锡林郭勒盟365bet知乎_365bet官方体育投注_365bet娱乐场平台珠穆沁旗 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠳᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠬᠦᠷᠢᠶ᠎ᠠ ᠴᠠᠷ᠎ᠠ ᠳᠠᠬᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠵᠠᠷᠯᠠᠯ
        ᠨᠡᠶᠢᠲᠡᠯᠡᠭᠰᠡᠨ ᠴᠠᠭ᠄
        2021/1/19
          ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠳᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠬᠦᠷᠢᠶ᠎ᠠ ᠴᠠᠷ᠎ᠠ ᠳᠠᠬᠢ ᠰᠢᠨ᠎ᠡ ᠳᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠵᠠᠷᠯᠠᠯ     ᠣᠳᠣᠬᠠᠨ ᠳᠤ᠂ ᠰᠢᠨ᠎ᠡ ᠳᠢᠳᠢᠮᠯᠢᠭ ᠠᠭᠤᠰᠬᠢᠨ ᠥᠷᠪᠢᠰᠦᠯ ᠨᠢ ᠣᠯᠠᠨ ᠣᠯᠣᠰ ᠲᠤ ᠬᠤᠷᠳᠤᠨ ᠳᠡᠯᠭᠡᠷᠡᠬᠦ ᠬᠠᠨᠳᠣᠰᠢ ᠢᠯᠡᠷᠡᠵᠦ᠂ ᠣᠯᠣᠰ ᠤᠨ ᠳᠣᠳᠣᠭᠠᠳᠦ ᠳᠤ ᠲᠠᠷᠬᠠᠢ ᠪᠣᠳᠠᠷᠬᠠᠢ ᠪᠠ ᠭᠡᠰᠡᠭ ᠭᠠᠵᠠᠷ ᠣᠷᠣᠨ ᠳᠤ ᠴᠣᠭᠯᠠᠷᠠᠬᠤ ᠴᠢᠨᠠᠷ ᠲᠠᠢ ᠬᠢᠵᠢᠭ ᠰᠦᠯᠵᠢᠯᠳᠦᠨ ᠨᠡᠮᠡᠭᠳᠡᠨ᠂ ᠬᠡᠪ ᠤᠨ ᠪᠠᠶᠢᠳᠠᠯ ᠶᠢᠨ ᠬᠢᠵᠢᠭ ᠤᠨ ᠰᠡᠷᠭᠡᠶᠢᠯᠡᠨ ᠬᠤᠷᠢᠭᠯᠠᠬᠤ ᠠᠵᠢᠯ ᠳᠤ ᠬᠠᠳᠠᠭᠤ ᠴᠢᠩᠭ᠎ᠠ ᠰᠣᠷᠢᠯᠳᠠ ᠶᠢ ᠠᠪᠴᠢᠷᠠᠵᠠᠢ᠃《 ᠭᠠᠳᠠᠭᠠᠳᠦ ᠠᠴᠠ ᠣᠷᠣᠭᠤᠯᠬᠤ ᠶᠢ ᠰᠡᠷᠭᠡᠶᠢᠯᠡᠬᠦ᠂ ᠳᠣᠳᠣᠭᠠᠳᠦ ᠳᠤ ᠪᠠᠨ ᠡᠭᠦᠰᠬᠦ ᠶᠢ ᠰᠡᠷᠭᠡᠶᠢᠯᠡᠬᠦ》ᠬᠠᠮᠢᠶᠠᠷᠣᠨ ᠡᠵᠡᠮᠳᠡᠬᠦ ᠠᠷᠭ᠎ᠠ ᠶᠢ ᠳᠥᠢᠯᠪᠦᠷᠢᠳᠠᠢ ᠬᠢᠬᠦ ᠶᠢᠨ ᠳᠣᠰᠠᠳᠠ᠂ ᠪᠦᠬᠦ ᠬᠤᠰᠢᠭᠤᠨ ᠤ ᠠᠮᠦ ᠪᠣᠳᠠᠭᠠᠨ ᠤ ᠵᠠᠬ᠎ᠠ ᠳᠡᠯᠭᠡᠭᠦᠷ᠂ ᠬᠤᠳᠠᠯᠳᠣᠭᠠᠨ ᠤ ᠲᠠᠯᠠᠪᠤᠷ᠂ ᠬᠡᠳᠦ ᠳᠡᠯᠭᠡᠭᠦᠷ᠂ ᠵᠢᠵᠢᠭᠯᠡᠨ ᠬᠤᠳᠠᠯᠳᠣᠬᠤ ᠡᠮ ᠤᠨ ᠳᠡᠯᠭᠡᠭᠦᠷ᠂ ᠢᠳᠡᠭᠡᠨ ᠣᠮᠳᠠᠭᠠᠨ ᠤ ᠦᠢᠯᠡᠴᠢᠯᠡᠭᠡᠨ ᠤ ᠪᠠᠶᠢᠭᠤᠯᠭ᠎ᠠ᠂ ᠢᠳᠡᠭᠡᠨ ᠤ ᠥᠢᠯᠡᠳᠪᠦᠷᠢᠯᠡᠨ ᠪᠣᠯᠪᠠᠰᠣᠷᠠᠭᠤᠯᠤᠯᠳᠠ᠂ ᠰᠠᠭᠤᠭᠠᠯᠢ ᠠᠷᠠᠳ ᠤᠨ ᠥᠢᠯᠡᠴᠢᠯᠡᠭᠡᠨ ᠤ ᠥᠢᠯᠡᠰ ᠵᠡᠷᠭᠡ ᠠᠵᠢᠯ ᠲᠦᠷᠦᠯ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠰᠡᠷᠭᠡᠶᠢᠯᠡᠨ ᠬᠤᠷᠢᠭᠯᠠᠬᠤ  ᠲᠤᠬᠠᠢ ᠵᠠᠷ ᠳᠣᠣᠷᠠᠬᠢ ᠮᠡᠳᠦ᠄    ᠨᠢᠭᠡ᠂  ᠠᠵᠢᠯᠴᠢᠨ ᠠᠵᠢᠯᠳᠠᠳ ᠤᠨ ᠬᠠᠮᠢᠶᠠᠷᠣᠯᠳᠠ ᠶᠢᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠦᠷᠢᠵᠢᠭᠤᠯᠤᠨ᠎ᠠ᠃    ︵ᠨᠢᠭᠡ︶ ᠡᠵᠡᠩᠨᠡᠭᠴᠢᠳ ᠵᠢᠴᠢ ᠪᠦᠬᠦ  ᠠᠵᠢᠯᠴᠢᠨ ᠠᠵᠢᠯᠳᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ  ᠢ ᠡᠷᠬᠡᠪᠰᠢ ᠪᠠᠳᠣᠯᠠᠵᠤ᠂ ᠣᠶᠢᠷ᠎ᠠ ᠶᠢᠨ ᠬᠤᠭᠤᠴᠠᠭᠠᠨ ᠳᠤ ᠦᠨᠳᠦᠷ ᠳᠣᠮᠳᠠ ᠳᠡᠰ ᠤᠨ ᠳᠦᠭᠰᠢᠭᠦᠷᠢᠳᠦ ᠭᠠᠵᠠᠷ ᠣᠷᠣᠨ ᠳᠤ ᠵᠢᠭᠤᠯᠴᠢᠯᠠᠨ  ᠦᠩᠬᠡᠷᠡᠭᠰᠠᠨ ᠡᠰᠡᠭᠦᠯ᠎ᠡ ᠣᠨᠣᠰᠢᠯᠠᠭᠰᠠᠨ ᠡᠪᠡᠳᠴᠢᠳᠡᠨ᠂ ᠡᠪᠡᠳᠴᠢᠨ ᠤ ᠢᠯᠡᠷᠡᠯ ᠦᠭᠡᠢ ᠬᠠᠯᠳᠠᠪᠦᠷᠢᠯᠠᠭᠰᠠᠳ ᠲᠠᠢ ᠣᠶᠢᠷᠠᠳᠣᠭᠰᠠᠨ ᠬᠦᠮᠦᠰ ᠡᠷᠬᠡᠪᠰᠢ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠣᠯᠳᠠ ᠶᠢᠨ ᠱᠠᠭᠠᠷᠳᠠᠯᠭ᠎ᠠ ᠶᠢ ᠬᠠᠩᠭᠠᠭᠰᠠᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠴᠣ ᠪᠣᠯᠣᠨ᠎ᠠ᠃    ︵ᠬᠤᠶᠠᠷ︶ ᠡᠵᠡᠩᠨᠡᠭᠴᠢᠳ ᠵᠢᠴᠢ ᠪᠦᠬᠦ ᠠᠵᠢᠯᠳᠠᠨ ᠡᠷᠡᠭᠦᠯ ᠮᠡᠨᠳᠦ ᠶᠢᠨ ᠥᠷᠯᠦᠭᠡ ᠶᠢᠨ ᠪᠠᠶᠢᠴᠠᠭᠠᠯᠳᠠ ᠬᠢᠬᠦ  ᠶᠢᠨ ᠬᠠᠮᠳᠦ ᠳᠠᠩᠰᠠ ᠡᠪᠬᠡᠮᠡᠯ ᠪᠠᠶᠢᠭᠤᠯᠵᠤ᠂ ᠬᠡᠷᠪᠡ ᠬᠠᠯᠠᠭᠤᠷᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠡᠷᠬᠡᠪᠰᠢ ᠡᠮᠨᠠᠨ ᠵᠠᠰᠠᠬᠤ ᠶᠢᠨ ᠳᠠᠭᠠᠤ ᠴᠠᠭ ᠳᠣᠬᠠᠢ ᠳᠤᠨᠢ ᠮᠡᠳᠡᠭᠦᠯᠬᠦ ᠬᠡᠷᠡᠭᠳᠡᠢ᠃    ︵ᠭᠤᠷᠪᠠ︶ ᠪᠦᠬᠦ ᠠᠵᠢᠯᠴᠢᠨ ᠠᠵᠢᠯᠳᠠᠳ  ᠠᠮᠠᠪᠴᠢ‌ᠵᠡᠭᠦᠬᠦ ᠶᠢᠨ ᠳᠠᠭᠠᠥ ᠳᠣᠭᠳᠠᠭᠠᠯ ᠶᠣᠰᠣᠭᠠᠷ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠬᠤᠪᠢ ᠬᠦᠮᠦᠨ ᠤ ᠠᠷᠢᠭᠤᠳᠬᠠᠯ ᠬᠢᠵᠦ᠂ ᠭᠠᠳᠠᠭᠠᠳᠦ ᠠᠴᠠ ᠣᠷᠣᠭᠤᠯᠣᠭᠰᠠᠨ ᠬᠦᠢᠳᠡᠨ ᠢᠳᠡᠭᠡᠨ ᠪᠠ ᠲᠦᠭᠦᠬᠡᠢ ᠰᠣᠷᠭᠤᠭ ᠢᠳᠡᠭᠡᠨ ᠲᠠᠢ ᠥᠢᠷᠠᠳᠬᠤ ᠶᠠᠪᠣᠴᠠ ᠳᠤ ᠪᠡᠭᠡᠯᠢ ᠵᠡᠷᠭᠡ ᠬᠠᠮᠠᠭᠠᠯᠠᠯᠳᠠ  ᠶᠢᠨ ᠪᠠᠭᠠᠵᠢ ᠶᠢ ᠵᠡᠭᠦᠬᠦ ᠬᠡᠷᠡᠭᠳᠡᠢ᠃    ᠬᠤᠶᠠᠷ᠂ ᠡᠵᠡᠩᠨᠡᠯᠳᠡ ᠶᠢᠨ ᠭᠠᠵᠠᠷ ᠲᠤ ᠰᠡᠷᠭᠡᠶᠢᠯᠡᠨ ᠬᠤᠷᠢᠭᠯᠠᠬᠤ ᠠᠷᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠎ᠠ᠃    ︵ᠨᠢᠭᠡ︶ ᠡᠵᠡᠩᠨᠡᠭᠴᠢᠳ《ᠲᠤᠬᠠᠢ ᠶᠢᠨ ᠲᠠᠯᠠᠪᠦᠷ ᠲᠤ ᠳᠣᠯᠠᠭᠠᠨ ᠢ ᠬᠡᠮᠵᠢᠬᠦ + ᠺᠤᠳ᠋ ᠰᠢᠷᠪᠢᠬᠦ》 ︵ᠠᠶᠠᠯᠠᠯ ᠤᠨ ᠺᠣᠳ᠋ + ᠡᠷᠡᠭᠦᠯ ᠮᠡᠨᠳᠦ ᠶᠢᠨ ᠺᠣᠳ᠋︶ ᠤᠨ ᠱᠠᠭᠠᠷᠳᠠᠯᠭ᠎ᠠ ᠶᠢ ᠵᠢᠷᠣᠮᠯᠠᠨ ᠲᠠᠯᠠᠪᠦᠷ ᠲᠤ ᠣᠷᠣᠭᠰᠠᠳ ᠲᠤ ᠨᠢᠭᠡᠳ ᠨᠢᠭᠡ ᠪᠠᠷ ᠪᠠᠶ᠎ᠡ ᠶᠢᠨ ᠳᠣᠯᠠᠭᠠᠨ ᠤ ᠪᠠᠶᠢᠴᠠᠭᠠᠯᠳᠠ ᠬᠢᠵᠦ᠂ ᠪᠡᠶ᠎ᠡ ᠶᠢᠨ ᠳᠣᠯᠠᠭᠠᠨ ᠤ ᠬᠡᠪ ᠤᠨ ᠪᠣᠰᠣ ᠬᠦᠮᠦᠰ ᠢ ᠣᠷᠣᠬᠤ ᠶᠢ ᠴᠢᠩᠭ᠎ᠠ ᠴᠠᠭᠠᠵᠠᠯᠠᠨ᠎ᠠ᠃《 ᠮᠥᠩᠭᠡ ᠰᠣᠪᠠᠭ》APP᠂《 ᠡᠷᠡᠭᠦᠯ ᠮᠠᠨᠳᠦ ᠰᠢᠯᠢ ᠶᠢᠨ ᠭᠤᠤᠯ》 ᠸᠢᠴᠠᠲ ᠤᠨ ᠨᠡᠶᠢᠳᠠ ᠶᠢᠨ ᠳ᠋ᠣᠭᠠᠷ ᠢᠶᠠᠷ ᠳᠠᠮᠵᠢᠨ ᠺᠣᠳ᠋ ᠰᠢᠷᠪᠢᠨ ᠳᠠᠩᠰᠠᠯᠠᠨ᠎ᠠ᠃     ︵ᠬᠤᠶᠠᠷ︶  ᠡᠵᠡᠩᠨᠡᠭᠴᠢᠳ《 ᠠᠮᠠᠪᠴᠢ ᠵᠡᠭᠦᠭᠦ᠂ ᠪᠠᠶ᠎ᠡ ᠶᠢᠨ ᠳᠣᠯᠠᠭᠠᠨ ᠬᠡᠮᠵᠢᠬᠦ᠂ I ᠺᠤᠳ᠋ ᠰᠢᠷᠪᠢᠨ ᠳᠠᠩᠰᠠᠯᠠᠬᠤ》 ᠵᠡᠷᠭᠡ ᠠᠭᠤᠯᠭ᠎ᠠ ᠶᠢ ᠲᠠᠯᠠᠪᠦᠷ ᠤᠨ ᠳᠣᠪᠦᠶᠢᠮ᠎ᠠ ᠭᠠᠵᠠᠷ ᠲᠤ ᠨᠠᠭᠠᠵᠤ᠂ ᠠᠮᠠᠪᠴᠢ ᠵᠡᠭᠦᠭᠰᠡᠨ ᠦᠭᠡᠢ ᠬᠦᠮᠦᠰ ᠢ ᠣᠷᠣᠭᠤᠯᠬᠤ ᠶᠢ ᠡᠷᠡᠰ ᠴᠠᠭᠠᠵᠠᠯᠠᠨ᠎ᠠ᠃    ︵ᠭᠤᠷᠪᠠ︶ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠣᠭᠠᠨ ᠤ ᠲᠠᠯᠠᠪᠦᠷ᠂ ᠬᠡᠳᠦ ᠳᠡᠯᠭᠡᠭᠦᠷ ᠤᠨ ᠠᠵᠢᠯᠳᠠᠨ ᠤ ᠲᠤᠭ᠎ᠠ᠂ ᠡᠵᠡᠩᠨᠡᠬᠦ ᠲᠠᠯᠠᠪᠦᠷ ᠤᠨ ᠳᠣᠳᠦᠷᠠᠬᠢ ᠵᠣᠷᠴᠢᠭᠴᠢᠳ ᠤᠨ ᠣᠷᠣᠰᠬᠠᠯ ᠤᠨ ᠬᠡᠮᠵᠢᠶ᠎ᠠ ᠨᠢ ᠪᠦᠬᠦ ᠬᠦᠯᠢᠶᠠᠨ ᠠᠪᠬᠤ ᠬᠡᠮᠵᠢᠶᠠᠨ ᠤ 70% ᠠᠴᠠ ᠬᠡᠳᠦᠷᠡᠬᠦᠯᠵᠤ ᠪᠤᠯᠬᠤ ᠦᠭᠡᠢ᠂ ᠰᠦᠯᠵᠢᠶᠡᠨ ᠳᠡᠭᠡᠷ᠎ᠡ ᠳᠣᠣᠷ᠎ᠠ ᠬᠡᠷᠡᠭᠯᠡᠭᠡ ᠶᠢ ᠣᠶᠠᠯᠳᠣᠭᠤᠯᠬᠤ ᠶᠢ ᠰᠠᠨᠠᠭᠠᠴᠢᠯᠠᠵᠤ᠂ ᠵᠢᠯ ᠴᠠᠭᠠᠨ ᠰᠠᠷ᠎ᠠ ᠶᠢᠨ ᠬᠤᠳᠠᠯᠳᠤᠭ᠎ᠠ ᠬᠢᠵᠦ ᠤᠯᠠᠨ ᠬᠦᠮᠦᠨ ᠴᠣᠭᠯᠠᠷᠠᠬᠤ ᠠᠴᠠ ᠬᠢᠴᠢᠶᠡᠵᠦ᠂ ᠬᠤᠳᠠᠯᠳᠣᠭᠠᠴᠢᠳ ᠶᠡᠭᠡ ᠬᠡᠪᠴᠢᠶ᠎ᠡ ᠪᠠᠷ ᠤᠯᠠᠨ ᠬᠦᠮᠦᠨ ᠴᠣᠭᠯᠠᠭᠤᠯᠵᠤ ᠳᠡᠯᠭᠡᠨ ᠪᠣᠷᠣᠯᠠᠭᠤᠯᠵᠣ᠂ ᠪᠣᠷᠣᠯᠠᠭᠤᠯᠭ᠎ᠠ ᠶᠢ ᠠᠬᠢᠭᠤᠯᠬᠤ ᠵᠡᠷᠭᠡ ᠬᠦᠳᠡᠯᠭᠡᠭᠡᠨ ᠢ ᠡᠷᠬᠢᠯᠡᠵᠦ ᠪᠤᠯᠬᠤ ᠦᠭᠡᠢ᠃    ︵ᠳᠦᠷᠪᠡ︶ ᠬᠤᠳᠠᠯᠳᠣᠭᠠᠨ ᠤ ᠲᠠᠯᠠᠪᠦᠷ᠂ ᠬᠡᠳᠦ ᠳᠡᠯᠭᠡᠭᠦᠷ ᠵᠡᠷᠭᠡ ᠬᠦᠮᠦᠨ ᠤᠯᠠᠨ ᠴᠣᠭᠯᠠᠷᠠᠳᠠᠭ ᠲᠠᠯᠠᠪᠦᠷ  ᠲᠤ ᠵᠠᠪᠠᠯ《 ᠨᠢᠭᠡ ᠮᠧᠲᠷ  ᠤᠨ ᠱᠤᠭᠤᠮ》 ᠢ ᠢᠯᠡ ᠬᠠᠳᠠᠵᠤ᠂ ᠬᠡᠷᠡᠭᠯᠡᠭᠴᠢᠳ  ᠮᠦᠷᠯᠡᠵᠤ ᠪᠠᠶᠢᠭᠠᠳ ᠲᠠᠸᠠᠷ ᠬᠤᠳᠠᠯᠳᠣᠨ ᠠᠪᠬᠤ᠂ ᠵᠤᠭᠤᠰ ᠳᠣᠰᠢᠶᠠᠬᠤ ᠳᠤ ᠪᠠᠨ ᠨᠢᠭᠡ ᠮᠧᠲᠷ ᠠᠴᠠ ᠳᠡᠭᠡᠭᠰᠢ ᠵᠠᠢ ᠶᠢ ᠴᠢᠩᠭ᠎ᠠ ᠪᠠᠷᠢᠮᠳᠠᠯᠠᠬᠤ ᠬᠡᠷᠡᠭᠳᠡᠢ᠃ ᠬᠡᠷᠡᠭᠯᠡᠭᠴᠢᠳ ᠲᠤ ᠠᠥᠲ᠋ᠦᠴᠢᠯᠠᠭᠰᠠᠨ ᠪᠠᠷᠠᠭ᠎ᠠ ᠬᠤᠳᠠᠯᠳᠣᠨ ᠠᠪᠬᠤ ᠮᠠᠰᠢᠨ ᠢ ᠲᠠᠨᠢᠯᠴᠠᠭᠤᠯᠵᠤ᠂  ᠮᠦᠷᠯᠡᠨ ᠬᠦᠯᠢᠶᠡᠬᠦ ᠴᠠᠭ ᠢ ᠪᠣᠭᠤᠨᠢᠰᠬᠠᠵᠤ᠂ ᠮᠦᠩᠭᠦ ᠬᠤᠷᠢᠶᠠᠬᠤ ᠳᠤ ᠪᠠᠨ ᠡᠯᠧᠺᠲᠷᠣᠨ ᠳᠣᠭᠠᠴᠠᠭ᠎ᠠ ᠬᠢᠬᠦ ᠶᠢ ᠰᠠᠨᠠᠭᠠᠴᠢᠯᠠᠨ᠎ᠠ᠃ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠣᠨ ᠠᠪᠬᠤ᠂ ᠪᠠᠷᠠᠭ᠎ᠠ ᠶᠢ ᠭᠡᠷ ᠲᠤ ᠨᠢ ᠬᠦᠷᠭᠡᠬᠦ ᠵᠡᠷᠭᠡ ᠰᠦᠯᠵᠢᠶᠡᠨ ᠪᠣᠷᠣᠯᠠᠭᠤᠯᠭ᠎ᠠ ᠬᠢᠬᠦ ᠶᠢ ᠵᠤᠷᠢᠭᠵᠢᠭᠤᠯᠤᠨ᠎ᠠ᠃ ᠡᠯ᠎ᠡ ᠰᠠᠭᠤᠭᠠᠯᠢ ᠠᠷᠠᠳ ᠤᠨ ᠳᠣᠭᠤᠷᠢᠭ ᠤᠨ ᠡᠷᠭᠢᠨ ᠲᠣᠭᠤᠷᠢᠨ ᠤ ᠬᠡᠳᠦ ᠳᠡᠯᠭᠡᠭᠦᠷ ᠲᠦᠷᠭᠡᠨ ᠬᠦᠷᠭᠡᠬᠦ ᠡᠳ᠋ ᠪᠣᠳᠠᠰ ᠢ ᠣᠷᠣᠯᠠᠨ ᠬᠤᠷᠢᠶᠠᠬᠤ ᠶᠢ ᠡᠷᠡᠰ ᠴᠠᠭᠠᠵᠠᠯᠠᠨ᠎ᠠ᠃    ︵ᠲᠠᠪᠤ︶ ᠠᠮᠦ ᠪᠣᠳᠠᠭᠠᠨ ᠤ ᠵᠠᠬ᠎ᠠ ᠳᠡᠯᠭᠡᠭᠦᠷ᠂ ᠬᠤᠳᠠᠯᠳᠣᠭᠠᠨ ᠤ ᠲᠠᠯᠠᠪᠤᠷ᠂  ᠬᠡᠳᠦ ᠳᠡᠯᠭᠡᠭᠦᠷ ᠪᠣᠯᠣᠨ ᠢᠳᠡᠭᠡᠨ ᠣᠮᠳᠠᠭᠠᠨ ᠤ ᠦᠢᠯᠡᠴᠢᠯᠡᠭᠡᠨ ᠤ ᠪᠠᠶᠢᠭᠤᠯᠭ᠎ᠠ ᠵᠡᠷᠭᠡ ᠡᠵᠡᠩᠨᠡᠬᠦ ᠲᠠᠯᠠᠪᠦᠷ ᠲᠤ ᠠᠮᠢᠳᠦ ᠪᠤᠶᠤ ᠵᠡᠷᠯᠢᠭ ᠠᠮᠢᠳᠠᠨ  ᠂ᠲᠡᠭᠦᠨ ᠤ ᠥᠢᠯᠡᠳᠭᠦᠨ ᠢ ᠪᠣᠷᠣᠯᠠᠭᠤᠯᠬᠤ᠂ ᠲᠡᠵᠢᠭᠡᠬᠦ᠂ ᠠᠯᠠᠵᠤ ᠨᠢᠳᠣᠯᠠᠬᠤ ᠶᠢ ᠡᠷᠡᠰ ᠴᠠᠭᠠᠵᠠᠯᠠᠨ᠎ᠠ᠃    ︵ᠵᠢᠷᠭᠤᠭ᠎ᠠ︶ ᠡᠵᠡᠩᠨᠡᠭᠴᠢᠳ ᠬᠠᠮᠠᠭᠠᠯᠠᠯᠳᠠ ᠶᠢᠨ ᠪᠠᠭᠠᠵᠢ ᠬᠡᠷᠡᠭᠰᠡᠯ ᠤᠨ ᠬᠠᠳᠠᠭᠠᠯᠠᠯᠠᠳᠡ ᠶᠢ ᠰᠠᠶᠢᠳᠦᠷ ᠬᠢᠵᠦ ᠂ ᠬᠠᠯᠠᠭᠤᠨ ᠤ ᠬᠡᠮᠵᠢᠭᠦᠷ᠂ ᠠᠮᠠᠪᠴᠢ᠂ ᠠᠷᠢᠭᠤᠳᠬᠠᠯ ᠤᠨ ᠰᠢᠩᠭᠡᠨ᠂ ᠡᠮ ᠳᠤ ᠬᠡᠷᠡᠭᠯᠡᠬᠦ ᠰᠫᠢᠷᠲ᠂ ᠭᠠᠷ ᠣᠭᠢᠶᠠᠬᠤ ᠰᠢᠩᠭᠡᠨ᠂ ᠨᠢᠭᠡ  ᠤᠳᠠᠭ᠎ᠠ ᠬᠡᠷᠡᠭᠯᠡᠬᠦ ᠪᠡᠭᠡᠯᠢ ᠵᠡᠷᠭᠡ ᠶᠢ ᠬᠦᠷᠦᠯᠴᠡᠭᠦᠰᠢᠳᠠᠢ ᠪᠡᠯᠡᠳᠬᠡᠬᠦ ᠬᠡᠷᠡᠭᠳᠡᠢ᠃    ︵ᠳᠣᠯᠤᠭ᠎ᠠ︶ ᠡᠵᠡᠩᠨᠡᠭᠴᠢᠳ ᠠᠵᠢᠯ ᠲᠦᠷᠦᠯ ᠤᠨ ᠬᠤᠪᠢᠶᠠᠷᠢᠯᠠᠭᠰᠠᠨ ᠱᠠᠭᠠᠷᠳᠠᠯᠭ᠎ᠠ ᠶᠣᠰᠣᠭᠠᠷ᠂ ᠡᠵᠡᠩᠨᠡᠬᠦ ᠲᠠᠯᠠᠪᠣᠷ ᠤᠨ ᠡᠳᠦᠷ ᠪᠦᠷᠢ ᠶᠢᠨ ᠠᠷᠢᠭᠤᠳᠬᠠᠯ᠂ ᠰᠠᠯᠬᠢ ᠨᠡᠪᠳᠡᠷᠡᠵᠦ ᠠᠭᠠᠷ ᠰᠣᠯᠢᠬᠤ᠂ ᠡᠷᠡᠭᠦᠯ ᠬᠠᠮᠠᠭᠠᠯᠠᠯ ᠤᠨ ᠠᠷᠢᠭᠤᠨ ᠴᠡᠪᠡᠷ᠂ ᠬᠤᠭ ᠨᠣᠪᠰᠢ ᠴᠡᠪᠡᠷᠯᠡᠬᠦ ᠵᠡᠷᠭᠡ ᠳᠦᠷᠢᠮ ᠢ ᠴᠢᠩᠭ᠎ᠠ ᠨᠠᠶᠢᠳᠠᠪᠦᠷᠢᠵᠢᠭᠤᠯᠬᠤ ᠶᠢᠨ ᠬᠠᠮᠳᠦ ᠪᠦᠷᠢᠨ ᠲᠡᠭᠦᠯᠳᠡᠷ ᠳᠠᠩᠰᠠ ᠲᠡᠮᠳᠡᠭᠯᠡᠯ  ᠢ ᠪᠦᠷᠢᠨᠰᠢᠭᠦᠯᠦᠨ᠎ᠡ᠃    ︵ᠨᠠᠢᠮᠠ︶《 ᠲᠠᠪᠤ ᠪᠠᠶᠢᠬᠤ》 ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠢᠵᠢᠭ ᠢ ᠰᠡᠷᠭᠡᠶᠢᠯᠡᠨ ᠬᠤᠷᠢᠭᠯᠠᠬᠤ ᠵᠦᠭᠯᠡᠭᠦᠷ᠂ ᠰᠡᠷᠭᠡᠶᠢᠯᠡᠨ ᠬᠤᠷᠢᠭᠯᠠᠬᠤ ᠬᠠᠮᠢᠶᠠᠷᠣᠯᠳᠠ ᠶᠢᠨ ᠳᠦᠷᠢᠮ ᠪᠤᠯᠤᠨ  ᠬᠠᠷᠢᠭᠤᠴᠠᠯᠭᠠᠳᠤ ᠬᠦᠮᠦᠨ᠂ ᠵᠤᠬᠢᠬᠤ ᠬᠡᠮᠵᠢᠶᠠᠨ ᠤ ᠬᠠᠮᠠᠭᠠᠯᠠᠯᠳᠠ ᠶᠢᠨ ᠪᠣᠳᠠᠰ ᠤᠨ ᠬᠠᠳᠠᠭᠠᠯᠠᠮᠵᠢ᠂ ᠳᠣᠬᠠᠢ ᠶᠢᠨ ᠭᠠᠵᠠᠷ ᠤᠨ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠬᠦᠴᠦᠨ ᠤ  ᠵᠢᠯᠤᠭᠤᠳᠤᠯᠭ᠎ᠠ ᠳᠡᠮᠵᠢᠯᠭᠡ᠂ ᠳᠣᠰᠭᠠᠷᠠᠯᠠᠬᠤ ᠲᠡᠯᠡᠪᠦᠷ ᠪᠤᠯᠤᠨ ᠵᠦᠭᠡᠭᠡᠪᠦᠷᠢᠯᠡᠬᠦ ᠶᠢ ᠳᠣᠬᠢᠷᠠᠭᠤᠯᠤᠨ ᠪᠡᠯᠡᠳᠬᠡᠬᠦ ᠵᠡᠷᠭᠡ ᠠᠷᠭ᠎ᠠ ᠬᠡᠮᠵᠢᠶ᠎ᠠ ᠪᠠᠶᠢᠬᠤ ᠬᠡᠷᠡᠭᠳᠡᠢ᠃   ᠭᠤᠷᠪᠠ᠂ ᠭᠠᠳᠠᠭᠠᠳᠦ ᠠᠴᠠ ᠣᠷᠣᠭᠤᠯᠣᠭᠰᠠᠨ ᠬᠦᠢᠳᠡᠨ ᠢᠳᠡᠭᠡᠨ ᠤ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ  ᠶᠢ ᠴᠢᠩᠭ᠎ᠠ ᠨᠠᠶᠢᠳᠠᠪᠦᠷᠢᠵᠢᠭᠤᠯᠤᠨ᠎ᠠ᠃   ︵ᠨᠢᠭᠡ︶ ᠭᠠᠳᠠᠭᠠᠳᠦ ᠠᠴᠠ ᠣᠷᠣᠭᠤᠯᠣᠭᠰᠠᠨ ᠬᠦᠢᠳᠡᠨ ᠢᠳᠡᠭᠡᠨ ᠤ ᠳᠠᠩᠰᠡᠯᠡᠨ ᠮᠡᠳᠡᠭᠦᠯᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠢᠳᠡᠭᠡᠨ ᠤ ᠥᠢᠯᠡᠳᠪᠦᠷᠢᠯᠡᠯ ᠪᠠ ᠡᠵᠡᠩᠨᠡᠭᠴᠢᠳ ᠭᠠᠳᠠᠭᠠᠳᠦ ᠠᠴᠠ ᠣᠷᠣᠭᠤᠯᠣᠭᠰᠠᠨ ᠬᠦᠢᠳᠡᠨ ᠢᠳᠡᠭᠡᠨ ᠢ ᠰᠢᠨ᠎ᠡ ᠪᠠᠷ ᠤᠷᠤᠭᠤᠯᠬᠤ ᠳᠤ《 ᠦᠪᠦᠷ ᠮᠣᠩᠭᠤᠯ ᠤᠨ ᠬᠦᠢᠳᠡᠨ ᠢᠳᠡᠭᠡᠨ》 ᠤ ᠬᠠᠮᠢᠶᠠᠷᠣᠯᠳᠠ ᠶᠢᠨ ᠱᠠᠭᠠᠷᠳᠠᠯᠭ᠎ᠠ ᠶᠢ ᠵᠢᠷᠣᠮᠯᠠᠨ᠂ ᠭᠠᠳᠠᠭᠠᠳᠣ ᠠᠴᠠ ᠣᠷᠣᠭᠤᠯᠣᠭᠰᠠᠨ ᠬᠦᠢᠳᠡᠨ ᠢᠳᠡᠭᠡᠨ ᠢ 24 ᠴᠠᠭ ᠪᠤᠯᠬᠤ ᠠᠴᠠ ᠡᠮᠦᠨ᠎ᠡ᠂ 《 ᠥᠪᠦᠷ ᠮᠤᠩᠭᠤᠯ ᠤᠨ ᠬᠦᠢᠳᠡᠨ ᠢᠳᠡᠭᠡᠨ》 ᠤ ᠭᠠᠳᠠᠭᠠᠳᠣ  ᠠᠴᠠ ᠣᠷᠣᠭᠤᠯᠣᠭᠰᠠᠨ ᠬᠦᠢᠳᠡᠨ ᠢᠳᠡᠭᠡᠨ  ᠢᠶᠠᠨ ᠪᠦᠷᠢᠳᠭᠡᠨ ᠳᠠᠩᠰᠠᠯᠠᠵᠤ᠂ ᠳᠠᠩᠰᠠᠯᠠᠭᠰᠠᠨ ᠲᠤᠭ᠎ᠠ ᠪᠠᠷᠢᠮᠳᠡ ᠨᠢ ᠦᠨᠡᠨ ᠪᠤᠳᠠᠳᠠᠢ᠂ ᠪᠦᠷᠢᠨ ᠬᠦᠢᠴᠡᠳ ᠣᠨᠣᠪᠴᠢᠲᠠᠢ ᠪᠠᠶᠢᠬᠤ ᠶᠢ ᠪᠠᠳᠣᠯᠠᠬᠤ ᠶᠢᠨ ᠬᠠᠮᠳᠦ ᠬᠠᠷᠢᠶ᠎ᠠ ᠭᠠᠵᠠᠷ ᠣᠷᠣᠨ  ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃   ︵ᠬᠤᠶᠠᠷ︶ ᠢᠳᠡᠭᠡᠨ ᠤ ᠥᠢᠯᠡᠳᠪᠦᠷᠢᠯᠡᠯᠳᠡ ᠪᠠ ᠡᠵᠡᠩᠨᠡᠭᠴᠢᠳ‌ᠭᠠᠳᠠᠭᠠᠳᠣ ᠠᠴᠠ ᠣᠷᠣᠭᠤᠯᠣᠭᠰᠠᠨ ᠬᠦᠢᠳᠡᠨ ᠢᠳᠡᠭᠡᠨ ᠢ ᠬᠤᠳᠠᠯᠳᠣᠨ ᠠᠪᠬᠤ ᠳᠤ ᠡᠷᠬᠡᠪᠰᠢ ᠬᠢᠯᠢ ᠪᠠᠷ ᠣᠷᠣᠭᠤᠯᠣᠭᠰᠠᠨ ᠪᠠᠷᠠᠭᠠᠨ ᠤ ᠬᠢᠵᠢᠭ ᠢ ᠪᠠᠶᠢᠴᠠᠭᠠᠭᠰᠠᠨ ᠭᠡᠷᠡᠴᠢ᠂ ᠪᠠᠷᠠᠭ᠎ᠠ ᠬᠠᠩᠭᠠᠬᠤ ᠬᠤᠳᠠᠯᠳᠣᠭᠠᠴᠢᠨ ᠤ ᠭᠠᠷᠭᠠᠭᠰᠠᠨ ᠪᠣᠷᠣᠯᠠᠭᠤᠯᠭ᠎ᠠ ᠶᠢᠨ ᠭᠡᠷᠡᠴᠢ᠂ᠭᠠᠳᠠᠭᠠᠳᠣ ᠠᠴᠠ ᠣᠷᠣᠭᠤᠯᠣᠭᠰᠠᠨ ᠬᠦᠢᠳᠡᠨ ᠢᠳᠡᠭᠡᠨ ᠤ ᠪᠦᠬᠡᠮ ᠬᠦᠴᠢᠯ ᠤᠨ ᠰᠢᠯᠭᠠᠨ ᠪᠠᠶᠢᠴᠠᠭᠠᠭᠰᠠᠨ ᠭᠡᠷᠡᠴᠢ᠂ ᠨᠢᠭᠡᠨᠳᠡ ᠠᠷᠢᠭᠤᠳᠬᠠᠭᠰᠠᠨ ᠭᠡᠷᠡᠴᠢ ᠵᠡᠷᠭᠡ ᠶᠢ ᠬᠠᠣᠯᠢ ᠶᠣᠰᠣᠭᠠᠷ ᠱᠠᠭᠠᠷᠳᠠᠨ ᠪᠠᠶᠢᠴᠠᠭᠠᠨ᠎ᠠ᠃ ᠳᠡᠭᠡᠷ᠎ᠡ ᠳᠣᠷᠠᠳᠣᠭᠰᠠᠨ ᠭᠡᠷᠡᠴᠢ ᠦᠭᠡᠢ ᠪᠤᠶᠤ ᠭᠡᠷᠡᠴᠢ ᠳᠡᠮᠳᠡᠭ ᠪᠦᠷᠢᠨ ᠪᠤᠰᠣ ᠭᠠᠳᠠᠭᠠᠳᠣ ᠠᠴᠠ ᠣᠷᠣᠭᠤᠯᠣᠭᠰᠠᠨ ᠬᠦᠢᠳᠡᠨ ᠢᠳᠡᠭᠡᠨ ᠢ ᠬᠤᠳᠠᠯᠳᠣᠨ ᠣᠷᠣᠭᠤᠯᠬᠤ᠂ ᠵᠦᠭᠡᠭᠡᠪᠦᠷᠢᠯᠡᠬᠦ᠂ ᠬᠠᠳᠠᠭᠠᠯᠠᠬᠤ᠂ ᠪᠤᠯᠪᠠᠰᠣᠷᠠᠭᠤᠯᠬᠤ᠂ ᠪᠣᠷᠣᠯᠠᠭᠤᠯᠬᠤ ᠶᠢ ᠡᠷᠡᠰ ᠴᠠᠭᠠᠵᠠᠯᠠᠨ᠎ᠠ᠃    ︵ᠭᠤᠷᠪᠠ︶ ᠬᠦᠢᠳᠡᠨ ᠬᠦᠮᠦᠷᠭᠡ ᠶᠢᠨ ᠡᠵᠡᠩᠨᠡᠭᠴᠢᠳ《 ᠦᠪᠡᠷᠳᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ  ᠤᠨ ᠬᠢᠨᠠᠨ ᠬᠠᠮᠢᠶᠠᠷᠣᠯᠳᠠ ᠤᠨ ᠲᠤᠪᠴᠢᠶ᠎ᠠ ᠤᠨ ᠬᠦᠯᠳᠡᠭᠡᠵᠦ ᠬᠠᠳᠠᠭᠠᠯᠠᠬᠤ ᠲᠣᠬᠠᠶᠢᠯᠠᠭᠰᠠᠨ ᠠᠵᠢᠯ ᠤᠨ ᠢᠳᠡᠭᠡᠨ ᠤ ᠦᠢᠯᠡᠳᠪᠦᠷᠢᠯᠡᠯ ᠤᠨ ᠪᠣᠰᠣ ᠡᠵᠡᠩᠨᠡᠭᠴᠢᠳ ᠤᠨ ᠳᠠᠩᠰᠠᠯᠠᠯᠳᠠ ᠶᠢᠨ ᠬᠠᠮᠢᠶ᠎ᠠ ᠪᠦᠬᠦᠢ ᠠᠵᠢᠯ   ᠢ ᠠᠬᠢᠭᠤᠯᠬᠤ ᠪᠠ ᠲᠦᠷᠢᠮᠵᠢᠭᠦᠯᠬᠦ ᠵᠠᠷ》 ᠤᠨ ᠱᠠᠭᠠᠷᠳᠠᠯᠭ᠎ᠠ ᠶᠢ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠵᠠᠷ ᠤᠨ ᠬᠢᠨᠠᠨ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃     ︵ᠳᠦᠷᠪᠡ︶ ᠬᠦᠢᠳᠡᠨ ᠬᠦᠮᠦᠷᠭᠡ ᠵᠢᠴᠢ ᠢᠳᠡᠭᠡᠨ ᠤ ᠦᠢᠯᠡᠳᠪᠦᠷᠢᠯᠡᠯ ᠤᠨ ᠡᠵᠡᠩᠨᠡᠭᠴᠢᠳ ᠭᠠᠳᠠᠭᠠᠳᠣ ᠠᠴᠠ ᠣᠷᠣᠭᠤᠯᠣᠭᠰᠠᠨ ᠬᠦᠢᠳᠡᠨ ᠢᠳᠡᠭᠡᠨ ᠢᠶᠠᠨ ᠳᠣᠰᠬᠠᠢ ᠭᠠᠵᠠᠷ ︵ᠬᠤᠷᠭᠤ︶ ᠲᠤ ᠪᠣᠷᠣᠯᠠᠭᠤᠯᠣᠨ᠂ᠳᠣᠰᠬᠠᠢ ᠬᠦᠮᠦᠷᠭᠡ ︵ᠣᠷᠣᠨ︶ ᠳᠤ ᠬᠠᠳᠠᠭᠠᠯᠠᠨ᠂ ᠳᠣᠰᠬᠠᠢ ᠨᠡᠪᠳᠡᠷᠡᠬᠦ ᠵᠠᠮ ᠢᠶᠠᠷ ᠣᠷᠣᠵᠣ ᠭᠠᠷᠣᠨ᠂ ᠳᠣᠰᠬᠠᠢ ᠬᠦᠮᠦᠨ ᠬᠠᠮᠢᠶᠠᠷᠬᠤ ᠵᠡᠷᠭᠡ ᠬᠠᠮᠢᠶᠠᠷᠣᠨ ᠡᠵᠡᠮᠳᠡᠬᠦ ᠠᠷᠭ᠎ᠠ ᠶᠢ ᠠᠪᠴᠣ᠂ ᠠᠷᠢᠭᠤᠤᠳᠬᠠᠯ ᠤᠨ ᠳᠦᠷᠢᠮ ᠢ ᠪᠦᠷᠢᠨᠰᠢᠭᠦᠯᠦᠨ᠎ᠡ᠃     ᠳᠦᠷᠪᠡ᠂ ᠢᠳᠡᠭᠡᠨ ᠣᠮᠳᠠᠭᠠᠨ ᠤ ᠥᠢᠯᠡᠴᠢᠯᠡᠭᠡᠨ ᠤ ᠬᠠᠮᠢᠶᠠᠷᠣᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠦᠷᠢᠵᠢᠭᠤᠯᠣᠨ᠎ᠠ᠃     ︵ᠨᠢᠭᠡ︶ ᠢᠳᠡᠭᠡᠨ ᠣᠮᠳᠠᠭᠠᠨ ᠤ ᠥᠢᠯᠡᠴᠢᠯᠡᠭᠡᠨ ᠤ ᠪᠠᠶᠢᠭᠤᠯᠭ᠎ᠠ ᠶᠢᠨ ᠳᠣᠳᠣᠭᠠᠳᠦ ᠬᠠᠮᠢᠶᠠᠷᠣᠯᠳᠠ ᠪᠠᠨ ᠴᠢᠩᠭᠠᠳᠬᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠳᠣᠷ ᠠᠳᠬᠤᠵᠣ᠂ ᠢᠳᠡᠭᠡᠨ ᠣᠮᠳᠠᠭᠠᠨ ᠤ ᠬᠤᠳᠠᠯᠳᠤᠨ ᠪᠣᠯᠪᠠᠰᠣᠷᠠᠭᠤᠯᠬᠤ ᠶᠢ ᠴᠢᠩᠭ᠎ᠠ ᠬᠠᠮᠢᠶᠠᠷᠤᠨ᠂ ᠦᠢᠯᠡᠴᠢᠯᠡᠭᠡ ᠪᠠᠨ ᠳᠦᠷᠢᠮᠵᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ᠂ ᠵᠣᠴᠢᠳ ᠤᠨ ᠪᠡᠶ᠎ᠡ ᠶᠢᠨ ᠳᠣᠯᠠᠭᠠᠨ ᠤ ᠬᠡᠮᠵᠢᠶ᠎ᠠ ᠪᠠ《 ᠡᠷᠡᠭᠦᠯ ᠮᠡᠨᠳᠦ ᠶᠢᠨ ᠺᠣᠳ᠋》 ᠶᠢ ᠪᠠᠶᠢᠴᠠᠭᠠᠵᠤ᠂ ᠬᠤᠭᠤᠯᠠ ᠢᠳᠡᠬᠦ ᠦᠭᠡᠢ ᠦᠶ᠎ᠡ ᠳᠤ ᠠᠮᠠᠪᠴᠢ ᠵᠡᠭᠦᠨ᠂ ᠬᠤᠭᠤᠯᠠ ᠢᠳᠡᠬᠦ ᠳᠤ ᠪᠠᠨ ᠬᠤᠭᠤᠷᠤᠨᠳᠤᠭᠢ ᠵᠠᠢ ᠪᠠᠨ ᠪᠠᠳᠣᠯᠠᠬᠤ ᠶᠢ ᠰᠠᠨᠠᠭᠤᠯᠤᠨ᠎ᠠ᠃ ᠵᠣᠴᠢᠳ ᠵᠢᠴᠢ ᠪᠣᠰᠣᠳ ᠬᠦᠮᠦᠰ ᠲᠠᠯᠠᠪᠤᠷ ᠲᠤ ᠣᠷᠣᠬᠤ ᠳᠤ ᠨᠡᠷ᠎ᠡ᠂ ᠬᠠᠷᠢᠯᠴᠠᠬᠤ ᠣᠳᠠᠰᠣ᠂  ᠣᠷᠣᠭᠰᠠᠨ ᠴᠠᠭ ᠵᠡᠷᠭᠡ ᠪᠠᠨ‌‍ᠲ᠋ᠡᠮᠳᠡᠭᠯᠡᠵᠦ᠂ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠬᠠᠣᠯᠢ ᠶᠣᠰᠣᠭᠠᠷ ᠬᠡᠷᠡᠭᠵᠢᠬᠦᠯᠦᠨ᠎ᠡ᠃     ︵ᠬᠤᠶᠠᠷ︶ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ《 ᠣᠳᠣᠬᠠᠨ ᠤ ᠰᠢᠨ᠎ᠡ ᠳᠢᠳᠢᠮᠯᠢᠭ ᠠᠭᠤᠰᠬᠢᠨ ᠦᠷᠪᠢᠰᠣᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠳᠦᠷ ᠬᠢᠬᠦ ᠲᠣᠬᠠᠢ ᠪᠠᠴᠢᠮ ᠮᠡᠳᠡᠭᠳᠡᠯ》(〔2021〕10 ᠳ᠋ᠤᠭᠠᠷ) ᠢ ᠦᠨᠳᠦᠰᠦᠯᠡᠪᠡᠯ᠂ ᠡᠯ᠎ᠡ ᠢᠳᠡᠭᠡᠨ ᠣᠮᠳᠠᠭᠠᠨ ᠤ ᠥᠢᠯᠡᠴᠢᠯᠡᠭᠡᠨ ᠤ ᠪᠠᠶᠢᠭᠤᠯᠭ᠎ᠠ ᠪᠠ ᠪᠡᠯᠡᠳᠭᠡᠮᠵᠢ ᠤᠨ ᠭᠠᠵᠠᠷ ᠵᠡᠷᠭᠡ ᠢᠳᠡᠭᠡᠨ ᠣᠮᠳᠠᠭᠠᠨ ᠤ ᠥᠢᠯᠡᠴᠢᠯᠡᠭᠡᠨ ᠤ ᠪᠤᠰᠤ ᠭᠠᠵᠠᠷ ᠨᠢ ᠳᠣᠰ ᠡᠳᠦᠷ ᠠᠴᠠ ᠡᠬᠢᠯᠡᠨ ᠬᠠᠮᠳᠣ ᠶᠢᠨ ᠴᠣᠭᠯᠠᠭᠠᠨ  ᠤ ᠬᠦᠳᠡᠯᠭᠡᠭᠡᠨ ︵ᠬᠤᠷᠢᠮ ᠨᠠᠶᠢᠷ᠂ ᠪᠡᠯᠪᠡᠰᠦᠷᠡᠯ ᠤᠨ ᠳᠠᠶᠢᠯᠠᠯᠭ᠎ᠠ᠂ ᠲᠦᠷᠦᠭᠰᠡᠨ ᠡᠳᠦᠷ ᠤᠨ ᠳᠠᠶᠢᠯᠯᠠᠭ᠎ᠠ ᠵᠡᠷᠭᠡ︶  ᠢ ᠲᠦᠷ ᠵᠣᠭᠰᠣᠭᠠᠨ᠎ᠠ᠃     ︵ᠭᠤᠷᠪᠠ︶ ᠢᠳᠡᠭᠡᠨ ᠣᠮᠳᠠᠭᠠᠨ ᠤ ᠥᠢᠯᠡᠴᠢᠯᠡᠭᠡᠨ ᠤ ᠪᠠᠶᠢᠭᠤᠯᠭ᠎ᠠ ᠨᠢᠭᠡᠴᠡ ᠰᠠᠨᠠᠭᠠᠴᠢᠯᠭ᠎ᠠ ᠠᠴᠠ ᠪᠠᠨ ᠬᠤᠭᠤᠯᠠᠯᠠᠵᠤ ᠪᠠᠶᠢᠭ᠎ᠠ ᠬᠦᠮᠦᠰ ᠲᠤ ᠬᠢᠵᠢᠭ ᠤᠨ ᠰᠡᠷᠭᠡᠶᠢᠯᠡᠨ ᠬᠤᠷᠢᠭᠯᠠᠬᠤ ᠬᠠᠮᠢᠶ᠎ᠠ ᠪᠦᠬᠦᠢ ᠳᠣᠭᠳᠠᠭᠠᠯ ᠢ ᠵᠢᠷᠣᠮᠯᠠᠬᠤ ᠶᠢ ᠮᠡᠳᠡᠭᠳᠡᠬᠦ ᠬᠡᠷᠡᠭᠳᠡᠢ᠃ ᠵᠣᠴᠢᠳ ᠤᠨ ᠲᠤᠭ᠎ᠠ ᠶᠢ ᠪᠠᠭᠠᠰᠬᠠᠵᠣ᠂ ᠬᠢᠵᠢᠭ ᠤᠨ ᠦᠨᠳᠦᠷ ᠳᠣᠮᠳᠠ ᠳᠡᠰ ᠤᠨ ᠳᠦᠭᠰᠢᠭᠦᠷᠢᠳᠦ ᠭᠠᠵᠠᠷ ᠣᠷᠣᠨ ᠠᠴᠠ ᠢᠷᠡᠭᠰᠡᠨ ᠬᠦᠮᠦᠰ ᠢ ᠣᠷᠣᠯᠴᠠᠭᠤᠯᠵᠤ ᠪᠣᠯᠬᠤ ᠦᠭᠡᠢ᠃ ᠬᠠᠮᠳᠦ  ᠶᠢᠨ ᠴᠣᠭᠯᠠᠭᠠᠨ ᠠᠴᠠ ᠪᠣᠯᠵᠣ ᠬᠢᠵᠢᠭ ᠳᠡᠯᠭᠡᠷᠡᠪᠡᠯ ᠬᠠᠷᠢᠭᠤᠴᠠᠨ ᠬᠦᠢᠴᠡᠳᠬᠡᠬᠡᠭᠰᠡᠨ ᠪᠠᠶᠢᠭᠤᠯᠭ᠎ᠠ ᠠᠴᠠ ᠭᠤᠤᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃      ︵ᠳᠦᠷᠪᠡ︶ ᠢᠳᠡᠭᠡᠨ ᠣᠮᠳᠠᠭᠠᠨ ᠤ ᠥᠢᠯᠡᠴᠢᠯᠡᠭᠡᠨ ᠤ ᠪᠠᠶᠢᠭᠤᠯᠭ᠎ᠠ ᠬᠡᠷᠡᠭᠵᠢᠭᠦᠯᠵᠦ ᠪᠣᠯᠬᠤᠶᠢᠴᠠ ᠬᠢᠵᠢᠭ  ᠤᠨ ᠰᠡᠷᠭᠡᠶᠢᠯᠡᠨ ᠡᠵᠡᠮᠳᠡᠬᠦ ᠳᠦᠰᠦᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠳᠦᠰᠦᠯ ᠳᠣᠭᠳᠠᠭᠠᠬᠤ ᠬᠡᠷᠡᠭᠳᠡᠢ᠃《 ᠳᠣᠬᠠᠢ ᠶᠢᠨ ᠭᠠᠵᠠᠷ ᠲᠤ ᠨᠢ ᠪᠡᠶ᠎ᠡ ᠶᠢᠨ ᠳᠣᠯᠠᠭᠠᠨ ᠢ ᠬᠡᠮᠵᠢᠬᠦ + ᠺᠣᠳ᠋ ᠰᠢᠷᠪᠢᠬᠦ》 ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠣᠷᠣᠨ ᠳᠣᠬᠢᠷᠠᠭᠤᠯᠵᠤ᠂ ᠬᠤᠭᠤᠯᠠᠯᠠᠬᠤ ᠪᠠᠷ ᠢᠷᠡᠭᠰᠡᠨ ᠬᠦᠮᠦᠰ ᠳᠡᠯᠭᠡᠭᠦᠷ ᠲᠤ ᠣᠷᠣᠬᠤ ᠠᠴᠠ ᠡᠮᠦᠨ᠎ᠡ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠬᠤ ᠶᠢᠨ ᠬᠠᠮᠳᠦ ᠪᠡᠶ᠎ᠡ ᠶᠢᠨ ᠳᠣᠯᠠᠭᠠᠨ ᠤ ᠬᠡᠮᠵᠢᠭᠦᠷ ᠢ ᠦᠪᠡᠷᠳᠡᠭᠡᠨ ᠪᠡᠯᠡᠳᠭᠡᠵᠦ᠂ ᠬᠤᠭᠤᠯᠠᠯᠠᠵᠤ ᠪᠠᠶᠢᠭ᠎ᠠ ᠬᠦᠮᠦᠰ ᠤᠨ ᠪᠡᠶ᠎ᠡ ᠶᠢᠨ ᠳᠣᠯᠠᠭᠠᠨ ᠢ ᠬᠡᠮᠵᠢᠬᠦ ᠬᠡᠷᠡᠭᠳᠡᠢ᠃     ︵ᠲᠠᠪᠤ︶ ᠬᠡᠷᠪᠠ ᠳᠣᠣᠷᠠᠬᠢ ᠪᠠᠶᠢᠳᠠᠯ ᠢᠯᠡᠷᠡᠪᠡᠯ᠂ ᠬᠠᠷᠢᠭᠤᠴᠠᠨ ᠬᠦᠢᠴᠡᠳᠭᠡᠭᠰᠡᠨ ᠪᠠᠶᠢᠭᠤᠯᠭ᠎ᠠ ᠨᠢᠭᠡᠴᠡ  ᠠᠴᠠ ᠬᠤᠭᠤᠯᠠᠯᠠᠵᠤ ᠪᠠᠶᠢᠭ᠎ᠠ ᠬᠦᠮᠦᠰ ᠢ ᠪᠠᠴᠢᠮ ᠪᠠᠶᠢᠳᠠᠯ ᠤᠨ ᠳᠣᠰᠭᠠᠷᠯᠠᠬᠤ ᠭᠠᠵᠠᠷ ᠲᠤ ᠲᠦᠪᠬᠢᠨᠡᠭᠦᠯᠵᠦ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠳᠣᠪᠴᠢᠶ᠎ᠠ ᠪᠠ ᠬᠤᠰᠢᠭᠤᠨ ᠤ ᠡᠷᠡᠭᠦᠯ ᠬᠠᠮᠠᠭᠠᠯᠠᠯ  ᠤᠨ ᠵᠦᠪᠯᠡᠯ᠂ ᠳᠣᠬᠠᠢ ᠶᠢᠨ ᠭᠠᠵᠠᠷ ᠤᠨ ᠨᠡᠶᠢᠭᠡᠮ ᠲᠤᠭᠤᠷᠢᠭ ᠲᠤ ᠴᠠᠭ ᠳᠣᠬᠠᠢ ᠳᠤᠨᠢ ᠮᠡᠳᠡᠬᠦᠯᠬᠦ ᠬᠡᠷᠡᠭᠳᠡᠢ᠄    1. ᠭᠡᠷ ᠲᠡᠭᠡᠨ ᠳᠣᠰᠭᠠᠷᠯᠠᠭᠰᠠᠨ ᠡᠳᠦᠷ 14 ᠡᠳᠣᠷ ᠪᠣᠯᠤᠭ᠎ᠠ ᠦᠭᠡᠢ ᠪᠣᠶᠣ ᠳᠣᠮᠳᠠ ᠦᠨᠳᠦᠷ ᠳᠡᠰ  ᠤᠨ ᠳᠦᠭᠰᠢᠭᠦᠷᠢᠳᠦ ᠭᠠᠵᠠᠷ ᠣᠷᠣᠨ ᠠᠴᠠ ᠪᠣᠴᠠᠵᠤ ᠢᠷᠡᠭᠰᠡᠨ ᠬᠦᠮᠦᠰ︔     2. ᠪᠡᠶ᠎ᠡ ᠶᠢᠨ ᠳᠣᠯᠠᠭᠠᠨ ᠤ ᠬᠡᠮᠵᠢᠶ᠎ᠠ ᠨᠢ 37.3℃ ᠠᠴᠠ ᠲᠡᠭᠡᠭᠡᠰᠢ ᠬᠠᠯᠠᠭᠤᠷᠠᠭᠰᠠᠨ ᠭᠦᠮᠦᠰ᠃    ︵ᠵᠢᠷᠭᠤᠭ᠎ᠠ︶ ᠢᠳᠡᠭᠡᠨ ᠤᠮᠳᠠᠭᠠᠨ ᠤ ᠥᠢᠯᠡᠴᠢᠯᠡᠭᠡᠨ ᠤ ᠪᠠᠶᠢᠭᠤᠯᠭ᠎ᠠ ᠨᠢ《 ᠢᠳᠡᠭᠡᠨ ᠣᠮᠳᠠᠭᠠᠨ ᠤ  ᠦᠢᠯᠠᠴᠢᠯᠠᠬᠡᠨ ᠤ ᠠᠶᠣᠯᠭᠦᠢ ᠢᠳᠡᠭᠡᠨ ᠤ ᠠᠵᠢᠯᠯᠠᠭᠠᠨ ᠤ ᠵᠢᠷᠣᠮᠵᠢᠯ》 ᠵᠡᠷᠭᠡ ᠱᠠᠭᠠᠷᠳᠠᠯᠭ᠎ᠠ ᠪᠠᠷ ᠢᠳᠡᠭᠡᠨ ᠵᠢᠴᠢ ᠲᠦᠭᠦᠬᠡᠢ ᠮᠠᠲ᠋ᠧᠷᠢᠶᠠᠯ ᠤᠨ ᠬᠤᠳᠠᠯᠳᠣᠨ ᠠᠪᠬᠤ᠂ ᠴᠡᠪᠡᠷᠯᠡᠬᠦ᠂ ᠢᠳᠡᠭᠡᠨ ᠤ ᠮᠠᠲ᠋ᠧᠷᠢᠶᠠᠯ ᠢ ᠪᠤᠯᠪᠠᠰᠣᠷᠠᠭᠤᠯᠬᠤ ᠳᠤ ᠡᠷᠬᠡᠪᠰᠢ ᠲᠦᠭᠦᠬᠡᠢ ᠪᠤᠯᠤᠨ ᠪᠣᠯᠤᠭᠰᠠᠨ ᠢᠳᠡᠭᠡᠨ ᠢ ᠰᠠᠯᠭᠠᠨ ᠲᠠᠯᠪᠢᠬᠤ ᠶᠢ ᠪᠠᠳᠣᠯᠠᠨ᠎ᠠ᠃    ︵ᠳᠣᠯᠤᠭ᠎ᠠ︶ ᠠᠵᠦ ᠠᠬᠤᠶᠢᠯᠠᠯ ᠠᠵᠢᠯ ᠥᠢᠯᠡᠰ ᠤᠨ ᠪᠠᠶᠢᠭᠤᠯᠭ᠎ᠠ ᠶᠢᠨ ᠬᠤᠭᠤᠯᠠᠨ ᠭᠡᠷ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠭᠦ ᠬᠡᠷᠡᠭᠳᠡᠢ᠃ ᠢᠳᠡᠭᠡᠨ ᠣᠷᠣᠭᠤᠯᠬᠤ ᠬᠢᠨᠠᠨ ᠪᠠᠶᠢᠴᠠᠭᠠᠯᠳᠠ᠂  ᠠᠵᠢᠯᠴᠢᠨ ᠠᠵᠢᠯᠳᠠᠳ ᠤᠨ ᠬᠠᠮᠢᠶᠠᠷᠣᠯᠳᠠ ᠶᠢ ᠴᠢᠩᠭᠠᠳᠬᠠᠵᠦ᠂ ᠲᠠᠯᠠᠪᠦᠷ᠂ ᠲᠣᠭᠤᠭᠠᠨ ᠭᠡᠷ ᠤᠨ ᠪᠠᠭᠠᠵᠢ ᠬᠡᠷᠡᠭᠰᠡᠯ᠂ ᠢᠳᠡᠭᠡᠨ ᠤᠮᠳᠠᠭᠠᠨ ᠤ ᠬᠡᠷᠡᠭᠰᠡᠯ ᠤᠨ ᠠᠷᠢᠭᠤᠳᠬᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠠ᠃ ᠬᠤᠭᠤᠯᠠ ᠢᠳᠡᠬᠦ ᠬᠦᠮᠦᠰ ᠢ ᠦᠪᠡᠷᠳᠡᠭᠡᠨ ᠬᠤᠭᠤᠯᠠᠨ ᠤ ᠬᠡᠷᠡᠭᠰᠡᠯ ᠠᠪᠬᠤ ᠶᠢ ᠵᠣᠷᠢᠭᠵᠢᠭᠤᠯᠵᠤ᠂ ᠬᠤᠭᠤᠯᠠ ᠪᠠᠨ ᠠᠪᠣᠭᠰᠠᠨ ᠤ ᠳᠠᠷᠠᠭ᠎ᠠ ᠳᠣᠰᠠᠭᠠᠷ ᠬᠤᠭᠤᠯᠠᠯᠠᠬᠤ ᠪᠤᠶᠤ ᠴᠠᠭ ᠬᠤᠪᠢᠶᠠᠨ ᠬᠤᠭᠤᠯᠠᠯᠠᠨ᠎ᠠ᠃    ︵ᠨᠠᠢᠮᠠ︶ ᠰᠦᠯᠵᠢᠶ᠎ᠠ ᠪᠠᠷ ᠳᠠᠮᠵᠢᠨ ᠬᠤᠭᠤᠯᠠ ᠵᠠᠬᠢᠶᠠᠯᠠᠬᠤ ᠪᠤᠶᠤ ᠬᠤᠭᠤᠯᠠ ᠬᠦᠷᠭᠡᠬᠦ ᠥᠢᠯᠡᠴᠢᠯᠡᠭᠡ ᠶᠢ ᠡᠷᠬᠡᠪᠰᠢ ᠱᠠᠭᠠᠷᠳᠠᠯᠭ᠎ᠠ ᠶᠣᠰᠣᠭᠠᠷ ᠬᠤᠭᠤᠯᠠ ᠬᠦᠷᠭᠡᠬᠦ ᠪᠠᠭᠠᠵᠢ ᠬᠡᠷᠡᠭᠰᠡᠯ‌‍ᠢᠶ᠋ᠠᠨ ᠰᠠᠶᠢᠳᠣᠷ ᠠᠷᠢᠭᠤᠳᠬᠠᠬᠤ ᠬᠡᠷᠡᠭᠳᠡᠢ᠃ ᠬᠤᠭᠤᠯᠠ ᠬᠦᠷᠭᠡᠭᠴᠢ ᠠᠴᠠ ᠰᠡᠷᠭᠡᠶᠢᠯᠡᠨ ᠬᠠᠮᠠᠭᠠᠯᠠᠬᠤ ᠪᠠ ᠬᠤᠭᠤᠯᠠ ᠬᠦᠷᠭᠡᠬᠦ ᠢᠳᠡᠭᠡᠨ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠠ ᠠᠪᠴᠣ᠂ ᠨᠦᠬᠦᠴᠡᠯ ᠲᠠᠢ ᠬᠤᠳᠠᠯᠳᠣᠭᠠᠴᠢᠳ ᠢᠳᠡᠭᠡᠨ ᠤ ᠠᠮᠦᠷ ᠳᠦᠪᠰᠢᠨ ᠤ ᠪᠢᠳᠡᠭᠦᠮᠵᠢᠯᠡᠬᠦ ᠱᠣᠭᠰᠢᠭ᠎ᠠ ᠬᠡᠷᠡᠭᠯᠡᠬᠦ ᠶᠢ ᠵᠣᠷᠢᠭᠵᠢᠭᠤᠯᠣᠨ᠎ᠠ᠃    ᠲᠠᠪᠦ᠂ ᠵᠢᠵᠢᠭᠯᠡᠨ ᠬᠤᠳᠠᠯᠳᠣᠬᠤ ᠡᠮ ᠤᠨ ᠳᠡᠯᠭᠡᠭᠦᠷ ᠤᠨ ᠬᠢᠵᠢᠭ ᠢ ᠰᠡᠷᠭᠡᠶᠢᠯᠡᠨ ᠬᠤᠷᠢᠭᠯᠠᠬᠤ ᠶᠢ ᠴᠢᠩᠭ᠎ᠠ ᠨᠠᠶᠢᠳᠠᠪᠦᠷᠢᠵᠢᠭᠤᠯᠤᠨ᠎ᠠ᠃    ︵ᠨᠢᠭᠡ︶ ᠡᠮ ᠬᠤᠳᠠᠯᠳᠣᠨ ᠠᠪᠣᠭᠰᠠᠳ ᠲᠤ ᠪᠡᠶ᠎ᠡ ᠶᠢᠨ ᠳᠣᠯᠠᠭᠠᠨ ᠤ ᠪᠠᠶᠢᠴᠠᠭᠠᠯᠳᠠ ᠬᠢᠵᠦ᠂37.3℃  ᠠᠴᠠ ᠳᠡᠭᠡᠭᠰᠢ ᠪᠠᠶᠢᠪᠠᠯ ᠨᠠᠷ᠎ᠡ᠂ ᠣᠳᠠᠰᠣᠨ ᠳ᠋ᠣᠭᠠᠷ᠂ ᠪᠡᠶ᠎ᠡ ᠶᠢᠨ  ᠦᠨᠠᠮᠠᠯᠠᠯ ᠤᠨ ᠨᠣᠮᠧᠷ᠂ ᠰᠠᠭᠤᠭ᠎ᠠ ᠭᠠᠵᠠᠷ ᠵᠡᠷᠭᠡ ᠶᠢ ᠨᠠᠷᠢᠨ ᠳᠣᠳᠣᠷᠬᠠᠢ ᠳᠡᠮᠳᠡᠭᠯᠡᠵᠦ᠂ ᠬᠠᠷᠢᠶ᠎ᠠ ᠣᠷᠣᠨ ᠤ ᠪᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ  ᠤᠨ ᠥᠢᠯᠡᠴᠢᠯᠡᠭᠡᠨ ᠤ ᠲᠦᠪ ︵ᠰᠣᠮᠦ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ︶   ᠲᠤ ᠴᠠᠭ ᠳᠣᠬᠠᠢ  ᠳᠤᠨᠢ ᠮᠡᠳᠡᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠲᠦᠪ ︵ᠰᠣᠮᠦ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ︶ ᠠᠴᠠ ᠣᠨᠴᠠ ᠳᠣᠭᠳᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠳᠠᠰᠤᠭ ᠲᠤ ᠬᠤᠪᠢᠶᠠᠨ ᠣᠨᠣᠰᠢᠯᠠᠨ᠎ᠠ᠃     ︵ᠬᠤᠶᠠᠷ︶ ᠬᠠᠯᠠᠭᠤᠨ ᠪᠠᠭᠤᠷᠠᠭᠤᠯᠬᠤ᠂ ᠬᠠᠨᠢᠶᠠᠳᠣ ᠵᠤᠭᠰᠣᠭᠠᠬᠤ ᠸᠢᠷᠦᠰ ᠢ ᠡᠰᠡᠷᠭᠦᠴᠡᠬᠦ ᠡᠮ ᠢ ᠵᠢᠩᠬᠢᠨᠢ ᠨᠡᠷ᠎ᠡ ᠪᠠᠷ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠡᠪᠡᠳᠴᠢᠨ ᠤ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠠᠯᠠᠭᠤᠷᠠᠬᠤ᠂ ᠲᠠᠮᠢᠷᠳᠠᠬᠤ᠂ ᠬᠠᠭᠤᠷᠠᠢ ᠪᠠᠷ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠲᠠᠢ ᠪᠠᠶᠢᠪᠠᠯ ᠨᠡᠷ᠎ᠡ᠂ ᠣᠳᠠᠰᠣᠨ ᠳ᠋ᠣᠭᠠᠷ᠂ ᠪᠡᠶ᠎ᠡ ᠶᠢᠨ ᠦᠨᠡᠮᠡᠯ ᠤᠨ ᠨᠤᠮᠧᠷ᠂ ᠰᠠᠭᠤᠭ᠎ᠠ ᠭᠠᠵᠠᠷ ᠵᠡᠷᠭᠡ ᠶᠢ ᠳᠡᠮᠳᠡᠭᠯᠡᠭᠡᠳ ᠰᠠᠶ᠋ᠢ ᠳᠣᠰ ᠡᠮ ᠤᠳ ᠢ ᠬᠤᠳᠠᠯᠳᠣᠨ ᠠᠪᠴᠣ ᠪᠣᠯᠣᠨ᠎ᠠ᠃ ᠡᠯ᠎ᠡ ᠪᠦᠭᠡᠮ ᠢᠶᠠᠷ ᠬᠤᠳᠠᠯᠳᠣᠬᠤ ᠬᠡᠯᠬᠢᠶᠡᠵᠢᠭᠰᠡᠨ ᠠᠵᠦ ᠠᠬᠤᠶᠢᠯᠠᠯ ᠪᠠ ᠵᠢᠵᠢᠭᠯᠡᠨ ᠬᠤᠳᠠᠯᠳᠣᠬᠤ ᠳᠡᠯᠭᠡᠭᠦᠷ ᠰᠠᠨᠠᠭᠠᠴᠢᠯᠭ᠎ᠠ ᠠᠴᠠ ᠪᠠᠨ 《 ᠪᠠᠷᠠᠭᠤᠨ ᠦᠵᠦᠮᠦᠴᠢᠨ ᠤ ᠣᠶᠣᠨᠴᠢ ᠢᠳᠡᠭᠡᠨ ᠤᠮᠳᠠᠭᠠᠨ ᠤ ᠠᠮᠦᠷ ᠳᠦᠪᠰᠢᠨ》 ᠤ ᠬᠢᠨᠠᠯᠳᠠ ᠬᠠᠮᠢᠶᠠᠷᠣᠯᠳᠠ ᠶᠢᠨ ᠳᠡᠪᠴᠡᠩ ᠳᠤ ᠳᠠᠩᠰᠠᠯᠠᠵᠤ᠂ ᠭᠡᠷᠡᠯ ᠵᠢᠷᠤᠭ ᠤᠨ ᠮᠠᠲ᠋ᠧᠷᠢᠶᠠᠯ ᠢᠶᠠᠨ ᠳᠣᠰᠢᠶᠠᠬᠤ ᠬᠡᠷᠡᠭᠳᠡᠢ᠃     ᠵᠢᠷᠭᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠤᠯᠳᠠ  ᠶᠢ ᠴᠢᠩᠭᠠᠳᠬᠠᠨ᠎ᠠ᠃     ︵ᠨᠢᠭᠡ︶ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠭᠤᠴᠠᠯᠭᠠᠳᠠᠨ‌ᠨᠢ ᠬᠢᠵᠢᠭ ᠢ ᠰᠡᠷᠭᠡᠶᠢᠯᠡᠨ ᠬᠤᠷᠢᠭᠯᠠᠬᠤ ᠨᠢᠭᠡᠳᠦᠭᠡᠷ ᠬᠠᠷᠢᠶᠠᠨ ᠤ ᠬᠦᠮᠦᠰ ᠪᠣᠯᠬᠤᠷ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠵᠤᠬᠢᠶᠠᠨ ᠪᠠᠶᠢᠭᠤᠯᠤᠨ ᠨᠠᠶᠢᠳᠠᠪᠦᠷᠢᠵᠢᠭᠤᠯᠬᠤ ᠬᠡᠷᠡᠭᠳᠡᠢ᠃     ︵ᠬᠤᠶᠠᠷ︶ ᠪᠠᠷᠠᠭᠤᠨ ᠦᠵᠦᠮᠦᠴᠢᠨ ᠬᠤᠰᠢᠭᠤᠨ ᠤ ᠬᠢᠨᠠᠨ ᠬᠠᠮᠢᠶᠠᠷᠣᠯᠳᠠ ᠶᠢᠨ ᠳᠣᠪᠴᠢᠶ᠎ᠠ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠵᠦ᠂ ᠵᠠᠬ᠎ᠠ ᠳᠡᠯᠭᠡᠭᠦᠷ ᠶᠢ ᠲᠣᠭᠤᠷᠢᠨ ᠪᠠᠶᠢᠴᠠᠭᠠᠵᠤ ᠬᠢᠨᠠᠯᠳᠠ ᠲᠠᠯᠪᠢᠬᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠠ ᠶᠢ ᠨᠠᠶᠢᠳᠠᠪᠦᠷᠢᠵᠢᠭᠤᠯᠬᠤ ᠦᠭᠡᠢ ᠳᠡᠯᠭᠡᠭᠦᠷ ᠢ ᠡᠭᠦᠳᠡ ᠶᠢ ᠨᠢ ᠬᠠᠭᠠᠨ ᠴᠡᠭᠴᠡᠯᠡᠨ ᠰᠠᠶᠢᠵᠢᠷᠠᠭᠤᠯᠤᠨ᠎ᠠ᠃ ᠬᠠᠣᠯᠢ ᠪᠤᠰᠤ ᠪᠠᠷ ᠡᠵᠡᠩᠨᠡᠭᠰᠡᠨ ᠠᠵᠢᠯᠯᠠᠭ᠎ᠠ ᠳᠤ ᠬᠦᠨᠳᠦ ᠪᠠᠷ ᠰᠢᠢᠳᠭᠡᠨ᠂ ᠬᠠᠣᠯᠢ ᠳᠣᠭᠳᠠᠭᠠᠯ ᠠᠴᠠ ᠵᠦᠷᠢᠴᠡᠭᠰᠡᠨ ᠥᠢᠯᠡ ᠠᠵᠢᠯᠯᠠᠭ᠎ᠠ ᠶᠢ ᠢᠳᠡᠭᠡᠮᠵᠢ ᠶᠢᠨ ᠬᠢᠨᠠᠨ ᠬᠠᠮᠢᠶᠠᠷᠤᠯᠳᠠ ᠶᠢᠨ ᠰᠢᠰᠲ᠋ᠧᠮ ᠳᠤ ᠣᠷᠣᠭᠤᠯᠣᠨ᠂ ᠨᠡᠶᠢᠭᠡᠮ ᠨᠡᠶᠢᠳᠡ ᠳᠤ ᠢᠯᠡᠴᠢᠯᠡᠨ ᠨᠡᠶᠢᠳᠡᠯᠡᠬᠦ ᠶᠢᠨ ᠬᠠᠮᠳᠦ ᠶᠠᠯᠠᠳᠣ ᠠᠵᠢᠯᠯᠠᠭ᠎ᠠ ᠶᠢ  ᠳᠣᠳᠣᠭᠠᠳᠦ ᠶᠢ ᠬᠠᠮᠠᠭᠠᠯᠠᠬᠤ ᠪᠠᠶᠢᠭᠤᠯᠭ᠎ᠠ ᠳᠤ ᠬᠦᠷᠭᠡᠨ ᠰᠢᠢᠳᠪᠦᠷᠢᠯᠡᠨ᠎ᠡ᠃     ︵ᠭᠤᠷᠪᠠ︶ ᠨᠡᠶᠢᠭᠡᠮ ᠤᠨ ᠡᠯ᠎ᠡ ᠡᠳᠡᠭᠡᠳ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠨᠠᠯᠳᠠ ᠲᠠᠯᠪᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠭᠰᠠᠨ ᠦᠭᠡᠢ ᠪᠣᠶᠣ ᠬᠠᠣᠯᠢ ᠠᠴᠠ ᠵᠦᠷᠢᠴᠡᠭᠰᠡᠨ ᠡᠵᠡᠭᠨᠡᠯᠲᠡ ᠶᠢᠨ ᠠᠵᠢᠯᠯᠠᠭ᠎ᠠ ᠶᠢ ᠴᠠᠭ ᠳᠣᠬᠠᠢ ᠳᠤ ᠨᠢ12315 ᠳᠤ ᠣᠳᠠᠰᠣ ᠠᠪᠴᠦ ᠢᠯᠡᠴᠢᠯᠡᠨ ᠮᠡᠳᠡᠭᠦᠯᠬᠦ ᠬᠡᠷᠡᠭᠳᠡᠢ᠃     ︵ᠳᠦᠷᠪᠡ︶ ᠦᠷᠭᠡᠨ ᠣᠯᠠᠨ ᠰᠠᠭᠤᠭᠠᠯᠢ ᠠᠷᠠᠳ ᠪᠣᠯᠣᠨ ᠬᠡᠷᠡᠭᠯᠡᠭᠴᠢᠳ ᠬᠢᠵᠢᠭ ᠢ ᠰᠡᠷᠭᠡᠶᠢᠯᠡᠬᠦ ᠣᠬᠠᠮᠰᠠᠷ  ᠢᠶᠠᠨ ᠳᠡᠭᠡᠭᠰᠢᠯᠡᠬᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠬᠡᠵᠦ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ ᠣᠬᠠᠮᠰᠠᠷ ᠠᠴᠠ ᠪᠠᠨ ᠣᠷᠣᠯᠴᠠᠵᠤ᠂ ᠪᠢᠳᠡᠨ ᠲᠠᠢ ᠬᠠᠮᠵᠢᠯᠴᠠᠬᠤ ᠵᠢ‌ᠣᠷᠢᠶᠠᠯᠠᠵᠤ ᠪᠠᠶᠢᠨ᠎ᠠ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号