠰᠤᠷᠭᠤᠭ ᠴᠡᠴᠡᠭ ᠠᠪᠴᠢᠷᠠᠵᠤ ᠪᠤᠯᠤᠨ᠎ᠠ᠂ ᠡᠰᠡᠭᠦᠯ᠎ᠠ ᠤᠶᠢᠯᠠᠴᠢᠯᠡᠭᠡᠨ ᠤ ᠲᠦᠪ ᠲᠤ | ᠨᠠᠶᠢᠳᠠᠵᠤ ᠤᠷᠤᠰᠢᠭᠤᠯᠭ᠎ᠠ ᠶᠢᠨ ᠶᠠᠪᠤᠳᠠᠯ ᠢ ᠭᠦᠢᠴᠡᠳᠭᠡᠵᠤ ᠪᠤᠯᠤᠨ᠎ᠠ᠃ ᠪᠠᠭ᠎ᠠ ᠭᠡᠪᠴᠢᠶᠠᠨ ᠤ ᠭᠡᠷ ᠪᠦᠯᠢ ᠶᠢᠨ | ᠭᠠᠰᠢᠭᠤᠳᠠᠯ᠂ ᠲᠤᠤᠷ ᠰᠦᠯᠵᠢᠶᠠᠨ ᠲᠡᠭᠡᠷᠡᠭᠢ ᠲᠠᠬᠢᠯᠭ᠎ᠠ ᠵᠡᠷᠭᠡ ᠠᠷᠭ᠎ᠠ ᠭᠡᠯᠪᠡᠷᠢ ᠪᠠᠷ ᠲᠠᠬᠢᠬᠤ ᠶᠢ | ᠵᠤᠷᠢᠭᠵᠢᠭᠤᠯᠤᠨ᠎ᠠ᠃ | ᠲᠦᠷᠪᠡ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠵᠤ ᠭᠠᠷᠬᠤ ᠪᠦᠭᠦᠶᠢᠯᠠ ᠭᠦᠮᠦᠰ ᠪᠦᠭᠦ | ᠶᠠᠪᠤᠴᠠ ᠳᠤ ᠠᠮᠠᠪᠴᠢ ᠵᠡᠭᠦᠵᠤ᠂ 1 ᠮᠧᠲᠷ ᠠᠴᠠ ᠲᠡᠭᠡᠭᠰᠢᠬᠢ ᠠᠮᠤᠷ ᠲᠦᠪᠰᠢᠨ ᠤ ᠵᠠᠢ ᠶᠢ ᠪᠠᠳᠤᠯᠠᠨ᠂ | ᠠᠵᠢᠯᠯᠠᠭᠴᠢ ᠶᠢᠨ ᠵᠢᠯᠤᠭᠤᠳᠤᠯᠭ᠎ᠠ ᠶᠢ ᠲᠠᠭᠠᠵᠤ᠂ ᠭᠦᠮᠦᠨ ᠤᠯᠠᠨ ᠴᠤᠭᠯᠠᠷᠠᠬᠤ ᠠᠴᠠ ᠵᠠᠶᠢᠯᠠᠰᠬᠢᠬᠤ ᠭᠡᠷᠡᠭᠲᠡᠢ᠃ | ᠲᠠᠪᠤ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠵᠤ ᠭᠠᠷᠬᠤ ᠭᠦᠮᠦᠰ ᠬᠠᠮᠢᠶᠠᠷᠤᠯᠳᠠ ᠶᠢ | ᠲᠠᠭᠠᠬᠤ ᠭᠡᠷᠡᠭᠲᠡᠢ᠂ ᠬᠠᠮᠢᠶᠠᠷᠤᠯᠳᠠ ᠶᠢ ᠲᠠᠭᠠᠬᠤ ᠦᠭᠡᠢ ᠪᠤᠶᠤ ᠤᠯᠠᠨ ᠨᠠᠶᠢᠳᠠ ᠶᠢᠨ ᠡᠮᠬᠢ ᠲᠢᠭᠯᠢᠮ ᠢ | ᠰᠠᠮᠠᠭᠤᠷᠠᠭᠤᠯᠤᠭᠰᠠᠳ ᠢ ᠲᠤᠳᠤᠭᠠᠳᠤ ᠶᠢ ᠬᠠᠮᠠᠭᠠᠯᠠᠬᠤ ᠠᠯᠪᠠᠨ ᠪᠠᠶᠢᠭᠤᠯᠭ᠎ᠠ ᠳᠤ ᠲᠤᠰᠢᠶᠠᠵᠤ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠭᠡᠮᠵᠢᠯᠠᠨ᠎ᠠ᠃ ᠲᠠ ᠪᠦᠭᠦᠨ ᠪᠢᠳᠠᠨ ᠤ ᠠᠵᠢᠯ ᠢ ᠤᠶᠢᠯᠠᠭᠠᠨ ᠲᠡᠮᠵᠢᠭᠦ ᠪᠤᠯᠪᠠᠤ᠃ | | ᠪᠠᠷᠠᠭᠤᠨ ᠦᠵᠦᠮᠦᠴᠢᠨ ᠬᠤᠰᠢᠭᠤᠨ ᠤ ᠤᠷᠤᠰᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠦᠪ | 2021 ᠤᠨ ᠤ 1 ᠰᠠᠷ᠎ᠠ ᠶᠢᠨ 14 ᠤ ᠡᠳᠦᠷ |