365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ  ᠦᠵᠦᠮᠦᠴᠢᠨ  ᠬᠤᠰᠢᠭᠤᠨ  ᠤ  2020  ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠷᠠᠯᠲᠠ ᠶᠢ ᠪᠡᠶᠡᠯᠡᠭᠦᠯᠦᠭᠰᠡᠨ ᠶᠡᠷᠦᠩᠬᠡᠶ ᠪᠠᠶᠢᠳᠠᠯ ᠤᠨ ᠲᠤᠬᠠᠢ ᠮᠡᠳᠡᠭᠦᠯᠦᠯᠲᠡ
        ᠨᠡᠶᠢᠲᠡᠯᠡᠭᠰᠡᠨ ᠴᠠᠭ᠄
        2021/12/6
                              ᠪᠠᠷᠠᠭᠤᠨ  ᠦᠵᠦᠮᠦᠴᠢᠨ  ᠬᠤᠰᠢᠭᠤᠨ   ᠤ  2020  ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠷᠠᠯᠲᠠ ᠶᠢ ᠪᠡᠶᠡᠯᠡᠭᠦᠯᠦᠭᠰᠡᠨ ᠶᠡᠷᠦᠩᠬᠡᠶ ᠪᠠᠶᠢᠳᠠᠯ ᠤᠨ ᠲᠤᠬᠠᠢ ᠮᠡᠳᠡᠭᠦᠯᠦᠯᠲᠡ                         ︵2021 ᠣᠨ ᠤ 7 ᠰᠠᠷ᠎ᠠ ᠶᠢᠨ 20 ᠤ ᠡᠳᠦᠷ︶                ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ   ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ 2020 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠷᠠᠯᠲᠠ ᠶᠢ ᠪᠡᠶᠡᠯᠡᠭᠦᠯᠦᠭᠰᠡᠨ ᠶᠡᠷᠦᠩᠬᠡᠶ ᠪᠠᠶᠢᠳᠠᠯ ᠢ ᠳᠤᠤᠷ᠎ᠠ ᠬᠠᠷᠢᠭᠤ ᠮᠡᠳᠡᠭᠦᠯᠦᠶ᠎ᠡ᠃   ᠣᠶᠢᠷ᠎ᠠ ᠶᠢᠨ ᠵᠢᠯ ᠠᠴᠠ ᠨᠠᠭᠠᠰᠢ᠂ ᠬᠤᠰᠢᠭᠤ ᠵᠠᠰᠠᠭ ᠤᠨ ᠣᠷᠳᠣᠨ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠦᠨᠢᠳᠡ ᠶᠢᠨ ᠥᠪ︾ ᠭᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠣᠭᠤᠷᠢᠨ ᠳᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠦᠵᠡᠯ ᠰᠠᠨᠠᠭ᠎ᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠭᠰᠡᠨ ᠠᠴᠠ ᠣᠷᠴᠢᠨ ᠲᠣᠭᠤᠷᠢᠨ ᠤ ᠵᠠᠰᠠᠯᠲᠠ ᠶᠢᠨ ᠡᠷᠴᠢᠮ ᠠᠯᠬᠤᠮ ᠠᠯᠬᠤᠮ ᠢᠶᠠᠷ ᠴᠢᠩᠭᠠᠷᠠᠵᠤ᠂ ᠵᠠᠰᠠᠯᠲᠠ  ᠶᠢᠨ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠨ᠂ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠠᠯᠬᠤᠮ ᠠᠯᠬᠤᠮ ᠢᠶᠠᠷ ᠴᠢᠩᠭᠠᠷᠠᠵᠤ᠂ ᠠᠮᠢ ᠠᠬᠤᠶ ᠶᠢᠨ ᠣᠷᠴᠢᠨ ᠲᠣᠭᠤᠷᠢᠨ ᠡᠳᠦᠷ ᠢᠷᠡᠬᠦᠶ᠎ᠡ ᠰᠠᠶᠢᠵᠢᠷᠠᠨ᠂ ᠰᠠᠶᠢᠨ ᠦᠷ᠎ᠡ ᠪᠦᠲᠦᠮᠵᠢ ᠤᠯᠪᠠ᠃   ᠨᠢᠭᠡ᠂ 2020 ᠣᠨ ᠤ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠤᠨ ᠪᠠᠶᠢᠳᠠᠯ    ︵ᠨᠢᠭᠡ︶ ᠠᠭᠠᠷ ᠮᠠᠨᠳᠠᠯ ᠤᠨ ᠣᠷᠴᠢᠨ ᠳᠤᠭᠤᠷᠢᠨ ᠤ ᠶᠠᠰᠤ ᠴᠢᠨᠠᠷ ᠤᠨ ᠪᠠᠶᠢᠳᠠᠯ᠃ ᠮᠠᠨ ᠤ ᠬᠤᠰᠢᠭᠤᠨ ᠤ ᠠᠭᠠᠷ ᠮᠠᠨᠳᠠᠯ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠠᠭᠠᠷ ᠤᠨ ᠴᠡᠪᠡᠷ ᠲᠤᠩᠭᠠᠯᠠᠭ ᠡᠳᠦᠷ ᠤᠨ ᠲᠤᠭ᠎ᠠ ᠶᠢᠨ ᠬᠠᠷᠢᠴᠠᠯ 99% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠣᠨ ᠤ ᠬᠢᠨᠠᠨ ᠰᠢᠯᠭᠠᠬᠤ ᠬᠠᠷᠠᠯᠲᠠ ᠶᠢᠨ 90% ᠠᠴᠠ ᠥᠨᠳᠥᠷ ᠪᠣᠯᠪᠠ᠃ ᠵᠢᠵᠢᠭ ᠮᠥᠬᠦᠯᠢᠭᠲᠦ ᠪᠣᠳᠠᠰ ︵PM 2.5︶ ᠤᠨ ᠳᠤᠮᠳᠠᠴᠢ ᠥᠳᠬᠡᠴᠡ ᠨᠢ 10 ᠮᠢᠺᠷᠥᠭ᠌ᠷᠠᠮ / ᠺᠦᠪ ᠮᠧᠲᠷ ᠪᠠᠶᠢᠵᠤ᠂ ᠣᠨ ᠤ ᠬᠢᠨᠠᠨ ᠰᠢᠯᠭᠠᠬᠤ ᠬᠠᠷᠠᠯᠲᠠ ᠺᠦᠪ ᠮᠧᠲᠷ ᠪᠦᠷᠢ 35 ᠮᠢᠺᠷᠥᠭ᠌ᠷᠠᠮ ᠠᠴᠠ ᠬᠤᠯᠠ ᠳᠣᠤᠷ᠎ᠠ ᠪᠠᠶᠢᠪᠠ᠃    ︵ᠬᠤᠶᠠᠷ︶ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ᠃ ᠭᠠᠵᠠᠷ ᠤᠨ ᠭᠠᠳᠠᠷᠭᠤ ᠶᠢᠨ ᠤᠰᠤᠨ  ᠤ ᠴᠢᠨᠠᠷ ᠢ ᠰᠠᠶᠢᠵᠢᠷᠠᠭᠤᠯᠬᠤ᠂ ᠤᠤᠭᠤᠬᠤ ᠤᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠵᠦ᠂ ᠬᠤᠲᠠ ᠪᠠᠯᠭᠠᠰᠤᠨ ᠤ ᠠᠮᠢᠳᠤᠷᠠᠯ ᠤᠨ ᠪᠤᠬᠢᠷ ᠤᠰᠤ ᠪᠠ ᠠᠵᠤ ᠦᠶᠯᠡᠳᠪᠦᠷᠢ ᠶᠢᠨ ᠪᠤᠬᠢᠷ ᠤᠰᠤᠨ ᠤ ᠵᠠᠰᠠᠯᠲᠠ ᠶᠢ ᠢᠳᠡᠪᠬᠢᠲᠡᠢ ᠥᠷᠨᠢᠭᠦᠯᠵᠦ᠂ ᠪᠦᠬᠦ ᠬᠤᠰᠢᠭᠤᠨ ᠤ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠪᠠ᠃ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠤᠰᠤᠨ ᠤ ᠴᠢᠳᠠᠮᠵᠢᠲᠤ ᠣᠷᠣᠨ ᠳᠤ ᠣᠷᠣᠭᠤᠯᠤᠭᠰᠠᠨ 8 ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠶᠢᠨ ᠤᠰᠤᠨ ᠤ ᠴᠢᠨᠠᠷ ᠪᠠ ᠲᠥᠪᠯᠡᠷᠡᠭᠰᠡᠨ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ ᠤᠨ ᠤᠰᠤᠨ  ᠤ ᠴᠢᠨᠠᠷ ᠨᠢ ᠴᠥᠮ ᠬᠢᠨᠠᠨ ᠰᠢᠯᠭᠠᠬᠤ ᠬᠠᠷᠠᠯᠲᠠ ᠶᠢᠨ ᠱᠠᠭᠠᠷᠳᠠᠯᠭ᠎ᠠ ᠳᠤ ᠬᠥᠷᠪᠡ᠃ ᠪᠠᠯᠭᠠᠷᠭᠤᠤᠯ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠨᠢ 97% ᠠᠴᠠ ᠳᠡᠭᠡᠭᠰᠢ ︵ᠬᠢᠨᠠᠨ ᠰᠢᠯᠭᠠᠬᠤ ᠪᠠᠷᠢᠮᠵᠢᠶ᠎ᠠ ᠨᠢ 85 %︶ ᠳᠤ ᠬᠦᠷᠴᠦ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠨᠢ 75 % ︵ᠬᠢᠨᠠᠨ ᠰᠢᠯᠭᠠᠬᠤ ᠪᠠᠷᠢᠮᠵᠢᠶ᠎ᠠ ᠨᠢ 75%︶ ᠳᠤ ᠬᠦᠷᠴᠦ᠂ ᠪᠦᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ︵ᠪᠦᠬᠦ ᠠᠶᠢᠮᠠᠭ ᠤᠨ ᠠᠰᠢᠭᠯᠠᠯᠲᠠ ᠶᠢᠨ ᠨᠣᠷᠮ᠎ᠠ ᠨᠢ 82%︶ ᠪᠠᠶᠢᠵᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠬᠦ ᠲᠣᠨᠤᠭ ᠲᠥᠬᠦᠭᠡᠷᠦᠮᠵᠢ ᠶᠢᠨ ᠢᠵᠢ ᠪᠦᠷᠢᠳᠦᠭᠰᠡᠨ ᠨᠣᠷᠮ᠎ᠠ ᠨᠢ100% ᠳᠤ ᠬᠦᠷᠴᠦ ︵ᠬᠢᠨᠠᠨ ᠰᠢᠯᠭᠠᠬᠤ ᠪᠠᠷᠢᠮᠵᠢᠶ᠎ᠠ ᠨᠢ 95% ︶᠂ ᠪᠦᠬᠦ ᠬᠤᠰᠢᠭᠤᠨ ᠤ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠬᠢᠵᠢᠭᠦᠯᠪᠡ᠃    ︵ᠭᠤᠷᠪᠠ︶ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ᠃ ᠬᠥᠷᠥᠰᠥ ᠰᠢᠷᠣᠶ ᠶᠢᠨ ᠪᠣᠬᠢᠷᠲᠤᠯ ᠤᠨ ᠨᠠᠷᠢᠨ ᠪᠠᠶᠢᠴᠠᠭᠠᠯᠲᠠ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠭᠠᠵᠠᠷ ᠬᠡᠷᠡᠭᠯᠡᠬᠦ ᠪᠠᠶᠢᠴᠠᠭᠠᠯᠲᠠ ᠪᠠ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠪᠣᠬᠢᠷᠲᠤᠭᠠᠳᠤᠶ ᠬᠥᠷᠥᠰᠥ ᠰᠢᠷᠣᠶ ᠶᠢᠨ ᠬᠠᠮᠠᠭᠠᠯᠠᠯᠲᠠ ᠶᠢ ᠴᠢᠩᠭᠠᠳᠬᠠᠨ᠂ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ 2020 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ  ᠳᠡᠭᠡᠨ ᠰᠠᠶᠢᠨ ᠪᠠᠶᠢᠵᠤ᠂ ᠪᠣᠬᠢᠷᠲᠤᠭᠰᠠᠨ ᠲᠠᠷᠢᠶᠠᠨ ᠭᠠᠵᠠᠷ ᠪᠠ ᠭᠠᠵᠠᠷ ᠥᠬᠡᠶ᠂ ᠬᠥᠷᠥᠰᠥ ᠰᠢᠷᠣᠶ ᠶᠢ ᠪᠣᠬᠢᠷᠲᠤᠭᠤᠯᠤᠭᠰᠠᠨ ᠶᠠᠪᠤᠳᠠᠯ ᠭᠠᠷᠤᠭᠰᠠᠨ ᠥᠬᠡᠶ᠂ ᠪᠠᠶᠢᠴᠠᠭᠠᠯᠲᠠ ᠳᠤ ᠤᠷᠤᠭᠰᠠᠨ ᠬᠥᠷᠥᠰᠥ ᠰᠢᠷᠣᠶ ᠶᠢᠨ ᠬᠢᠨᠠᠨ ᠬᠡᠮᠵᠢᠬᠦ ᠴᠡᠭ ᠤᠨ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠨᠢ 100 % ᠳᠤ ᠬᠦᠷᠪᠡ᠃   ᠬᠤᠶᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ    ︵ᠨᠢᠭᠡ︶ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠃ ᠨᠢᠭᠡ ᠳᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ᠂ ᠤᠰᠤᠨ ᠤ ᠴᠢᠨᠠᠷ ᠢ ᠬᠢᠨᠠᠨ ᠬᠡᠮᠵᠢᠬᠦ᠂ ᠣᠷᠴᠢᠨ ᠲᠣᠭᠤᠷᠢᠨ ᠤ ᠪᠠᠶᠢᠳᠠᠯ ᠢ ᠦᠨᠡᠯᠡᠨ ᠵᠢᠱᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠤᠰᠤᠨ ᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ ᠢᠯᠡ‌‍ᠪᠤᠯᠭᠠᠪᠠ᠃ ︽ᠪᠠᠯᠭᠠᠷᠭᠤᠤᠯ ᠪᠠᠯᠭᠠᠰᠤᠨ ᠤ ᠤᠤᠭᠤᠬᠤ ᠤᠰᠤᠨ ᠤ ᠡᠬᠢ ᠰᠤᠷᠪᠤᠯᠵᠢ  ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠤᠨ ᠮᠡᠷᠭᠡᠵᠢᠯ ᠤᠨ ᠮᠡᠳᠡᠭᠦᠯᠦᠯᠲᠡ︾᠂ ︽ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠢᠴᠢ ᠭᠠᠵᠠᠷ ᠳᠣᠤᠷᠠᠬᠢ ᠤᠰᠤᠨ ᠤ ᠡᠬᠢ ᠰᠤᠷᠪᠤᠯᠵᠢ ᠶᠢ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ  ᠢ ᠠᠷᠭᠠᠴᠠᠬᠤ ᠨᠥᠭᠡᠴᠡ ᠡᠳ᠋ ᠪᠠᠷᠠᠭ᠎ᠠ ᠶᠢ ᠲᠡᠭᠦᠯᠳᠡᠷᠵᠢᠭᠦᠯᠦᠨ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠬᠦ ᠦᠵᠡᠭᠳᠡᠯ ᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷ᠎ᠠ ᠲᠣᠭᠲᠠᠭᠠᠯ ᠠᠴᠠ ᠵᠥᠷᠢᠴᠡᠭᠰᠡᠨ 2 ᠪᠠᠷᠢᠯᠭ᠎ᠠ ︵ᠬᠠᠭᠤᠷᠠᠶ ᠵᠣᠷᠯᠣᠩ 1᠂ ᠰᠠᠭᠤᠭᠠᠯᠢ ᠠᠷᠠᠳ ᠤᠨ ᠣᠷᠣᠨ ᠰᠠᠭᠤᠴᠠ 1︶ ᠶᠢ ᠨᠤᠷᠠᠭᠠᠵᠤ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠬᠤᠶᠠᠷ ᠲᠤ᠂ ᠤᠯᠤᠰ ᠤᠨ ᠲᠠᠰ ᠤᠨ ᠰᠢᠶᠠᠨ ᠤ ᠬᠡᠪᠴᠢᠶᠡᠨ ᠤ ᠠᠮᠢ ᠠᠬᠤᠶ ᠶᠢᠨ ᠴᠢᠳᠠᠪᠬᠢᠲᠤ ᠣᠷᠣᠨ  ᠤ ᠣᠷᠴᠢᠨ ᠲᠣᠭᠤᠷᠢᠨ ᠤ ᠶᠠᠰᠤ ᠴᠢᠨᠠᠷ ᠤᠨ ᠭᠦᠶᠴᠡᠳᠬᠡᠯ ᠲᠤᠭ᠎ᠠ ᠶᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠠᠬᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠭᠤᠤᠯᠳᠠᠯᠭ᠎ᠠ ᠲᠠᠢ ᠬᠢᠨᠠᠨ ᠬᠡᠮᠵᠢᠬᠦ ᠲᠥᠷᠥᠯ ᠵᠦᠶᠯ ᠳᠤ ᠲᠣᠭᠲᠠᠭᠰᠠᠨ ᠬᠤᠭᠤᠴᠠᠭ᠎ᠠ ᠲᠠᠢ ᠬᠢᠨᠠᠨ ᠬᠡᠮᠵᠢᠯᠲᠡ ᠬᠢᠵᠦ᠂ ᠮᠠᠨ ᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ  ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠦᠨᠡᠯᠡᠪᠡ᠃ ᠭᠤᠷᠪᠠ ᠳᠤ᠂ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ ᠨᠢ ᠣᠳᠣᠬᠠᠨ ᠳᠤ ᠶᠠᠭ ᠲᠥᠬᠦᠭᠡᠷᠦᠮᠵᠢ ᠵᠢᠴᠢ ᠤᠷ᠎ᠠ ᠮᠡᠷᠭᠡᠰᠢᠯ ᠤᠨ ᠲᠣᠬᠢᠷᠠᠭᠤᠯᠤᠯᠲᠠ ᠬᠢᠵᠦ ᠪᠠᠶᠢᠨ᠎ᠠ᠂ ᠲᠣᠰ ᠲᠥᠷᠥᠯ ᠵᠦᠶᠯ ᠨᠢ ᠠᠰᠢᠭᠯᠠᠯᠲᠠ  ᠳᠤ ᠤᠷᠤᠭᠰᠠᠨ ᠤ ᠳᠠᠷᠠᠭ᠎ᠠ ᠤᠰᠤ ᠭᠠᠷᠭᠠᠬᠤ ᠠᠮᠠᠰᠠᠷ ᠤᠨ ᠪᠣᠬᠢᠷᠲᠤᠯ ᠪᠣᠳᠠᠰ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢ ᠪᠡᠶᠡᠯᠡᠭᠦᠯᠵᠦ ᠪᠣᠯᠤᠨ᠎ᠠ᠃ ᠡᠭᠦᠨ ᠠᠴᠠ ᠭᠠᠳᠠᠨ᠎ᠠ᠂ ᠪᠠᠶᠠᠨᠬᠤᠸᠠ ᠠᠵᠤ ᠦᠶᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢ ᠳᠡᠭᠡᠷ᠎ᠡ ᠬᠠᠭᠠᠰ ᠵᠢᠯ ᠳᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠵᠢᠴᠢ ᠰᠦᠯᠵᠢᠶ᠎ᠡ ᠬᠤᠯᠪᠣᠬᠤ ᠠᠵᠢᠯ ᠢ ᠪᠡᠶᠡᠯᠡᠭᠦᠯᠪᠡ᠃     ︵ᠬᠤᠶᠠᠷ  ︶ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠃ ᠨᠢᠭᠡ ᠳᠤ᠂ ︽ᠪᠠᠷᠠᠭᠤᠨ ᠦᠵᠦᠮᠦᠴᠢᠨ ᠬᠤᠰᠢᠭᠤᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠦᠭᠡᠢ ᠪᠠᠷ ᠪᠣᠬᠢᠷᠲᠤᠯ ᠢ ᠭᠠᠳᠠᠭᠰᠢᠯᠠᠭᠤᠯᠵᠦ ᠪᠠᠶᠢᠬᠤ ᠶᠢ ᠵᠠᠰᠠᠬᠤ ᠨᠠᠷᠢᠨ ᠳᠠᠩᠰᠠ︾ ᠳᠠᠬᠢ 12 ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠦᠭᠡᠢ ᠪᠠᠷ ᠪᠣᠬᠢᠷᠲᠤᠯ ᠭᠠᠳᠠᠭᠰᠢᠯᠠᠭᠤᠯᠵᠦ ᠪᠠᠶᠢᠬᠤ ᠶᠢ ᠵᠠᠰᠠᠬᠤ ᠠᠵᠢᠯ ᠢ ᠪᠡᠶᠡᠯᠡᠭᠦᠯᠪᠡ᠃ ᠬᠤᠶᠠᠷ ᠲᠤ᠂ ᠲᠣᠭᠤᠷᠢᠭ ᠤᠨ 10 ᠲᠣᠨ / h ᠠᠴᠠ ᠳᠤᠷᠤᠭᠰᠢ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ 2020 ᠣᠨ ᠳᠤ ᠪᠠᠰᠠ ᠨᠢᠭᠡᠨ ᠡᠵᠡᠩᠨᠡᠯᠲᠡ ᠶᠢᠨ ᠴᠢᠨᠠᠷᠲᠠᠶ ᠨᠡᠭᠦᠷᠡᠰᠦ ᠰᠢᠲᠠᠭᠠᠬᠤ ᠵᠣᠤᠬ᠎ᠠ ᠶᠢ ᠨᠤᠷᠠᠭᠠᠪᠠ᠃ ᠭᠤᠷᠪᠠ ᠳᠤ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠪᠡ᠃ ︽ᠬᠤᠶᠠᠷ ᠢ ᠲᠡᠰᠦᠯᠵᠦ ᠭᠤᠷᠪᠠ ᠶᠢ ᠴᠡᠪᠡᠷᠯᠡᠬᠦ︾᠂ ︽ᠬᠤᠭᠤᠴᠠᠭ᠎ᠠ ᠬᠢᠵᠠᠭᠠᠷᠯᠠᠨ ᠴᠡᠪᠡᠷᠯᠡᠬᠦ ︾᠂ ︽ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠵᠡᠷᠭᠡ ᠠᠷᠭ᠎ᠠ ᠪᠠᠷᠢᠯ ᠢᠶᠠᠷ ᠪᠥᠬᠦ ᠬᠤᠰᠢᠭᠤᠨ ᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ ᠦᠶᠯᠡᠳᠪᠦᠷᠢ ᠶᠢᠨ 20 ᠠᠵᠤ ᠠᠬᠤᠶᠢᠯᠠᠯ ᠢ ᠵᠠᠰᠠᠬᠤ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠪᠡ᠃ ᠳᠥᠷᠪᠡ ᠳᠤ᠂ VOCs ᠢ ᠶᠡᠷᠦᠩᠬᠡᠶᠢᠯᠡᠨ ᠵᠠᠰᠠᠬᠤ ᠶᠢ ᠥᠷᠨᠢᠭᠦᠯᠪᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠠᠵᠤ ᠦᠶᠯᠡᠳᠪᠦᠷᠢ ᠶᠢᠨ ᠠᠵᠤ ᠠᠬᠤᠶᠢᠯᠠᠯ ᠵᠢᠴᠢ 67 ᠨᠠᠷᠢᠨ ᠲᠠᠩᠰᠠ ᠶᠢ ᠪᠠᠶᠢᠭᠤᠯᠵᠦ  ᠂ 14 ᠲᠣᠰᠣ ᠰᠠᠪᠠᠯᠠᠬᠤ ᠲᠡᠷᠭᠡ  ᠂ 48 ᠲᠣᠰᠣ ᠨᠡᠮᠡᠬᠦ ᠥᠷᠲᠡᠭᠡ ᠶᠢ ᠡᠳᠦᠷ ᠲᠤᠲᠤᠮ ᠤᠨ ᠬᠢᠨᠠᠨ ᠬᠠᠮᠢᠶᠠᠷᠤᠯᠲᠠ ᠳᠤ ᠣᠷᠣᠭᠤᠯᠪᠠ᠃ ᠭᠤᠷᠪᠠᠳᠤᠭᠠᠷ ᠲᠠᠯ᠎ᠠ ᠲᠠᠢ ᠬᠠᠮᠵᠢᠯᠴᠠᠨ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠪᠠᠶᠢᠳᠠᠯ ᠢ ᠣᠶᠢᠯᠠᠭᠠᠵᠤ ᠪᠠᠶᠢᠴᠠᠭᠠᠬᠤ ᠪᠠ ᠳ᠋ᠤᠭᠠᠷᠯᠠᠵᠤ ᠲᠡᠮᠳᠡᠭᠯᠡᠬᠦ ᠠᠵᠢᠯ ᠢ ᠪᠡᠶᠡᠯᠡᠭᠦᠯᠪᠡ᠃ ᠳᠣᠲᠣᠭᠠᠳᠤ  ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠮᠡᠷᠭᠡᠵᠢᠯ ᠤᠨ ᠬᠢᠨᠠᠯᠲᠠ ᠲᠠᠯᠪᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠴᠠᠶᠢᠶᠤᠤ ᠲᠣᠰᠣᠨ ᠤ ᠪᠠᠷᠠᠭᠠᠨ ᠤ ᠲᠡᠷᠭᠡᠨ ᠳᠤ ᠨᠠᠮᠤᠷ ᠡᠪᠦᠯ ᠤᠨ ᠤᠯᠠᠷᠢᠯ ᠤᠨ ᠬᠢᠨᠠᠯᠲᠠ ᠲᠠᠯᠪᠢᠬᠤ ᠴᠢᠨᠠᠷᠲᠠᠶ ᠰᠤᠭᠤᠴᠠᠨ ᠪᠠᠶᠢᠴᠠᠭᠠᠯᠳᠠ ᠶᠢ ᠥᠷᠨᠢᠭᠦᠯᠵᠦ᠂ ᠴᠠᠶᠢᠶᠤᠤ ᠲᠣᠰᠣᠨ ᠤ ᠪᠠᠷᠠᠭᠠᠨ ᠤ ᠲᠡᠷᠭᠡᠨ ᠳᠤ ᠪᠣᠬᠢᠷᠲᠤᠯ ᠢ ᠬᠢᠵᠠᠭᠠᠷᠯᠠᠬᠤ ᠲᠣᠨᠤᠭ ᠲᠥᠬᠦᠭᠡᠷᠦᠮᠵᠢ OBD ᠤᠭᠰᠠᠷᠠᠭᠰᠠᠨ ᠡᠰᠡᠬᠦ᠂ ᠠᠷᠤ ᠶᠢᠨ ᠬᠡᠢ ᠶᠢᠨ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠳᠤ ᠪᠠᠶᠢᠴᠠᠭᠠᠨ ᠬᠡᠮᠵᠢᠯᠲᠡ ᠬᠢᠵᠦ᠂  ᠨᠡᠶᠢᠲᠡ 895 ᠶᠢ ᠰᠤᠭᠤᠴᠠᠨ ᠪᠠᠶᠢᠴᠠᠭᠠᠵᠦ᠂ ᠬᠢᠷᠢ ᠲᠡᠩᠴᠡᠭᠰᠡᠨ ᠨᠣᠷᠮ᠎ᠠ ᠨᠢ 99.8% ᠳᠤ ᠬᠦᠷᠪᠡ᠃ ᠲᠠᠪᠤ ᠳᠤ᠂ ᠬᠤᠰᠢᠭᠤᠨ ᠤ ᠬᠡᠪᠴᠢᠶᠡᠨ ᠤ ᠲᠠᠭᠤ ᠱᠤᠤᠬᠢᠶᠠᠨ ᠶᠡᠬᠡᠲᠡᠢ ᠳᠤᠭᠤᠷᠢᠭ᠂ ᠪᠣᠬᠢᠷᠲᠤᠯ ᠶᠡᠬᠡᠲᠡᠶ ᠰᠢᠳᠠᠭᠠᠬᠤ ᠶᠢ ᠴᠠᠭᠠᠵᠠᠯᠠᠬᠤ ᠳᠤᠭᠤᠷᠢᠭ᠂ ᠭᠠᠳᠠᠭᠰᠢᠯᠠᠭᠤᠯᠤᠯᠲᠠ ᠶᠡᠬᠡᠲᠡᠶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠳᠤᠭᠤᠷᠢᠭ ᠪᠠ ᠤᠯᠤᠰ ᠤᠨ ᠭᠤᠷᠪᠠᠳᠤᠭᠠᠷ ᠱᠠᠲᠤ ᠦᠶ᠎ᠡ ᠶᠢᠨ ᠪᠠᠷᠢᠮᠵᠢᠶ᠎ᠠ  ᠠᠴᠠ ᠳᠣᠷᠣᠭᠰᠢᠬᠢ ᠴᠠᠶᠢᠶ᠋ᠢᠦ ᠲᠣᠰᠣ ᠰᠢᠲᠠᠭᠠᠬᠤ ᠠᠴᠢᠶᠠᠨ ᠤ ᠲᠡᠷᠭᠡ ᠶᠢᠨ ᠠᠶᠠᠯᠠᠬᠤ ᠶᠢ ᠴᠠᠭᠠᠵᠠᠯᠠᠬᠤ ᠳᠤᠭᠤᠷᠢᠭ ᠵᠡᠷᠭᠡ ︽ᠳᠥᠷᠪᠡᠨ ᠳᠤᠭᠤᠷᠢᠭ︾ ᠢ ᠬᠤᠪᠢᠶᠠᠷᠢᠯᠠᠨ ᠲᠣᠭᠲᠠᠭᠠᠬᠤ ᠪᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠢᠯᠡ ᠪᠣᠯᠭᠠᠬᠤ ᠠᠵᠢᠯ ᠢ ᠪᠡᠶᠡᠯᠡᠭᠦᠯᠪᠡ᠃     ︵ᠭᠤᠷᠪᠠ︶ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠃ ᠨᠢᠭᠡ ᠳᠤ᠂ ᠠᠵᠤ ᠠᠬᠤᠶᠢᠯᠠᠯ ᠤᠨ ᠬᠡᠷᠡᠭᠯᠡᠵᠦ ᠪᠠᠶᠢᠭ᠎ᠠ ᠭᠠᠵᠠᠷ ᠢ ᠪᠠᠶᠢᠴᠠᠭᠠᠵᠤ ᠳᠠᠬᠢᠨ ᠬᠢᠨᠠᠬᠤ ᠵᠢᠴᠢ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠠᠶᠢᠭ᠎ᠠ ᠭᠠᠵᠠᠷ ᠤᠨ ᠬᠥᠷᠥᠰᠥ ᠰᠢᠷᠣᠶ ᠶᠢ ᠪᠠᠶᠢᠴᠠᠭᠠᠬᠤ ᠠᠵᠢᠯ ᠢ ᠥᠷᠨᠢᠭᠦᠯᠪᠡ᠃ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ ᠪᠠᠶᠢᠭ᠎ᠠ ᠭᠠᠵᠠᠷ ᠢ ᠨᠢᠭᠡᠨᠲᠡ ᠡᠭᠡᠭᠦᠯᠦᠨ ᠬᠤᠷᠢᠶᠠᠭᠰᠠᠨ ᠵᠢᠴᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠨᠢ ᠡᠭᠡᠭᠦᠯᠦᠨ ᠬᠤᠷᠢᠶᠠᠬᠤ ᠪᠠᠷ ᠪᠠᠶᠢᠭ᠎ᠠ ᠠᠵᠤ ᠠᠬᠤᠶᠢᠯᠠᠯ  ᠤᠨ ᠬᠡᠷᠡᠭᠯᠡᠵᠦ ᠪᠠᠶᠢᠭ᠎ᠠ ᠭᠠᠵᠠᠷ ᠪᠠ ᠬᠡᠷᠡᠭᠴᠡᠭᠡ ᠶᠢ ᠨᠢ ᠣᠷᠣᠨ ᠰᠠᠭᠤᠴᠠ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠦᠶᠯᠡᠴᠢᠯᠡᠭᠡ ᠬᠢᠬᠦ ᠭᠠᠵᠠᠷ ᠪᠤᠯᠭᠠᠨ ᠬᠤᠪᠢᠷᠠᠭᠤᠯᠤᠭᠰᠠᠨ ᠠᠵᠤ ᠠᠬᠤᠶᠢᠯᠠᠯ ᠢ ᠵᠠᠰᠠᠨ ᠴᠡᠭᠴᠡᠯᠡᠵᠦ᠂ ᠪᠣᠬᠢᠷᠲᠤᠭᠰᠠᠨ ᠭᠠᠵᠠᠷ ᠪᠠᠶᠢᠬᠤ ᠥᠬᠡᠶ᠃ ᠬᠤᠶᠠᠷ ᠲᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠪᠡ᠃ 4 ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ︽ᠨᠢᠭᠡ ᠬᠥᠮᠥᠷᠭᠡ  ᠳᠤ ᠨᠢᠭᠡ ᠳᠠᠩᠰᠠ ᠡᠪᠬᠡᠮᠡᠯ ᠲᠠᠢ ᠪᠠᠶᠢᠯᠭᠠᠬᠤ︾ ᠶᠢ ᠪᠡᠶᠡᠯᠡᠭᠦᠯᠪᠡ᠃ ᠭᠤᠷᠪᠠ ᠳᠤ᠂ ᠲᠤᠰᠬᠠᠶ ᠮᠡᠷᠭᠡᠵᠢᠯᠲᠡᠨ ᠢ ᠤᠷᠢᠵᠤ ᠭᠤᠤᠯᠳᠠᠯᠭ᠎ᠠ ᠲᠠᠢ ᠪᠠᠷ 2 ᠠᠵᠤ ᠠᠬᠤᠶᠢᠯᠠᠯ ᠳᠤ ᠬᠥᠷᠥᠰᠥ ᠰᠢᠷᠣᠶ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠬᠦ ᠶᠢᠨ ᠬᠠᠮᠲᠤ᠂ ᠠᠵᠤ ᠠᠬᠤᠶᠢᠯᠠᠯ ᠢ ᠣᠷᠴᠢᠨ ᠲᠣᠭᠤᠷᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠦᠷᠢᠮ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠲᠤᠰᠬᠠᠶ ᠮᠡᠷᠭᠡᠵᠢᠯᠲᠡᠨ ᠤ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃︵ᠳᠥᠷᠪᠡ︶ ᠠᠶᠤᠯᠲᠠᠶ ᠬᠠᠶᠠᠭᠳᠠᠮᠠᠯ ᠡᠳ᠋᠂ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠪᠠ᠃ ᠨᠢᠭᠡ ᠳᠤ᠂ ᠮᠠᠨ ᠤ ᠬᠤᠰᠢᠭᠤᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠤᠷᠠᠭ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠤᠷᠤᠭᠰᠠᠨ 26 ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ︵ᠠᠶᠤᠯᠲᠠᠶ ᠬᠠᠶᠠᠭᠳᠠᠮᠠᠯ ᠪᠣᠳᠠᠰ ᠪᠠᠭᠲᠠᠨ᠎ᠠ︶ ᠢ ᠪᠥᠬᠦ ᠶᠠᠪᠤᠴᠠ ᠪᠠᠷ ᠬᠢᠨᠠᠨ ᠬᠠᠮᠢᠶᠠᠷᠴᠤ᠂ ᠮᠠᠨ ᠤ ᠬᠤᠰᠢᠭᠤᠨ ᠤ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠳᠠᠭᠠᠯᠠᠭᠳᠠᠴᠠ ᠪᠠ ᠪᠣᠬᠢᠷᠲᠤᠯ ᠤᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠶ ᠪᠣᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠶᠳᠪᠦᠷᠢᠯᠡᠬᠦ ᠵᠡᠷᠭᠡ ᠦᠨᠳᠦᠰᠦᠨ ᠪᠠᠶᠢᠳᠠᠯ ᠢ ᠪᠠᠶᠢᠴᠠᠭᠠᠪᠠ᠃ ︽ᠰᠢᠯᠢ ᠶᠢᠨ ᠭᠤᠤᠯ ᠠᠶᠢᠮᠠᠭ ᠤᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶᠢᠯᠠᠨ ᠵᠠᠰᠠᠬᠤ ᠲᠥᠰᠦᠯ ᠢ ᠰᠢᠯᠢ ᠶᠢᠨ ᠭᠤᠤᠯ ᠠᠶᠢᠮᠠᠭ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠠᠶᠤᠯᠲᠠᠶ ᠬᠠᠶᠠᠭᠳᠠᠮᠠᠯ ᠡᠳ᠋ ᠦᠢᠯᠡᠳᠪᠦᠷᠢᠯᠡᠬᠦ ᠪᠠ ᠡᠵᠡᠩᠨᠡᠵᠦ ᠪᠠᠶᠢᠭ᠎ᠠ17 ᠠᠵᠤ ᠠᠬᠤᠶᠢᠯᠠᠯ ᠢ ᠲᠤᠰᠬᠠᠶᠢᠯᠠᠨ ᠵᠠᠰᠠᠬᠤ ᠪᠠ ᠠᠶᠤᠯᠲᠠᠶ ᠬᠠᠶᠠᠭᠳᠠᠮᠠᠯ ᠡᠳ᠋ ᠢ ᠵᠢᠷᠤᠮᠵᠢᠭᠤᠯᠤᠨ ᠬᠠᠮᠢᠶᠠᠷᠴᠦ ᠪᠠᠶᠢᠭ᠎ᠠ ᠪᠠᠶᠢᠳᠠᠯ ᠳᠤ ᠰᠢᠯᠭᠠᠨ ᠬᠢᠨᠠᠬᠤ ᠠᠵᠢᠯ ᠢ ᠭᠤᠤᠯᠳᠠᠯᠭ᠎ᠠ ᠲᠠᠢ ᠥᠷᠨᠢᠭᠦᠯᠬᠦ ᠶᠢᠨ ᠬᠠᠮᠲᠤ ᠳᠡᠭᠡᠳᠦ ᠱᠠᠲᠤᠨ ᠤ ᠬᠢᠨᠠᠨ ᠰᠢᠯᠭᠠᠯᠳᠠ ᠶᠢ ᠤᠷᠤᠭᠰᠢᠲᠠᠶ ᠦᠩᠭᠡᠷᠡᠭᠡᠪᠡ᠃ ᠬᠤᠶᠠᠷ ᠲᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠭᠤᠤᠯᠳᠠᠯᠭ᠎ᠠ  ᠲᠠᠢ ᠠᠵᠤ ᠠᠬᠤᠶᠢᠯᠠᠯ ᠵᠢᠴᠢ ᠰᠤᠮᠤ ᠪᠠᠯᠭᠠᠰᠤ᠂ ᠭᠠᠴᠠᠭᠠᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠡᠷᠡᠭᠦᠯ ᠬᠠᠮᠠᠭᠠᠯᠠᠯ ᠤᠨ ᠲᠠᠰᠤᠭ  ︶ ᠵᠡᠷᠭᠡ 15  ᠭᠠᠵᠠᠷ ᠲᠤ ᠭᠦᠨᠵᠡᠭᠡᠶᠢᠷᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠬᠤ᠂ ᠬᠠᠳᠠᠭᠠᠯᠠᠬᠤ᠂ ᠰᠢᠯᠵᠢᠭᠦᠯᠦᠨ ᠲᠡᠭᠡᠭᠡᠪᠦᠷᠢᠯᠡᠬᠦ᠂ ᠰᠢᠶᠳᠪᠦᠷᠢᠯᠡᠬᠦ ᠶᠠᠪᠤᠴᠠ ᠳᠠᠬᠢ ᠡᠷᠡᠭᠦᠯ ᠬᠠᠮᠠᠭᠠᠯᠠᠯ ᠤᠨ ᠬᠢᠵᠢᠭ ᠰᠡᠷᠭᠡᠶᠢᠯᠡᠬᠦ ᠠᠵᠢᠯ ᠢ ᠪᠠᠶᠢᠴᠠᠭᠠᠵᠤ᠂ ᠠᠵᠤ ᠠᠬᠤᠶᠢᠯᠠᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢ ᠵᠢᠯᠣᠭᠤᠳᠪᠠ᠃   ᠭᠤᠷᠪᠠ᠂ ᠣᠷᠣᠰᠢᠵᠤ ᠪᠠᠶᠢᠭ᠎ᠠ ᠭᠤᠣᠯ ᠠᠰᠠᠭᠤᠳᠠᠯ    ︵ᠨᠢᠭᠡ︶ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠨᠢ ᠨᠡᠯᠢᠶᠡᠳ ᠳᠠᠩ ᠴᠤᠯᠭᠤᠶ ᠪᠠᠶᠢᠨ᠎ᠠ᠃ ᠣᠳᠣᠬᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠠᠮᠢᠶᠠᠷᠤᠯᠲᠠ ᠶᠢᠨ ᠪᠠᠶᠢᠳᠠᠯ ᠠᠴᠠ ᠦᠵᠡᠪᠡᠯ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠮᠡᠷᠭᠡᠵᠢᠯ ᠲᠥᠬᠦᠭᠡᠷᠦᠮᠵᠢ ᠬᠤᠴᠣᠷᠤᠩᠭᠤᠢ᠂ ᠠᠵᠢᠯᠲᠠᠨ ᠬᠦᠷᠦᠯᠴᠡᠬᠦ ᠦᠭᠡᠢ᠂ ᠠᠯᠤᠰ ᠰᠡᠷᠡᠯ ᠪᠠ ᠵᠢᠯᠣᠭᠤᠴᠢ ᠦᠭᠡᠢ ᠨᠢᠰᠬᠡᠯ ᠵᠡᠷᠭᠡ ᠰᠢᠨᠵᠢᠯᠡᠬᠦ ᠤᠬᠠᠭᠠᠨᠴᠢ ᠮᠡᠷᠭᠡᠵᠢᠯ ᠤᠨ ᠬᠠᠤᠯᠢ ᠬᠡᠷᠡᠭᠵᠢᠭᠦᠯᠬᠦ ᠲᠥᠬᠦᠭᠡᠷᠦᠮᠵᠢ ᠳᠤᠲᠠᠭᠳᠠᠨ᠂ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢᠨ ᠴᠢᠳᠠᠪᠬᠢ ᠳᠣᠣᠷ᠎ᠠ ᠪᠠᠶᠢᠵᠤ ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠠ ᠰᠢᠨ᠎ᠡ ᠶᠢ ᠡᠭᠦᠳᠬᠦ ᠪᠠᠴᠢᠮ ᠱᠠᠭᠠᠷᠳᠠᠵᠤ ᠪᠠᠶᠢᠨ᠎ᠠ᠃    ︵ᠬᠤᠶᠠᠷ︶ ᠬᠤᠲᠠ ᠪᠠᠯᠭᠠᠰᠤᠨ ᠤ ᠲᠥᠯᠥᠪᠵᠢᠭᠦᠯᠭᠡ ᠶᠢ ᠤᠯᠠᠮ ᠨᠢᠭᠡ ᠠᠯᠬᠤᠮ ᠵᠦᠢ ᠵᠣᠬᠢᠰᠲᠠᠶ ᠲᠣᠬᠢᠷᠠᠭᠤᠯᠬᠤ ᠴᠢᠬᠤᠯᠠ ᠲᠠᠢ ᠪᠠᠶᠢᠨ᠎ᠠ᠃ ᠮᠠᠨ ᠤ ᠬᠤᠰᠢᠭᠤᠨ ᠤ ᠣᠶᠢᠷ᠎ᠠ ᠶᠢᠨ ᠵᠢᠯ ᠤᠨ ᠬᠤᠲᠠ ᠪᠠᠯᠭᠠᠰᠤᠨ ᠤ ᠣᠷᠴᠢᠨ ᠲᠣᠭᠤᠷᠢᠨ ᠤ ᠵᠠᠭᠠᠯᠳᠤᠯᠭ᠎ᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠢᠳᠡᠭᠡᠨ ᠤᠮᠳᠠᠭᠠᠨ ᠬᠢᠬᠦ ᠲᠣᠰᠣᠨ ᠣᠲᠤᠭ᠎ᠠ᠂ ᠮᠠᠰᠢᠨ ᠲᠡᠷᠭᠡ ᠰᠡᠯᠪᠢᠨ ᠵᠠᠰᠠᠬᠤ ᠰᠢᠷ ᠵᠡᠷᠭᠡ ᠠᠴᠠ ᠢᠷᠡᠯᠲᠡ ᠲᠠᠢ᠃ ᠡᠭᠦᠨ ᠤ ᠰᠢᠯᠲᠠᠭᠠᠨ ᠨᠢ ᠪᠣᠯ ᠬᠤᠲᠠ ᠶᠢᠨ ᠲᠣᠭᠤᠷᠢᠭ ᠢ ᠡᠬᠢᠯᠡᠨ ᠪᠦᠲᠦᠭᠡᠨ ᠪᠠᠶᠢᠭᠤᠯᠬᠤ ᠦᠶ᠎ᠡ ᠳᠤ ᠲᠥᠯᠥᠪᠵᠢᠭᠦᠯᠭᠡ ᠨᠢ ᠬᠤᠴᠣᠷᠤᠩᠭᠤᠶ ᠪᠤᠶᠤ ᠡᠬᠢᠯᠡᠯᠲᠡ ᠶᠢᠨ ᠴᠢᠭ ᠨᠢ ᠨᠡᠯᠢᠶᠡᠳ ᠳᠣᠣᠷ᠎ᠠ ᠪᠠᠶᠢᠵᠤ᠂ ᠵᠠᠷᠢᠮ ᠣᠷᠴᠢᠨ ᠲᠣᠭᠤᠷᠢᠨ ᠤ ᠪᠣᠬᠢᠷᠲᠤᠯ ᠤᠨ ᠲᠥᠷᠥᠯ ᠵᠦᠢᠯ ᠬᠢᠭᠡᠳ ᠰᠠᠭᠤᠭᠠᠯᠢ ᠠᠷᠠᠳ ᠤᠨ ᠲᠣᠭᠤᠷᠢᠭ ᠵᠡᠷᠭᠡ ᠣᠷᠴᠢᠨ ᠲᠣᠭᠤᠷᠢᠨ ᠤ ᠰᠡᠷᠭᠡᠭ ᠴᠢᠭ ᠤᠨ ᠣᠷᠣᠨ ᠪᠠᠶᠢᠷᠢ ᠶᠢᠨ ᠬᠠᠷᠢᠴᠠᠭ᠎ᠠ ᠶᠢ ᠭᠦᠢᠴᠡᠳ ᠪᠣᠳᠣᠯᠬᠢᠯᠠᠭᠰᠠᠨ ᠦᠭᠡᠶ ᠠᠴᠠ ᠪᠣᠯᠤᠭᠰᠠᠨ ᠶᠤᠮ᠃     ︵ᠭᠤᠷᠪᠠ︶ ᠮᠠᠯᠵᠢᠬᠤ ᠣᠷᠣᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠬᠠᠷᠢᠴᠠᠩᠭᠤᠶ ᠪᠠᠭᠤᠷᠠᠶ ᠪᠠᠶᠢᠨ᠎ᠠ᠃ ᠬᠠᠷᠢᠶᠠᠲᠤ ᠣᠷᠣᠨ ᠤ ᠰᠤᠮᠤ ᠪᠠᠯᠭᠠᠰᠤ᠂ ᠭᠠᠴᠠᠭᠠᠨ ᠤ ᠦᠶᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠵᠣᠬᠢᠶᠠᠨ ᠪᠠᠶᠢᠭᠤᠯᠤᠯᠲᠠ ᠥᠬᠡᠶ ᠪᠠᠷ ᠣᠪᠣᠭᠠᠯᠠᠨ ᠰᠢᠶᠳᠪᠦᠷᠢᠯᠡᠵᠦ᠂ ᠬᠡᠰᠡᠭ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠣᠪᠣᠭᠠᠯᠠᠵᠤ᠂ ᠲᠥᠬᠦᠮ ᠢᠶᠠᠷ ᠪᠤᠯᠠᠬᠤ ᠪᠠᠷ ᠭᠤᠤᠯᠯᠠᠵᠤ᠂ ᠶᠠᠮᠠᠷ ᠴᠤ ᠨᠡᠪᠴᠢᠯᠲᠡ ᠶᠢ ᠰᠡᠷᠭᠡᠶᠢᠯᠡᠨ ᠰᠢᠶᠳᠪᠦᠷᠢᠯᠡᠵᠦ ᠪᠠᠶᠢᠬᠤ ᠥᠬᠡᠶ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ  ᠪᠠᠷ ᠭᠤᠤᠯ ᠠᠷᠭ᠎ᠠ ᠬᠡᠯᠪᠡᠷᠢ ᠪᠤᠯᠭᠠᠵᠦ ᠪᠠᠶᠢᠨ᠎ᠠ᠃ ᠡᠭᠦᠨ ᠠᠴᠠ ᠭᠠᠳᠠᠨ᠎ᠠ᠂ ᠬᠠᠷᠢᠶᠠᠲᠤ ᠣᠷᠣᠨ ᠤ ᠮᠠᠯᠴᠢᠳ ᠤᠨ ᠲᠤᠰᠬᠠᠶ ᠬᠤᠷᠰᠢᠶᠠᠵᠢᠯ᠂ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠳᠤ ᠨᠡᠶᠢᠳᠡᠮ ᠳᠡᠭᠡᠨ ᠢᠵᠢ ᠪᠥᠷᠢᠳᠦᠭᠰᠡᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠪᠦᠷᠢᠨ ᠪᠤᠰᠤ ᠪᠠᠶᠢᠵᠤ᠂ ᠢᠯᠭᠠᠳᠠᠰᠤᠨ ᠤ ᠪᠣᠬᠢᠷᠲᠤᠯ ᠢ ᠬᠠᠳᠠᠭᠠᠯᠠᠬᠤ ᠴᠥᠭᠦᠷᠥᠮ᠂ ᠰᠢᠭᠡᠰᠦᠨ ᠰᠢᠩᠭᠡᠨ ᠴᠤᠭᠯᠠᠭᠤᠯᠬᠤ ᠴᠥᠭᠦᠷᠥᠮ ᠪᠠ ᠪᠣᠷᠣᠭᠠᠨ ᠤ ᠪᠣᠬᠢᠷᠲᠤᠯ ᠢ ᠰᠠᠯᠭᠠᠬᠤ ᠰᠢᠰᠲ᠋ᠧᠮ ᠳᠣᠭᠢᠷᠠᠭᠤᠯᠤᠭᠰᠠᠨ ᠥᠬᠡᠶ᠃ᠳᠥᠷᠪᠡ᠂ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠠ ᠰᠠᠨᠠᠭᠤᠯᠭ᠎ᠠ︵ᠨᠢᠭᠡ︶ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠨᠢᠭᠡ ᠳᠤ᠂ ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠦᠷᠭᠦᠯᠵᠢᠯᠡᠨ ᠠᠬᠢᠭᠤᠯᠵᠤ᠂ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠣᠷᠣᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠹᠯᠣᠷᠲᠤ ᠤᠰᠤᠲᠥ᠋ᠷᠥᠭᠴᠢ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠶᠢ ᠡᠵᠡᠮᠳᠡᠬᠦ ᠪᠠᠨ ᠴᠢᠩᠭᠠᠳᠬᠠᠨ᠂ ᠠᠯᠳᠠᠭᠳᠠᠬᠤ ᠶᠢ ᠪᠠᠶᠢᠴᠠᠭᠠᠨ ᠰᠢᠨᠵᠢᠬᠦ ᠪᠠ ᠵᠠᠰᠠᠨ ᠰᠡᠷᠭᠦᠭᠡᠬᠦ ᠣᠨ  ᠤ ᠡᠭᠦᠷᠭᠡ ᠶᠢ ᠪᠡᠶᠡᠯᠡᠭᠦᠯᠦᠨ᠎ᠡ᠃ ᠪᠣᠬᠢᠷᠲᠤᠯ ᠶᠡᠬᠡᠲᠡᠶ ᠴᠠᠭ ᠠᠭᠤᠷ ᠢ ᠪᠦᠲᠦᠮᠵᠢᠲᠡᠶ ᠠᠷᠭᠠᠴᠠᠵᠤ᠂ ᠪᠣᠬᠢᠷᠲᠤᠯ ᠶᠡᠬᠡᠲᠡᠶ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠪᠦᠲᠦᠮᠵᠢ ᠶᠢ ᠳᠡᠰ ᠬᠤᠪᠢᠶᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠦᠷᠢᠶᠡᠴᠢᠯᠡᠭᠰᠡᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠵᠠᠮ ᠪᠠ ᠪᠠᠷᠢᠯᠭ᠎ᠠ ᠶᠢᠨ ᠬᠤᠭ ᠲᠣᠭᠤᠰᠣᠨ ᠤ ᠪᠣᠬᠢᠷᠲᠤᠯ ᠢ ᠵᠠᠰᠠᠬᠤ ᠪᠠᠨ ᠴᠢᠩᠭᠠᠳᠬᠠᠵᠤ᠂ ᠵᠠᠮ ᠤᠨ ᠮᠧᠬᠠᠨᠢᠭᠵᠢᠭᠤᠯᠤᠨ ᠴᠡᠪᠡᠷᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠯᠭ᠎ᠠ ᠶᠢᠨ ᠬᠤᠭ ᠲᠣᠭᠤᠰᠣ ᠶᠢ ᠰᠡᠷᠭᠡᠶᠢᠯᠡᠨ ᠵᠠᠰᠠᠬᠤ ︽ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ 8 ᠭᠤᠤᠯᠳᠠᠯᠭ᠎ᠠ ᠲᠠᠢ ᠣᠭᠲᠣᠯᠤᠭᠠᠰᠤ ᠶᠢᠨ ᠤᠰᠤᠨ ᠤ ᠴᠢᠨᠠᠷ ᠤᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠣᠨ ᠤ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠶᠢᠨ ᠤᠰᠤᠨ ᠤ ᠴᠢᠨᠠᠷ ᠢ ᠰᠢᠯᠭᠠᠨ ᠬᠢᠨᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ ᠪᠠ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠤᠤᠭᠤᠬᠤ ᠤᠰᠤᠨ ᠤ ᠰᠤᠷᠪᠤᠯᠵᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠪᠣᠬᠢᠷ ᠤᠰᠤ ᠶᠢ ᠰᠢᠶᠳᠪᠦᠷᠢᠯᠡᠬᠦ 2 ᠦᠶᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠵᠢᠴᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠪᠡᠯᠡᠳᠬᠡᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠵᠤ᠂ ᠪᠣᠬᠢᠷᠲᠤᠯ ᠪᠣᠳᠠᠰ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠤᠨ᠎ᠠ᠃ ᠭᠤᠣᠯ ︵ᠨᠠᠭᠤᠷ︶ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠵᠢᠷ ᠤᠨ ᠭᠤᠣᠯ ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠶ ᠶᠢᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠵᠢᠴᠢ ᠶᠢᠨ ᠮᠠᠨ ᠠᠭᠤᠷᠬᠠᠶ ᠶᠢᠨ ᠦᠢᠯᠡᠰ ᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ 2 ᠠᠮᠠᠰᠠᠷ  ᠢ ᠬᠢᠨᠠᠨ ᠬᠠᠮᠢᠶᠠᠷᠬᠤ ᠪᠠ ᠴᠡᠭᠴᠡᠯᠡᠨ ᠵᠠᠰᠠᠬᠤ ᠠᠵᠢᠯ ᠤᠨ ᠡᠷᠴᠢᠮ ᠢ ᠨᠡᠮᠡᠭᠳᠡᠭᠦᠯᠦᠨ᠎ᠡ᠃ ᠭᠤᠷᠪᠠ ᠳᠤ᠂ ᠬᠥᠷᠥᠰᠥ ᠰᠢᠷᠣᠢ  ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠬᠥᠷᠥᠰᠥ ᠰᠢᠷᠣᠶ ᠶᠢᠨ ᠠᠮᠢ ᠠᠬᠤᠶ  ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠺᠠᠳᠮᠢ ᠵᠡᠷᠭᠡ ᠳᠤ ᠬᠤᠯᠪᠣᠭᠳᠠᠭᠰᠠᠨ ᠬᠦᠨᠳᠦ ᠲᠡᠮᠦᠷᠯᠢᠭ ᠤᠨ ᠠᠵᠢᠯ ᠲᠥᠷᠥᠯ ᠤᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠤᠤᠯᠳᠠᠯᠭ᠎ᠠ ᠲᠠᠢ ᠥᠷᠨᠢᠭᠦᠯᠦᠨ᠎ᠡ᠃ ᠠᠵᠤ ᠦᠶᠯᠡᠳᠪᠦᠷᠢ ᠶᠢᠨ ᠬᠠᠲᠠᠭᠤ ᠪᠡᠶᠡᠲᠦ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠶᠳᠪᠦᠷᠢᠯᠡᠬᠦ ᠶᠢ ᠠᠬᠢᠭᠤᠯᠤᠨ᠎ᠠ᠃ ᠡᠮᠴᠢᠯᠡᠭᠡᠨ ᠤ ᠬᠠᠶᠠᠭᠳᠠᠮᠠᠯ ᠡᠳ᠋ ᠢ ᠴᠤᠭᠯᠠᠭᠤᠯᠬᠤ᠂ ᠬᠠᠳᠠᠭᠠᠯᠠᠬᠤ᠂ ᠰᠢᠯᠵᠢᠭᠦᠯᠦᠨ ᠲᠡᠭᠡᠭᠡᠪᠦᠷᠢᠯᠡᠬᠦ ᠪᠠ ᠰᠢᠶᠳᠪᠦᠷᠢᠯᠡᠬᠦ ᠵᠡᠷᠭᠡ ᠲᠠᠯ᠎ᠠ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠮᠴᠢᠯᠡᠭᠡᠨ ᠤ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃︵ᠬᠤᠶᠠᠷ︶ ᠮᠠᠯᠵᠢᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠬᠢᠭᠡᠳ ᠬᠢᠷᠢ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ ᠳᠡᠭᠡᠭᠰᠢᠯᠡᠭᠦᠯᠦᠨ᠎ᠡ᠃ ᠰᠢᠨ᠎ᠡ ᠠᠷᠭ᠎ᠠ᠂ ᠰᠢᠨ᠎ᠡ ᠮᠡᠷᠭᠡᠵᠢᠯ ᠢ ᠢᠳᠡᠪᠬᠢᠲᠡᠢ ᠰᠦᠪᠡᠭᠴᠢᠯᠡᠵᠦ᠂ ᠬᠤᠲᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠨᠢᠭᠡ ᠳᠤ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ᠎ᠠ᠃ ᠮᠠᠨ ᠤ ᠬᠤᠰᠢᠭᠤᠨ ᠤ ᠰᠤᠮᠤ᠂ ᠪᠠᠯᠭᠠᠰᠤᠨ  ᠤ ᠬᠠᠷᠢᠴᠠᠩᠭᠤᠢ ᠲᠠᠷᠠᠬᠠᠢ ᠪᠤᠲᠠᠷᠬᠠᠢ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠰᠤᠮᠤ᠂ ᠪᠠᠯᠭᠠᠰᠤᠨ ᠤ ᠰᠠᠭᠤᠭ᠎ᠠ ᠭᠠᠵᠠᠷ ᠲᠤ ᠬᠤᠭ ᠨᠣᠪᠰᠢ ᠵᠥᠭᠡᠭᠡᠪᠦᠷᠢᠯᠡᠬᠦ ᠥᠷᠲᠡᠭᠡ ᠶᠢ ᠲᠥᠯᠥᠪᠵᠢᠭᠦᠯᠦᠨ ᠪᠠᠶᠢᠭᠤᠯᠤᠨ᠎ᠠ᠃ ᠬᠤᠶᠠᠷ ᠲᠤ᠂ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠱᠠᠲᠤᠯᠢᠭ ᠢᠶᠠᠷ ᠠᠬᠢᠭᠤᠯᠤᠨ᠎ᠠ᠃ ᠭᠠᠴᠠᠭᠠᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠥᠪᠯᠡᠷᠡᠭᠦᠯᠦᠨ ᠰᠢᠶᠳᠪᠦᠷᠢᠯᠡᠬᠦ ᠪᠤᠶᠤ ᠲᠥᠪᠯᠡᠷᠡᠭᠦᠯᠬᠦ ᠪᠠ ᠲᠠᠷᠠᠬᠠᠶ ᠪᠤᠲᠠᠷᠬᠠᠶ ᠪᠠᠶᠢᠯᠭᠠᠬᠤ ᠶᠢ ᠤᠶᠠᠯᠳᠤᠭᠤᠯᠤᠭᠰᠠᠨ ᠰᠢᠶᠳᠪᠦᠷᠢᠯᠡᠬᠦ ᠵᠠᠭᠪᠤᠷ ᠢ ᠬᠡᠷᠡᠭᠯᠡᠨ ᠵᠠᠰᠠᠨ ᠴᠡᠭᠴᠡᠯᠡᠨ᠎ᠡ᠃ ᠮᠠᠯᠵᠢᠬᠤ ᠣᠷᠣᠨ ᠤ ︽ᠵᠣᠷᠯᠣᠩ ᠤᠨ ᠬᠤᠪᠢᠰᠬᠠᠯ︾ ᠲᠠᠢ ᠤᠶᠠᠯᠳᠤᠭᠤᠯᠤᠨ᠂ ᠡᠷᠦᠬᠡ ᠬᠤᠪᠢᠶᠠᠭᠰᠠᠨ ᠮᠠᠶ᠋ᠢᠭ ᠤᠨ᠂ ᠡᠷᠦᠬᠡ ᠬᠤᠯᠪᠣᠭᠠᠯᠠᠭᠰᠠᠨ ᠮᠠᠶ᠋ᠢᠭ ᠤᠨ ᠠᠷᠭ᠎ᠠ ᠪᠠᠷ ᠳᠠᠮᠵᠢᠭᠤᠯᠤᠨ᠂ ᠤᠭᠰᠠᠷᠠᠮᠠᠯ ᠮᠠᠶ᠋ᠢᠭ ᠤᠨ ᠲᠥᠬᠦᠮ ᠰᠢᠶᠳᠪᠦᠷᠢᠯᠡᠬᠦ ᠮᠡᠷᠭᠡᠵᠢᠯ ᠢ ᠬᠡᠷᠡᠭᠯᠡᠨ ᠲᠤᠬᠠᠶ ᠶᠢᠨ ᠭᠠᠵᠠᠷ ᠲᠤᠨᠢ ᠰᠢᠶᠳᠪᠦᠷᠢᠯᠡᠨ᠎ᠡ᠃ ᠭᠤᠷᠪᠠ ᠳᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠵᠥᠪᠰᠢᠶᠡᠷᠡᠨ ᠣᠷᠣᠭᠤᠯᠬᠤ ᠳᠦᠷᠢᠮ ᠢ ᠴᠢᠩᠭᠠᠯᠠᠵᠦ᠂ ᠴᠡᠪᠡᠷ ᠲᠡᠵᠢᠭᠡᠨ ᠦᠷᠡᠵᠢᠭᠦᠯᠬᠦ ᠠᠷᠭ᠎ᠠ ᠪᠠᠷᠢᠯ ᠢ ᠶᠡᠬᠡᠪᠡᠷ ᠳᠡᠯᠭᠡᠷᠡᠭᠦᠯᠦᠨ᠂ ᠴᠢᠬᠤᠯᠠ ᠪᠦᠬᠦᠢ ᠢᠯᠭᠠᠳᠠᠰᠤ ᠶᠢ ᠰᠢᠶᠳᠪᠦᠷᠢᠯᠡᠨ ᠠᠰᠢᠭᠯᠠᠬᠤ ᠢᠵᠢ ᠪᠡᠯᠡᠳᠬᠡᠮᠵᠢ ᠪᠠᠶᠢᠭᠤᠯᠵᠤ᠂ ᠣᠳᠣ ᠪᠠᠶᠢᠭ᠎ᠠ ᠪᠡᠯᠡᠳᠬᠡᠮᠵᠢ ᠪᠣᠯᠤᠨ ᠲᠣᠨᠤᠭ ᠲᠥᠬᠦᠭᠡᠷᠦᠮᠵᠢ ᠶᠢ ᠨᠢ ᠥᠭᠡᠷᠡᠴᠢᠯᠡᠨ ᠳᠡᠰ ᠳᠡᠪᠰᠢᠭᠦᠯᠤᠨ᠎ᠡ᠃ ᠮᠠᠨ ᠤ ᠬᠤᠰᠢᠭᠤᠨ ᠤ ᠥᠪᠡᠷ ᠤᠨ ᠣᠨᠴᠠᠯᠢᠭ ᠲᠠᠭᠠᠨ ᠵᠣᠬᠢᠴᠠᠭᠰᠠᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠡᠪ ᠵᠠᠭᠪᠤᠷ ᠢ ᠳᠡᠯᠭᠡᠷᠡᠭᠦᠯᠵᠦ᠂ ᠵᠠᠬ᠎ᠠ ᠳᠡᠯᠭᠡᠭᠦᠷᠴᠢᠯᠡᠨ ᠡᠵᠡᠩᠨᠡᠬᠦ ᠬᠡᠪ ᠵᠠᠭᠪᠤᠷ ᠢ ᠢᠳᠡᠪᠬᠢᠲᠡᠶ ᠰᠦᠪᠡᠭᠴᠢᠯᠡᠨ᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠲᠦᠭᠦᠬᠡᠶ ᠮᠠᠲ᠋ᠧᠷᠢᠶᠠᠯ ︵ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ︶ ᠢ ᠬᠤᠷᠢᠶᠠᠨ ᠴᠤᠭᠯᠠᠭᠤᠯᠵᠤ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠲᠤᠬᠠᠶ ᠶᠢᠨ ᠭᠠᠵᠠᠷ ᠤᠨ ᠮᠠᠯ ᠵᠢᠭᠦᠷᠲᠡᠨ ᠤ ᠢᠯᠠᠭᠠᠳᠠᠰᠤᠨ ᠤ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠮᠠᠨ ᠤ ᠬᠤᠰᠢᠭᠤᠨ ᠤ  ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃︵ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ  ᠳᠤ ᠰᠢᠨ᠎ᠡ ᠶᠢ ᠡᠭᠦᠳᠦᠨ᠎ᠡ᠃ ᠨᠢᠭᠡ ᠳᠤ᠂ ᠣᠳᠣᠬᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠬᠢᠨᠠᠬᠤ ᠬᠠᠷᠠᠯᠲᠠᠲᠤ ᠬᠠᠷᠢᠭᠤᠴᠠᠯᠭ᠎ᠠ᠂ ᠣᠷᠴᠢᠨ ᠲᠣᠭᠤᠷᠢᠨ ᠤ ᠪᠠᠷᠢᠮᠵᠢᠶ᠎ᠠ ᠵᠡᠷᠭᠡ ᠬᠠᠲᠠᠭᠤ ᠲᠦᠷᠢᠮ ᠤᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯᠴᠡᠭᠡᠷ ᠲᠣᠭᠲᠠᠬᠤ ᠲᠦᠷᠢᠮ ᠢ ᠰᠦᠪᠡᠭᠴᠢᠯᠡᠨ ᠬᠡᠷᠡᠭᠵᠢᠭᠦᠯᠦᠨ᠎ᠡ᠃ ᠬᠤᠶᠠᠷ ᠲᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠴᠢᠩᠭᠠᠳᠬᠠᠵᠤ᠂ ᠣᠷᠴᠢᠨ ᠲᠣᠭᠤᠷᠢᠨ ᠤ ᠲᠣᠮᠣ ᠳ᠋ᠠᠶᠢᠲ᠋ᠠ  ᠶᠢ ᠰᠠᠶᠢᠲᠤᠷ ᠬᠡᠷᠡᠭᠯᠡᠵᠦ᠂ ᠣᠯᠠᠨ ᠨᠡᠶᠢᠲᠡ ᠶᠢᠨ ᠣᠷᠣᠯᠴᠠᠯᠭ᠎ᠠ ᠶᠢᠨ ᠴᠢᠭᠯᠡᠭᠦᠯᠦᠯᠲᠦ ᠴᠢᠨᠠᠷ ᠢ ᠴᠢᠩᠭᠠᠳᠬᠠᠨ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠨᠠᠩ ᠥᠨᠳᠥᠷ ᠦᠷ᠎ᠡ ᠪᠦᠲᠦᠮᠵᠢᠲᠡᠶ ᠂ ᠲᠤᠶᠢᠯ ᠤᠨ ᠣᠨᠣᠪᠴᠢᠲᠠᠶ ᠪᠠ ᠬᠠᠷᠢᠮᠠᠬᠠᠶ ᠴᠢᠨᠠᠷᠲᠠᠶ ᠣᠷᠴᠢᠨ ᠲᠣᠭᠤᠷᠢᠨ ᠤ ᠬᠠᠮᠢᠶᠠᠷᠤᠯᠲᠠ ᠶᠢ ᠪᠡᠶᠡᠯᠡᠭᠦᠯᠦᠨ᠎ᠡ᠃ ᠢᠲᠡᠭᠡᠮᠵᠢ ᠶᠢᠨ ᠬᠠᠮᠢᠶᠠᠷᠤᠯᠲᠠ᠂ ᠵᠦᠶ ᠶᠣᠰᠣᠨ ᠤ ᠮᠥᠩᠭᠦᠨ ᠭᠦᠶᠯᠭᠡᠭᠡᠨ ᠪᠠ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠥᠬᠡᠶ ᠵᠠᠬ᠎ᠠ ᠳᠡᠯᠭᠡᠭᠦᠷ ᠤᠨ ᠲᠣᠭᠲᠠᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠵᠠᠰᠠᠭ  ᠤᠨ ᠣᠷᠳᠣᠨ ᠠᠴᠠ ᠬᠢᠨᠠᠨ ᠬᠠᠮᠢᠶᠠᠷᠬᠤ᠂ ᠵᠠᠬ᠎ᠠ ᠳᠡᠯᠭᠡᠭᠦᠷ ᠢᠶᠠᠷ ᠳᠣᠭᠢᠷᠠᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ ᠪᠠ ᠣᠯᠠᠨ ᠨᠡᠶᠢᠲᠡ ᠪᠠᠷ ᠢᠶᠠᠨ ᠣᠷᠣᠯᠴᠠᠬᠤ ᠶᠢᠨ ᠣᠷᠭᠠᠨᠢᠭ ᠨᠢᠭᠡᠳᠦᠯ ᠢ ᠪᠦᠷᠢᠯᠳᠦᠭᠦᠯᠦᠨ᠎ᠡ᠃︵ᠳᠦᠷᠪᠡ︶ ︽ᠬᠠᠶᠠᠭᠳᠠᠮᠠᠯ ᠪᠤᠳᠠᠰ ᠢ ᠠᠷᠢᠯᠭᠠᠬᠤ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠶᠤᠯᠲᠠᠶ ᠬᠠᠶᠠᠭᠳᠠᠮᠠᠯ ᠪᠤᠳᠠᠰ ᠤᠨ ᠣᠷᠴᠢᠨ ᠲᠣᠭᠤᠷᠢᠨ ᠢ ᠬᠢᠨᠠᠨ ᠬᠠᠮᠢᠶᠠᠷᠬᠤ ᠴᠢᠳᠠᠪᠤᠷᠢ᠂ ᠠᠰᠢᠭᠯᠠᠨ ᠰᠢᠶᠳᠪᠦᠷᠢᠯᠡᠬᠦ ᠴᠢᠳᠠᠪᠤᠷᠢ ᠪᠣᠯᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠡᠮᠵᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠶᠤᠯᠲᠠᠶ ᠬᠠᠶᠠᠭᠳᠠᠮᠠᠯ ᠪᠤᠳᠠᠰ ᠢ ᠠᠶᠤᠯ ᠦᠭᠡᠶ ᠰᠢᠢᠳᠪᠦᠷᠢᠯᠡᠬᠦ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯᠲᠠᠶ ᠬᠠᠶᠠᠭᠳᠠᠮᠠᠯ ᠪᠤᠳᠠᠰ ᠭᠠᠷᠭᠠᠬᠤ ᠪᠠ ᠡᠵᠡᠩᠨᠡᠬᠦ ᠨᠢᠭᠡᠴᠡ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠲᠠᠶ ᠬᠠᠶᠠᠭᠳᠠᠮᠠᠯ ᠪᠤᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠮᠢ  ᠶᠢᠨ ᠪᠣᠳᠠᠰ ᠪᠠ ᠲᠦᠭᠰᠢᠭᠦᠷᠢ ᠶᠡᠬᠡᠲᠡᠶ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠶ ᠵᠦᠢᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠰᠠᠴᠤᠷᠠᠭ ᠤᠨ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠨ᠎ᠡ᠃ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠴᠢᠩᠭᠠᠳᠬᠠᠨ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠪᠦᠲᠦᠮᠵᠢᠲᠡᠶ ᠰᠡᠷᠭᠡᠶᠢᠯᠡᠬᠦ ᠪᠠ ᠴᠠᠭ ᠲᠤᠬᠠᠶ ᠳᠤᠨᠢ ᠰᠢᠶᠳᠪᠦᠷᠢᠯᠡᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠭᠦᠨᠵᠡᠭᠡᠶᠢᠷᠡᠬᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ᠂ ᠬᠠᠤᠯᠢ ᠠᠴᠠ ᠵᠥᠷᠢᠴᠡᠭᠰᠡᠨ ᠠᠰᠠᠭᠤᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠠᠷᠠᠭᠠᠴᠢ ᠶᠢᠨ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠮᠡᠳᠡᠭᠡ ᠵᠠᠩᠭᠢ ᠶᠢ ᠢᠯᠡ ᠪᠣᠯᠭᠠᠬᠤ ᠪᠠ ᠣᠯᠠᠨ ᠨᠡᠶᠢᠲᠡ ᠶᠢᠨ ᠣᠷᠣᠯᠴᠠᠬᠤ ᠵᠠᠮ ᠮᠥᠷ ᠢ ᠥᠷᠭᠡᠳᠬᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠭᠰᠠᠨ ᠲᠥᠷᠥᠯ ᠵᠦᠶᠯ  ᠤᠨ ︽ᠬᠥᠷᠰᠢᠯᠡᠵᠦ ᠵᠠᠶᠢᠯᠠᠬᠤ︾ ᠠᠰᠠᠭᠤᠳᠠᠯ ᠢ ᠢᠳᠡᠪᠬᠢᠲᠡᠶ ᠪᠠᠷ ᠰᠡᠷᠭᠡᠶᠢᠯᠡᠨ ᠰᠢᠶᠳᠪᠦᠷᠢᠯᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠰᠤᠳᠤᠯᠤᠨ ᠮᠠᠭᠠᠳᠯᠠᠬᠤ ᠪᠠ ᠰᠢᠶᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠵᠦᠶᠯᠡᠰ ᠢ ᠰᠢᠯᠵᠢᠭᠦᠯᠦᠨ ᠲᠤᠰᠢᠶᠠᠬᠤ ᠵᠢᠴᠢ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠠᠵᠢᠯ ᠢ ᠭᠦᠨᠵᠡᠭᠡᠶ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠶᠳᠪᠦᠷᠢᠯᠡᠨ᠎ᠡ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号