ᠬᠠᠷᠢᠭᠤ ᠮᠡᠳᠡᠭᠦᠯᠦᠯᠲᠡ ᠶᠢᠨ ᠲᠣᠪᠴᠢ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | ︵2021 ᠣᠨ ᠤ 7 ᠰᠠᠷ᠎ᠠ ᠶᠢᠨ 19 ᠤ ᠡᠳᠦᠷ︶ | ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠳᠣᠣᠷ᠎ᠠ ᠪᠢ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠦᠶ᠎ᠡ᠃ | ᠵᠢᠯ ᠤᠨ ᠡᠬᠢᠨ ᠠᠴᠠ ᠨᠠᠰᠢ᠂ ᠬᠤᠰᠢᠭᠤ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠲᠣᠣᠱᠯᠠᠭᠤᠯᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠦᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠠᠷ ᠦᠨᠳᠦᠰᠦᠨ ᠠᠷᠭ᠎ᠠ ᠵᠠᠮ ᠪᠣᠯᠭᠠᠵᠤ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠴᠦ ᠳᠤᠮᠳᠠᠳᠤ ᠶᠢᠨ ᠬᠦᠰᠡᠯᠡᠩ ᠢ ᠬᠠᠮᠲᠤ ᠪᠠᠷ | ᠴᠣᠭᠴᠠᠯᠠᠬᠤ︾ ᠪᠠᠷ ᠶᠡᠷᠦᠩᠬᠡᠢ ᠬᠠᠷᠠᠯᠲᠠ ᠪᠤᠯᠭᠠᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠪᠦᠬᠦ ᠲᠠᠯ᠎ᠠ ᠪᠠᠷ᠂ ᠣᠨᠣᠪᠴᠢᠲᠠᠶ ᠪᠠᠷ᠂ ᠨᠠᠮ ᠤᠨ | ᠦᠨᠳᠦᠰᠦᠲᠡᠨ ᠤ ᠣᠨᠣᠯ ᠪᠣᠯᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ | ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠪᠠ᠃ | ᠨᠢᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ | ᠬᠤᠰᠢᠭᠤ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ | ᠢ ᠬᠤᠰᠢᠭᠤ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠭᠠᠵᠠᠷ | ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠤᠷᠤᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ | ᠶᠢᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠤᠨ᠂ ᠬᠠᠮᠲᠤ ᠳᠤᠨᠢ ᠱᠠᠭᠠᠷᠳᠠᠵᠤ᠂ ᠬᠠᠮᠲᠤ | ᠳᠤᠨᠢ ᠬᠢᠨᠠᠨ ᠰᠢᠯᠭᠠᠪᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ | ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠵᠡᠷᠭᠡ | ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠦᠨᠳᠦᠰᠦᠲᠡᠨ ᠤ ᠠᠵᠢᠯ ᠳᠠᠬᠢ ᠡᠯ᠎ᠡ | ᠲᠥᠷᠥᠯ ᠤᠨ ᠴᠢᠬᠤᠯᠠ ᠶᠡᠭᠡ ᠵᠦᠶᠯᠡᠰ ᠢ ᠴᠠᠭ ᠲᠤᠬᠠᠶ ᠳᠤᠨᠢ ᠰᠤᠳᠤᠯᠤᠨ ᠪᠠᠶᠢᠷᠢᠯᠠᠭᠤᠯᠵᠤ᠂ ᠭᠤᠤᠯᠳᠠᠯᠭ᠎ᠠ ᠲᠠᠢ | ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠶᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠶᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠪᠠ᠃ | ᠬᠤᠶᠠᠷ ᠲᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠪᠡ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠭᠡᠰᠢᠭᠦᠨ ᠤ ᠳᠦᠷᠢᠮ ᠢ ᠬᠡᠷᠡᠭᠵᠢᠭᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠭᠡᠰᠢᠭᠦᠨ ᠨᠢᠭᠡᠴᠡ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ︾ ᠶᠢ ᠲᠤᠬᠢᠷᠠᠭᠤᠯᠤᠨ ᠲᠡᠭᠦᠯᠳᠡᠷᠵᠢᠭᠦᠯᠵᠦ᠂ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠡᠯ᠎ᠡ ᠪᠦᠷᠢᠯᠳᠦᠬᠦᠨ ᠨᠢᠭᠡᠴᠡ ᠶᠢ ᠱᠠᠭᠠᠷᠳᠠᠵᠤ ᠪᠠᠶᠢᠭᠠᠳ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ᠂ ᠬᠤᠪᠢᠳᠠᠨ ᠬᠠᠮᠢᠶᠠᠷᠬᠤ ᠬᠦᠷᠢᠶ᠎ᠡ ᠴᠠᠷᠠᠭᠠᠨ ᠤ ᠠᠵᠢᠯ ᠢᠶᠠᠨ ᠰᠠᠶᠢᠲᠤᠷ ᠠᠳᠬᠤᠬᠤ ᠶᠢ | ᠱᠠᠭᠠᠷᠳᠠᠬᠤ ᠶᠢᠨ ᠬᠠᠮᠲᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠂ ᠴᠥᠭᠡᠨ ᠲᠣᠭᠠᠲᠤ ᠦᠨᠳᠦᠰᠦᠲᠡᠨ | ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠵᠡᠷᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠪᠠ᠃ ᠠᠵᠢᠯ ᠦᠢᠯᠡᠰ ᠤᠨ ᠨᠢᠭᠡᠴᠡ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠢ ᠪᠠᠶᠢᠭᠤᠯᠵᠤ᠂ 4 ᠠᠵᠢᠯ ᠦᠢᠯᠡᠰ ᠤᠨ ᠣᠷᠣᠨ ᠲᠤᠭ᠎ᠠ ᠶᠢ | ᠬᠢᠨᠠᠨ ᠲᠣᠭᠲᠠᠭᠠᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠲᠦᠷᠦᠭᠦᠯᠡᠨ ᠠᠳᠬᠤᠬᠤ ᠶᠡᠷᠦᠩᠬᠡᠢ | ᠦᠢᠯᠡᠳᠦᠯ ᠢ ᠭᠦᠢᠴᠡᠳ ᠪᠠᠳᠠᠷᠠᠭᠤᠯᠪᠠ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ | ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠪᠠ᠃ 1 ᠰᠠᠷ᠎ᠠ ᠶᠢᠨ 13 ᠤ ᠡᠳᠦᠷ᠂ 22 ᠤᠨ ᠡᠳᠦᠷ᠂ ᠬᠤᠰᠢᠭᠤ | ᠰᠢᠭᠤᠳ ᠬᠠᠷᠢᠶ᠎ᠠ ᠡᠯ᠎ᠡ ᠨᠢᠭᠡᠴᠡ ᠶᠢᠨ ᠠᠵᠢᠯᠲᠠᠨ᠂ ᠮᠥᠩᠭᠦᠨ ᠭᠦᠶᠯᠭᠡᠭᠡᠨ ᠤ ᠰᠢᠰᠲ᠋ᠧᠮ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠪᠣᠯᠪᠠᠰᠤᠷᠠᠯ ᠥᠷᠨᠢᠭᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ〈 | ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ 〉 ᠶᠢ ᠡᠭᠦᠳᠦᠨ | ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠤᠯᠠᠮᠵᠢᠯᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠲᠠᠶᠢᠯᠪᠤᠷᠢᠯᠠᠪᠠ᠃ | 5 ᠰᠠᠷ᠎ᠠ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠲᠠᠢ ᠤᠶᠠᠯᠳᠤᠭᠤᠯᠤᠨ᠂ ︽2021 | ᠣᠨ ᠤ ᠪᠥᠬᠦ ᠬᠤᠰᠢᠭᠤᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ | ᠥᠷᠨᠢᠭᠦᠯᠬᠦ ᠲᠤᠬᠠᠶ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠮᠡᠳᠡᠯᠭᠡ ᠶᠢᠨ ᠤᠷᠤᠯᠳᠤᠭᠠᠨ᠂ ᠶᠠᠷᠢᠶ᠎ᠠ ᠢᠯᠡᠳᠬᠡᠯ ᠤᠨ | ᠤᠷᠤᠯᠳᠤᠭᠠᠨ᠂ ᠲᠤᠰᠬᠠᠶ ᠰᠡᠳᠦᠪᠲᠦ ᠰᠤᠷᠪᠤᠯᠵᠢᠯᠠᠭ᠎ᠠ ᠶᠠᠷᠢᠯᠴᠠᠭ᠎ᠠ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠵᠡᠷᠭᠡ | ᠡᠯ᠎ᠡ ᠵᠦᠶᠯ ᠤᠨ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠪᠡ᠃ 4 ᠰᠠᠷ᠎ᠠ ᠳᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠬᠤᠷᠠᠯ ᠢ ᠬᠤᠷᠠᠯᠳᠤᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ | ᠤᠯᠠᠮᠵᠢᠯᠠᠨ ᠰᠤᠷᠤᠯᠴᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | 2021 ᠣᠨ ᠤ ᠠᠵᠢᠯ ᠤᠨ ᠭᠤᠤᠯᠳᠠᠯᠭ᠎ᠠ︾ ᠶᠢ ᠬᠤᠷᠠᠯ ᠳᠤ ᠳᠡᠪᠰᠢᠭᠦᠯᠪᠡ᠃ 5 ᠰᠠᠷ᠎ᠠ ᠶᠢᠨ 27 ᠤ ᠡᠳᠦᠷ᠂ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠲᠠᠢ ᠤᠶᠠᠯᠳᠤᠭᠤᠯᠤᠨ᠂ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠤᠨ᠂ ᠰᠢᠨ᠎ᠡ ᠪᠠᠶᠢᠳᠠᠯ | ᠳᠣᠤᠷᠠᠬᠢ ᠦᠨᠳᠦᠰᠦᠲᠡᠨ ᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠠᠬᠢᠨ ᠪᠡᠷᠡᠯᠡᠵᠦ | ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠪᠡ᠃ ᠲᠦᠷᠪᠡ ᠳᠤ᠂ ᠦᠵᠡᠯ ᠤᠬᠠᠮᠰᠠᠷ | ᠤᠨ ᠬᠡᠯᠪᠡᠷᠢ ᠶᠢᠨ ᠭᠤᠣᠯ ᠰᠠᠭᠤᠷᠢᠨ ᠭᠠᠵᠠᠷ ᠢ ᠪᠠᠲᠤ ᠡᠵᠡᠯᠡᠪᠡ᠃ ᠲᠧᠯᠸᠢᠰ᠂ ᠷᠠᠳᠢᠣ᠋ ᠨᠡᠪᠲᠡᠷᠡᠭᠦᠯᠭᠡ ᠪᠣᠯᠤᠨ ᠰᠢᠨ᠎ᠡ | ᠵᠠᠭᠤᠴᠢᠯᠠᠭᠤᠷ ᠢ ᠭᠦᠶᠴᠡᠳ ᠬᠡᠷᠡᠭᠯᠡᠨ᠂ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ | ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠦᠨᠳᠦᠰᠦᠨ ᠮᠡᠳᠡᠯᠭᠡ ᠶᠢ ᠤᠬᠠᠭᠤᠯᠤᠨ | ᠲᠦᠭᠡᠮᠡᠯᠵᠢᠭᠦᠯᠵᠦ᠂ ︽ᠬᠠᠤᠯᠢ ᠶᠢ ᠲᠥᠭᠡᠮᠡᠯᠵᠢᠭᠦᠯᠦᠶᠡ︾ ᠪᠤᠯᠤᠩ ᠢ ᠨᠡᠭᠡᠭᠡᠵᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠲᠠᠶᠢᠯᠪᠤᠷᠢᠯᠠᠪᠠ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ | ᠶᠢ ᠰᠠᠶᠢᠲᠤᠷ ᠡᠵᠡᠮᠳᠡᠵᠦ᠂ ᠬᠤᠯᠪᠣᠭᠳᠠᠯ ᠪᠦᠬᠦᠢ ᠦᠨᠳᠦᠰᠦᠲᠡᠨ ᠤ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ | ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠴᠤᠬᠤᠶᠢᠯᠲᠠ ᠶᠢᠨ ᠴᠢᠨᠠᠷᠲᠠᠢ᠂ ᠬᠤᠣᠷ ᠬᠦᠨᠦᠭᠡᠯᠳᠤ | ᠴᠢᠨᠠᠷᠲᠠᠢ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠶᠠᠷᠢᠶ᠎ᠠ ᠬᠡᠯᠡᠯᠴᠡᠭᠡ ᠶᠢ ᠴᠠᠭ ᠲᠤᠬᠠᠢ ᠳᠤᠨᠢ ᠢᠯᠡᠷᠡᠭᠦᠯᠵᠦ᠂ | ᠴᠠᠭ ᠲᠤᠬᠠᠢ ᠳᠤᠨᠢ ᠰᠢᠢᠳᠪᠦᠷᠢᠯᠡᠪᠡ᠃ 2021 ᠣᠨ ᠳᠤ᠂ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠥᠪᠳᠡᠯᠴᠡᠭᠡᠨ ᠤ ᠬᠤᠷᠠᠯ ᠢ 12 ᠤᠳᠠᠭ᠎ᠠ ᠬᠤᠷᠠᠯᠳᠤᠭᠤᠯᠵᠤ᠂ | ᠰᠦᠯᠵᠢᠶᠡᠨ ᠤ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ 8 ᠵᠤᠷᠪᠤᠰ ᠢᠯᠡᠷᠡᠭᠦᠯᠪᠡ᠃ ᠲᠠᠪᠤ ᠳᠤ᠂ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠪᠠ᠃ ᠡᠯ᠎ᠡ ᠦᠨᠳᠦᠰᠦᠲᠡᠨ ᠤ ᠤᠯᠠᠨ ᠲᠦᠮᠡᠨ ᠤ | ᠦᠨᠳᠦᠰᠦᠲᠡᠨ ᠤ ᠠᠰᠠᠭᠤᠳᠠᠯ ᠪᠠ ᠵᠢᠭᠤᠷᠠᠯᠳᠤᠭᠠᠨ ᠢ ᠰᠢᠢᠳᠪᠦᠷᠢᠯᠡᠬᠦ ᠳᠤ ᠬᠠᠤᠯᠢ ᠪᠠᠷ ᠦᠨᠳᠦᠰᠦᠲᠡᠨ ᠤ ᠪᠦᠯᠬᠦᠮᠳᠡᠯ ᠢ | ᠪᠠᠲᠤᠯᠠᠬᠤ ᠶᠢ ᠠᠬᠢᠭᠤᠯᠪᠠ᠃ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠪᠥᠬᠦ ᠬᠤᠰᠢᠭᠤᠨ ᠤ | ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠤᠨ ᠭᠤᠤᠯᠳᠠᠯᠭ᠎ᠠ ᠳᠤ ᠣᠷᠣᠭᠤᠯᠵᠤ᠂ ᠨᠡᠶᠢᠭᠡᠮ ᠤᠨ ᠪᠦᠬᠦᠯᠢ | ᠴᠣᠭᠴᠠ ᠶᠢᠨ ᠤᠬᠠᠭᠤᠯᠭ᠎ᠠ ᠬᠥᠮᠦᠵᠢᠯ ᠤᠨ ᠠᠵᠢᠯ ᠳᠤ ᠠᠭᠤᠰᠬᠠᠨ ᠣᠷᠣᠭᠤᠯᠪᠠ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ | ᠶᠢ ᠪᠥᠬᠦ ᠬᠤᠰᠢᠭᠤᠨ ᠤ ︽ᠨᠠᠶᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ | ᠤᠬᠠᠭᠤᠯᠭ᠎ᠠ ᠶᠢᠨ ᠭᠤᠤᠯᠳᠠᠯᠭ᠎ᠠ ᠳᠤ ᠣᠷᠣᠭᠤᠯᠵᠤ᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ | ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ | ᠬᠤᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠭᠰᠠᠨ ᠠᠵᠢᠯ ᠤᠨ | ᠪᠠᠶᠢᠳᠠᠯ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠤᠳᠠᠭᠠᠨ | ᠳᠠᠭᠠᠭᠠᠮᠠᠭᠠᠶ ᠥᠷᠨᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ | ᠪᠣᠯᠭᠠᠬᠤ ᠲᠤᠬᠠᠶ ᠰᠠᠨᠠᠯ︾ ᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠤᠳᠠᠭᠠᠨ | ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠤᠬᠠᠶ ᠬᠡᠷᠡᠭᠵᠢᠭᠦᠯᠬᠦ ᠲᠥᠰᠦᠯ ︾ ᠢ ᠲᠤᠭᠲᠠᠭᠠᠪᠠ᠃ ᠨᠢᠭᠡ ᠳᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠪᠡ᠃ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭᠠᠨ ᠤ | ᠵᠣᠬᠢᠴᠠᠮᠵᠢ ᠶᠢ ᠲᠡᠭᠦᠯᠳᠡᠷᠵᠢᠭᠦᠯᠵᠦ᠂ ︽ᠠᠮᠤᠷ ᠠᠮᠤᠭᠤᠯᠠᠩ ᠤᠨ ᠪᠠᠶᠢᠭᠤᠯᠤᠯᠲᠠ ᠪᠣᠯ ᠳᠠᠷᠤᠢ ᠦᠨᠳᠦᠰᠦᠲᠡᠨ ᠤ | ᠪᠦᠯᠬᠦᠮᠳᠡᠯ ᠳᠠᠪᠰᠢᠯᠲᠠ ︾᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ | ᠨᠢᠭᠡᠳᠦᠨ ᠳᠤᠮᠳᠠᠳᠤ ᠶᠢᠨ ᠬᠦᠰᠡᠯᠡᠩ ᠢ ᠬᠠᠮᠲᠤᠪᠠᠷ ᠴᠤᠭᠴᠠᠯᠠᠶ᠎ᠠ︾᠂ ︽ᠭᠠᠷ ᠭᠠᠷ ᠢᠶᠠᠨ ᠬᠤᠯᠪᠣᠯᠴᠠᠬᠤ︾᠂ ︽ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠡᠮ ᠡᠮᠨᠡᠯᠭᠡ ᠶᠢ ᠦᠨᠳᠦᠰᠦᠨ ᠱᠠᠲᠤᠨ ᠳᠤ | ᠬᠦᠷᠭᠡᠬᠦ ᠵᠡᠷᠭᠡ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠠᠷᠠᠳ ᠲᠦᠮᠡᠨ ᠤ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠪᠡ᠃ | ᠬᠤᠶᠠᠷ ᠲᠤ᠂ ᠦᠨᠳᠦᠰᠦᠲᠡᠨ ᠤ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠪᠡ᠃ 2021 ᠣᠨ ᠤ | 1 ᠰᠠᠷ᠎ᠠ ᠳᠤ᠂ ᠬᠤᠰᠢᠭᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠬᠤᠰᠢᠭᠤᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠬᠠᠮᠲᠤᠷᠠᠨ ︽ᠪᠥᠬᠦ ᠬᠤᠰᠢᠭᠤᠨ ᠤ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢ ᠳᠠᠬᠢᠨ ᠬᠢᠨᠠᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠶᠮᠠ ᠶᠢ ᠠᠬᠢᠭᠤᠯᠬᠤ︾ ᠲᠠᠢ ᠤᠶᠠᠯᠳᠤᠭᠤᠯᠤᠨ᠂ ᠡᠯ᠎ᠡ | ᠰᠤᠮᠤ ᠪᠠᠯᠭᠠᠰᠤ᠂ ᠬᠤᠰᠢᠭᠤ ᠬᠠᠷᠢᠶ᠎ᠠ ᠨᠢᠭᠡᠴᠡ᠂ ᠠᠵᠤ ᠠᠬᠤᠶᠢᠯᠠᠯ᠂ ᠰᠠᠭᠤᠭ᠎ᠠ ᠴᠡᠷᠢᠭ ᠠᠩᠭᠢ᠂ ᠱᠠᠰᠢᠨ ᠰᠤᠷᠲᠠᠬᠤᠨ ᠤ | ᠠᠵᠢᠯᠯᠠᠭᠠᠨ ᠤ ᠭᠠᠵᠠᠷ᠂ ᠭᠠᠴᠠᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠬᠠᠷᠢᠭᠤ ᠮᠡᠳᠡᠭᠦᠯᠦᠯᠲᠡ ᠰᠣᠨᠣᠰᠬᠤ ᠲᠠᠢ | ᠤᠶᠠᠯᠳᠤᠭᠤᠯᠤᠨ᠂ ᠶᠠᠷᠢᠯᠴᠠᠨ ᠰᠣᠯᠢᠯᠴᠠᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ᠂ ᠨᠢᠭᠡᠨᠲᠡ ᠨᠡᠷᠡᠶᠢᠳᠦᠭᠳᠡᠭᠰᠡᠨ ᠪᠦᠬᠦ ᠬᠤᠰᠢᠭᠤᠨ ᠤ ᠡᠯ᠎ᠡ | ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ 35 ᠨᠢᠭᠡᠴᠡ ᠶᠢ ᠳᠠᠬᠢᠨ ᠬᠢᠨᠠᠨ | ᠰᠢᠯᠭᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠠᠬᠢᠭᠤᠯᠪᠠ᠃ ᠣᠳᠣᠬᠠᠨ ᠳᠤ᠂ ᠮᠠᠨ ᠤ ᠬᠤᠰᠢᠭᠤᠨ ᠳᠤ | ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠠᠮᠲᠤ ᠨᠡᠶᠢᠲᠡ 1᠂ ᠲᠡᠷᠢᠭᠦᠨ ᠤ | ᠬᠤᠪᠢ ᠬᠥᠮᠦᠨ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠷᠢᠭᠦᠨ ᠤ ᠬᠠᠮᠲᠤ ᠨᠡᠶᠢᠲᠡ 4᠂ ᠲᠡᠷᠢᠭᠦᠨ ᠤ ᠬᠤᠪᠢ | ᠬᠥᠮᠦᠨ 2᠂ ᠠᠶᠢᠮᠠᠭ ᠤᠨ ᠲᠡᠰ ᠤᠨ ᠲᠡᠷᠢᠭᠦᠨ ᠤ ᠬᠠᠮᠲᠤ ᠨᠡᠶᠢᠲᠡ 20᠂ ᠲᠡᠷᠢᠭᠦᠨ ᠤ ᠬᠤᠪᠢ ᠬᠥᠮᠦᠨ 42᠂ | ᠬᠤᠰᠢᠭᠤ ᠲᠡᠰ ᠤᠨ ᠲᠡᠷᠢᠭᠦᠨ ᠤ ᠬᠠᠮᠲᠤ ᠨᠡᠶᠢᠲᠡ 83᠂ ᠲᠡᠷᠢᠭᠦᠨ ᠤ ᠬᠤᠪᠢ ᠬᠥᠮᠦᠨ 199 ᠪᠠᠶᠢᠨ᠎ᠠ᠃ ᠭᠤᠷᠪᠠ ᠳᠤ᠂ | ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠭᠦᠶᠴᠡᠳ ᠠᠰᠢᠭᠯᠠᠪᠠ᠃ | 2021 ᠣᠨ ᠳᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ 554 ᠲᠦᠮᠡᠨ | ᠲᠥᠭᠦᠷᠢᠭ ᠣᠯᠵᠤ᠂ ᠭᠠᠴᠠᠭᠠᠨ ᠤ ᠬᠠᠮᠲᠤ ᠶᠢᠨ ᠠᠵᠤ ᠠᠬᠤᠶ᠂ ᠮᠠᠯᠵᠢᠬᠤ ᠣᠷᠣᠨ ᠤ ᠬᠤᠷᠰᠢᠶᠠᠵᠢᠯ᠂ ᠦᠨᠳᠦᠰᠦᠲᠡᠨ ᠤ | ᠣᠨᠴᠠᠯᠢᠭᠲᠤ ᠠᠵᠤ ᠦᠶᠯᠡᠰ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠲᠥᠷᠥᠯ ᠵᠦᠶᠯ ᠢ ᠭᠤᠤᠯᠳᠠᠯᠭ᠎ᠠ | ᠲᠠᠢ ᠲᠡᠳᠬᠦᠪᠡ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠲᠥᠷᠥᠯ ᠵᠦᠶᠯ ᠤᠨ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︾ | ᠶᠢ ᠲᠣᠭᠲᠠᠭᠠᠨ ᠨᠡᠶᠢᠲᠡᠯᠡᠵᠦ᠂ ᠲᠤᠰᠬᠠᠶ ᠪᠠᠶᠢᠴᠠᠭᠠᠯᠲᠠ ᠥᠷᠨᠢᠭᠦᠯᠦᠨ᠂ ᠲᠤᠰᠬᠠᠶ ᠮᠡᠷᠭᠡᠵᠢᠯᠲᠡᠨ ᠢ ᠤᠷᠢᠵᠤ ᠪᠠᠯᠠ ᠮᠥᠩᠭᠦ | ᠶᠢᠨ ᠬᠠᠮᠢᠶᠠᠷᠤᠯᠲᠠ᠂ ᠲᠠᠩᠰᠠ ᠡᠪᠬᠡᠮᠡᠯ ᠤᠨ ᠪᠠᠶᠢᠭᠤᠯᠤᠯᠲᠠ ᠶᠢᠨ ᠪᠣᠯᠪᠠᠰᠤᠷᠠᠯ ᠵᠢᠯᠣᠭᠤᠳᠣᠯᠭ᠎ᠠ ᠵᠡᠷᠭᠡ ᠠᠵᠢᠯ ᠢ | ᠥᠷᠨᠢᠭᠦᠯᠵᠦ᠂ ᠪᠠᠯᠠ ᠮᠥᠩᠭᠦ ᠶᠢ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠦᠨᠡᠨᠬᠦ ᠪᠠᠲᠤᠯᠠᠪᠠ᠃ ᠳᠥᠷᠪᠡ ᠳᠤ᠂ ᠬᠤᠲᠠ | ᠪᠠᠯᠭᠠᠰᠤᠨ ᠤ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ︽ᠬᠤᠲᠠ ᠶᠢᠨ ᠦᠨᠳᠦᠰᠦᠲᠡᠨ ᠤ ᠠᠵᠢᠯ | ᠤᠨ ᠳᠦᠷᠢᠮ︾ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ︽ᠳᠦᠷᠢᠮ ︾ ᠢ ᠤᠬᠠᠭᠤᠯᠬᠤ᠂ ᠪᠣᠯᠪᠠᠰᠤᠷᠠᠭᠤᠯᠬᠤ᠂ | ᠨᠠᠶᠢᠳᠠᠪᠤᠷᠢᠵᠢᠭᠤᠯᠬᠤ ᠡᠷᠴᠢᠮ ᠢ ᠭᠦᠨᠵᠡᠭᠡᠶ ᠥᠷᠨᠢᠭᠦᠯᠦᠨ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ | ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ᠂ ᠨᠠᠰᠤᠲᠠᠳ ᠢ ᠬᠠᠯᠠᠮᠵᠢᠯᠠᠨ ᠬᠠᠶᠢᠷᠠᠯᠠᠬᠤ᠂ ᠶᠠᠳᠠᠭᠤ ᠶᠢ ᠲᠡᠳᠬᠦᠨ ᠲᠤᠰᠠᠯᠠᠬᠤ ᠵᠡᠷᠭᠡ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠭᠢᠳᠬᠡᠯᠳᠦ ᠮᠠᠶ᠋ᠢᠭ ᠤᠨ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠪᠠ ᠨᠡᠶᠢᠭᠡᠮ ᠤᠨ ᠪᠦᠲᠦᠴᠡ ᠪᠠᠶᠢᠭᠤᠯᠬᠤ ᠶᠢ ᠠᠬᠢᠭᠤᠯᠪᠠ᠃ ᠲᠠᠪᠤ ᠳᠤ᠂ | ᠦᠨᠳᠦᠰᠦᠲᠡᠨ ᠨᠦᠭᠦᠳ ᠤᠨ ᠨᠡᠪᠲᠡᠷᠡᠯᠴᠡᠭᠡ ᠶᠢ ᠠᠬᠢᠭᠤᠯᠬᠤ ᠰᠣᠶᠣᠯ ᠤᠨ ᠬᠥᠭᠦᠷᠭᠡ ᠶᠢ ᠪᠠᠶᠢᠭᠤᠯᠪᠠ᠃ ᠳᠤᠮᠳᠠᠳᠤ ᠶᠢᠨ | ᠰᠣᠶᠣᠯ ᠢ ᠮᠡᠳᠡᠷᠡᠬᠦ ᠰᠠᠭᠤᠷᠢᠨ ᠳᠡᠭᠡᠷ᠎ᠡ ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠬᠤ ᠶᠢ ᠬᠦᠨᠳᠦᠳᠬᠡᠨ ᠦᠵᠡᠵᠦ᠂ ᠦᠵᠦᠮᠦᠴᠢᠨ ᠰᠣᠶᠣᠯ ᠤᠨ ᠣᠬᠢ ᠰᠣᠳᠣ ᠶᠢ ᠰᠢᠩᠭᠡᠭᠡᠨ ᠠᠪᠴᠤ᠂ ᠪᠣᠳᠠᠰ | ᠤᠨ ᠪᠤᠰᠤ ᠰᠣᠶᠣᠯ ᠤᠨ ᠥᠪ ᠢ ᠠᠭᠤᠳᠠᠯᠬᠤ᠂ ᠨᠡᠶᠢᠳᠡᠮ ᠪᠠᠶᠢᠴᠠᠭᠠᠬᠤ᠂ ᠤᠯᠠᠮᠵᠢᠯᠠᠨ ᠵᠠᠯᠭᠠᠮᠵᠢᠯᠠᠬᠤ ᠵᠢᠴᠢ ᠬᠠᠮᠠᠭᠠᠯᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠮᠣᠩᠭᠤᠯ ᠭᠡᠷ ᠪᠠᠷᠢᠬᠤ ᠤᠷ᠎ᠠ ᠮᠡᠷᠭᠡᠵᠢᠯ ︾᠂ ︽ᠦᠵᠦᠮᠦᠴᠢᠨ | ᠬᠤᠷᠢᠮ ︾ ᠵᠡᠷᠭᠡ 2 ᠲᠥᠷᠥᠯ ᠵᠦᠢᠯ ᠢ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ | ᠣᠷᠣᠭᠤᠯᠤᠨ᠂ ︽ᠮᠣᠷᠢᠨ ᠬᠤᠭᠤᠷ ︾᠂ ︽ᠦᠵᠦᠮᠦᠴᠢᠨ ᠤᠷᠲᠤ ᠶᠢᠨ ᠳᠠᠭᠤᠤ ︾ ᠵᠡᠷᠭᠡ 13 ᠲᠥᠷᠥᠯ ᠵᠦᠢᠯ ᠢ | ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠤᠷᠤᠭᠤᠯᠪᠠ᠂ ᠤᠳᠤᠬᠠᠨ ᠳᠤ | ᠡᠯ᠎ᠡ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 76 ᠨᠡᠷ᠎ᠡ ᠪᠤᠢ᠃ ᠵᠢᠷᠭᠤᠭ᠎ᠠ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠵᠠᠯᠠᠭᠤᠴᠤᠳ ᠪᠠᠭᠠᠴᠤᠳ ᠤᠨ ᠰᠤᠷᠭᠠᠨ | ᠬᠥᠮᠦᠵᠢᠯ ᠤᠨ ᠪᠦᠬᠦ ᠶᠠᠪᠤᠴᠠ ᠳᠤ ᠣᠷᠣᠭᠤᠯᠪᠠ᠃ ᠪᠠᠭ᠎ᠠ ᠠᠴᠠ ᠨᠢ ᠠᠳᠬᠤᠬᠤ᠂ ᠪᠠᠯᠴᠢᠷ ᠠᠴᠠ ᠨᠢ ᠡᠬᠢᠯᠡᠨ ᠠᠳᠬᠤᠬᠤ | ᠶᠢ ᠪᠠᠷᠢᠮᠲᠠᠯᠠᠵᠤ᠂ ᠬᠢᠴᠢᠶᠡᠯ ᠤᠨ ᠲᠠᠩᠬᠢᠮ ᠤᠨ ᠰᠤᠷᠭᠠᠨ ᠬᠥᠮᠦᠵᠢᠯ᠂ ᠨᠡᠶᠢᠭᠡᠮ ᠤᠨ ᠦᠶᠯᠡᠳᠦᠯᠭᠡ᠂ ᠭᠤᠤᠯ ᠰᠡᠳᠦᠪᠲᠦ | ᠬᠥᠮᠦᠵᠢᠯ ᠤᠨ ᠣᠯᠠᠨ ᠲᠠᠯ᠎ᠠ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠲᠠᠪᠴᠠᠩ ᠢ ᠪᠠᠶᠢᠭᠤᠯᠪᠠ᠃ ︽ | ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠪᠦᠯᠬᠦᠮ ᠨᠡᠶᠢᠲᠡ ᠶᠢᠨ ᠡᠳᠦᠷ︾ ᠲᠠᠢ ᠤᠶᠠᠯᠳᠤᠭᠤᠯᠤᠨ᠂ ᠪᠥᠬᠦ | ᠬᠤᠰᠢᠭᠤᠨ ᠤ ᠵᠠᠯᠠᠭᠤᠴᠤᠳ ᠪᠠᠭᠠᠴᠤᠳ ᠤᠨ ᠳᠤᠮᠳᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠣᠶ ᠪᠣᠯᠭᠠᠬᠤ ︾ ᠵᠢᠴᠢ ︽ᠨᠠᠮ ᠤᠨ ᠲᠡᠦᠬᠡ ᠶᠢ ᠰᠤᠷᠤᠯᠴᠠᠨ᠂ ᠢᠲᠡᠭᠡᠯ ᠪᠢᠰᠢᠷᠡᠯ ᠢᠶᠠᠨ | ᠴᠢᠩᠭᠠᠳᠬᠠᠵᠤ᠂ ᠨᠠᠮ ᠢᠶᠠᠨ ᠳᠠᠭᠠᠬᠤ︾ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠭᠦᠨᠵᠡᠭᠡᠶ ᠥᠷᠨᠢᠭᠦᠯᠵᠦ᠂ ︽ | ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ︾᠂ ︽ᠵᠠᠯᠠᠭᠤᠴᠤᠳ ᠤᠨ ᠪᠣᠯᠪᠠᠰᠤᠨ ᠤ ᠴᠣᠯᠠ ᠪᠠᠨ | ᠮᠠᠨᠳᠤᠭᠤᠯᠬᠤ︾᠂ ︽ᠲᠡᠮᠡᠴᠡᠯ ᠳᠦᠭᠦᠷᠡᠩ ᠵᠠᠯᠠᠭᠤ ᠨᠠᠰᠤ ᠬᠠᠮᠤᠭ ᠭᠤᠶᠣ ᠰᠠᠶᠢᠬᠠᠨ︾ ᠵᠡᠷᠭᠡ ᠭᠤᠤᠯ ᠰᠡᠳᠦᠪᠲᠦ | ᠠᠵᠢᠯᠯᠠᠭ᠎ᠠ ᠶᠢ ᠲᠥᠷᠥᠯ ᠬᠤᠪᠢᠶᠠᠨ ᠥᠷᠨᠢᠭᠦᠯᠵᠦ᠂ ᠥᠷᠭᠡᠨ ᠣᠯᠠᠨ ᠡᠪᠯᠡᠯ ᠤᠨ ᠭᠡᠰᠢᠭᠦᠨ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠨ ᠪᠣᠯᠤᠨ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠪᠡ᠃ ᠬᠡᠦᠬᠡᠳ ᠤᠨ ᠴᠡᠴᠡᠷᠯᠢᠭ ᠲᠤ ︽ᠶᠣᠰᠣ | ᠰᠤᠷᠲᠠᠬᠤᠨ ᠢᠶᠠᠷ ᠬᠡᠤᠬᠡᠳ ᠢ ᠪᠣᠶᠢᠵᠢᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠢᠶᠠᠨ ᠬᠠᠶᠢᠷᠠᠯᠠᠬᠤ | ᠦᠵᠡᠯ ᠤᠬᠠᠮᠰᠠᠷ ᠢ ᠬᠡᠦᠬᠡᠳ ᠤᠨ ᠰᠡᠳᠬᠢᠯ ᠳᠤ ᠬᠠᠳᠠᠩᠰᠢᠭᠤᠯᠪᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ︽ᠳᠣᠯᠣᠭᠠᠨ ᠨᠢᠭᠡ︾ ᠠᠵᠢᠯᠯᠠᠭ᠎ᠠ ︵ᠲᠤᠬᠠᠶᠢᠯᠠᠪᠠᠯ ᠵᠢᠯ | ᠪᠦᠷᠢ ᠨᠢᠭᠡ ᠤᠳᠠᠭ᠎ᠠ ᠭᠤᠣᠯ ᠰᠡᠳᠦᠪᠲᠦ ᠠᠩᠭᠢ ᠶᠢᠨ ᠬᠤᠷᠠᠯ ᠬᠤᠷᠠᠯᠳᠤᠭᠤᠯᠬᠤ᠂ ᠰᠤᠷᠤᠭᠴᠢ ᠪᠦᠷᠢ ᠨᠢᠭᠡ ᠤᠳᠠᠭᠠᠨ ᠤ | ᠦᠶᠯᠡᠳᠦᠯᠭᠡ ᠶᠢᠨ ᠬᠥᠳᠡᠯᠭᠡᠭᠡᠨ ᠳᠤ ᠣᠷᠤᠯᠴᠠᠬᠤ᠂ ᠨᠢᠭᠡ ᠨᠡᠶᠢᠲᠡᠯᠢᠭ ᠵᠢᠱᠢᠶᠡᠴᠢ ᠠᠴᠠ ᠰᠤᠷᠤᠯᠴᠠᠬᠤ᠂ ᠨᠢᠭᠡ ᠦᠯᠢᠭᠡᠷ | ᠶᠠᠷᠢᠬᠤ᠂ ᠨᠢᠭᠡ ᠳᠠᠭᠤᠤ ᠰᠤᠷᠬᠤ᠂ ᠨᠢᠭᠡ ᠵᠣᠬᠢᠶᠠᠯ ᠪᠢᠴᠢᠬᠦ᠂ ᠨᠢᠭᠡ ᠤᠳᠠᠭ᠎ᠠ ᠦᠵᠡᠰᠬᠦᠯᠡᠩ ᠢᠶᠠᠷ ᠲᠤᠭᠤᠷᠢᠬᠤ︶ ᠶᠢ | ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠡᠯ᠎ᠡ ᠱᠠᠲᠤᠨ ᠤ ᠰᠤᠷᠭᠠᠨ | ᠬᠥᠮᠦᠵᠢᠯ ᠤᠨ ᠪᠦᠬᠦ ᠶᠠᠪᠤᠴᠠ ᠳᠤ ᠲᠣᠣᠱᠯᠠᠭᠤᠯᠤᠨ᠂ ᠦᠨᠳᠦᠰᠦᠲᠡᠨ ᠤ ᠣᠨᠣᠯ ᠢ ᠲᠦᠯᠬᠢᠨ ᠠᠬᠢᠭᠤᠯᠬᠤ᠂ | ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠮᠡᠳᠡᠯᠭᠡ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠬᠤ᠂ ᠲᠠᠷᠢᠬᠢ ᠲᠣᠯᠣᠭᠠᠶ ᠳᠤ ᠰᠢᠩᠭᠡᠭᠡᠬᠦ᠂ ︽ᠳᠤᠮᠳᠠᠳᠤ ᠶᠢᠨ ᠶᠡᠭᠡ ᠬᠡᠷ ᠪᠦᠯᠢ ︾᠂ | ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠶᠡᠷᠦ ᠶᠢᠨ ᠮᠡᠳᠡᠯᠭᠡ ︾᠂ ︽ᠥᠪᠥᠷ ᠮᠣᠩᠭᠤᠯ ᠤᠨ ᠦᠨᠳᠦᠰᠦᠲᠡᠨ | ᠤ ᠪᠦᠯᠬᠦᠮᠳᠡᠯ ᠤᠨ ᠬᠥᠮᠦᠵᠢᠯ ︾ ᠵᠡᠷᠭᠡ ᠬᠢᠴᠢᠶᠡᠯ ᠢ ᠨᠡᠭᠡᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠰᠤᠷᠭᠠᠭᠤᠯᠢ ᠶᠢᠨ ᠭᠡᠷ ᠤᠨ ᠠᠬᠠᠮᠠᠳ ᠤᠨ ᠬᠤᠷᠠᠯ ᠳᠤ ᠤᠷᠤᠭᠤᠯᠤᠨ᠂ ᠭᠡᠷ ᠤᠨ ᠠᠬᠠᠮᠠᠳ ᠤᠨ ᠨᠡᠭᠡᠭᠡᠯᠲᠡ | ᠶᠢᠨ ᠡᠳᠦᠷ᠂ ᠭᠡᠷ ᠤᠨ ᠰᠤᠷᠪᠤᠯᠵᠢᠯᠠᠭ᠎ᠠ ᠶᠢᠨ ᠠᠵᠢᠯᠯᠠᠭ᠎ᠠ ᠶᠢᠨ ᠴᠢᠬᠤᠯᠠ ᠠᠭᠤᠯᠭ᠎ᠠ ᠪᠤᠯᠭᠠᠨ᠂ ︽ᠲᠠᠪᠤ ᠶᠢ ᠮᠡᠳᠡᠷᠡᠬᠦ ︾ | ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ ᠦᠷᠭᠦᠯᠵᠢ ᠴᠢᠩᠭ᠎ᠠ ᠠᠳᠬᠤᠬᠤ ᠢ ᠪᠠᠷᠢᠮᠲᠠᠯᠠᠪᠠ᠃ | ᠭᠤᠷᠪᠠ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠪᠡ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠ ᠠᠮᠤᠷ ᠲᠦᠪᠰᠢᠨ ᠲᠣᠭᠲᠠᠭᠤᠨ | ᠪᠠᠶᠢᠳᠠᠯ ᠢ ᠲᠡᠰ ᠬᠤᠪᠢᠶᠠᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠵᠠᠭᠤᠴᠢᠯᠠᠭᠤᠷ | ᠢᠶᠠᠷ ᠳᠠᠮᠵᠢᠭᠤᠯᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠠᠮᠢᠶ᠎ᠠ ᠪᠦᠬᠦᠢ ᠲᠦᠷᠦ | ᠶᠢᠨ ᠪᠤᠳᠤᠯᠭ᠎ᠠ ᠶᠢᠨ ᠲᠠᠶᠢᠯᠤᠮᠵᠢ᠂ ᠠᠵᠢᠯ ᠤᠨ ᠠᠬᠢᠴᠠ ᠵᠡᠷᠭᠡ ᠶᠢ 240 ᠭᠠᠷᠤᠢ ᠵᠤᠷᠪᠤᠰ ᠨᠡᠶᠢᠲᠡᠯᠡᠨ᠂ ᠤᠩᠰᠢᠭᠰᠠᠨ | ᠬᠡᠮᠵᠢᠶ᠎ᠡ ᠨᠢ 13 ᠲᠦᠮᠡᠨ ᠬᠥᠮᠦᠨ ᠤᠳᠠᠭ᠎ᠠ ᠳᠤ ᠬᠦᠷᠪᠡ᠃ ᠣᠯᠠᠨ ᠤᠳᠠᠭ᠎ᠠ ᠪᠠᠭᠰᠢ ᠨᠠᠷ ᠤᠨ ᠰᠡᠳᠬᠢᠯ ᠤᠨ ᠦᠭᠡ ᠪᠠᠨ | ᠶᠠᠷᠢᠯᠴᠠᠬᠤ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠤᠭᠴᠢᠳ ᠤᠨ ᠭᠡᠷ ᠪᠦᠯᠢ ᠶᠢ ᠪᠦᠷᠢᠨ | ᠪᠦᠷᠬᠦᠭᠦᠯᠦᠭᠰᠡᠨ ᠭᠡᠷ ᠪᠦᠯᠢ ᠶᠢᠨ ᠰᠤᠷᠪᠤᠯᠵᠢᠯᠠᠭ᠎ᠠ ᠶᠢ ᠵᠣᠬᠢᠶᠠᠨ ᠪᠠᠶᠢᠭᠤᠯᠵᠤ᠂ ᠴᠢᠭᠯᠡᠭᠦᠯᠬᠦ ᠴᠢᠨᠠᠷᠲᠠᠶ ᠪᠠᠷ ᠵᠥᠪ ᠲᠠᠯ᠎ᠠ | ᠶᠢᠨ ᠤᠬᠠᠭᠤᠯᠭ᠎ᠠ ᠬᠥᠮᠦᠵᠢᠯ ᠪᠠ ᠦᠵᠡᠯ ᠰᠠᠨᠠᠭ᠎ᠠ ᠰᠡᠳᠬᠢᠴᠡ ᠶᠢᠨ ᠵᠢᠯᠣᠭᠤᠳᠣᠯᠭ᠎ᠠ ᠬᠢᠪᠡ᠃ ᠭᠤᠷᠪᠠᠨ ᠬᠢᠴᠢᠶᠡᠯ ᠲᠥᠷᠥᠯ | ᠤᠨ ᠪᠠᠭᠰᠢ ᠶᠢ 38 ᠨᠡᠷ᠎ᠡ ᠨᠥᠬᠦᠪᠥᠷᠢᠯᠡᠵᠦ᠂ 90 ᠨᠡᠷ᠎ᠡ ᠳᠤ ᠬᠦᠷᠦᠭᠦᠯᠪᠠ᠂ ᠭᠤᠷᠪᠠᠨ ᠬᠢᠴᠢᠶᠡᠯ ᠲᠥᠷᠥᠯ ᠤᠨ ᠪᠠᠭᠰᠢ ᠶᠢ | ᠢᠳᠡᠪᠬᠢᠲᠡᠶ ᠪᠠᠷ ᠵᠣᠬᠢᠶᠠᠨ ᠪᠠᠶᠢᠭᠤᠯᠵᠤ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ | ᠣᠷᠣᠯᠴᠠᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠪᠠ | ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠬᠤᠣᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ | ᠲᠣᠭᠲᠠᠴᠠ ᠶᠢ ᠬᠡᠷᠡᠭᠵᠢᠭᠦᠯᠵᠦ᠂ ︽ᠭᠠᠷᠠᠭ ᠪᠦᠷᠢ ᠬᠠᠮᠲᠤ ᠪᠠᠷ ᠬᠢᠴᠢᠶᠡᠯ ᠪᠡᠯᠡᠳᠬᠡᠬᠦ︾᠂ ︽ᠪᠠᠭᠰᠢ ᠨᠠᠷ ᠱᠠᠪᠢ | ᠬᠠᠪᠰᠤᠷᠤᠨ ᠳᠠᠭᠠᠭᠤᠯᠬᠤ︾᠂ ︽ᠰᠢᠨᠵᠢᠯᠡᠭᠡᠨ ᠤ ᠠᠵᠢᠯ ᠤᠨ ᠭᠠᠵᠠᠷ︾ ᠵᠡᠷᠭᠡ ᠠᠷᠭ᠎ᠠ ᠮᠠᠶ᠋ᠢᠭ ᠢ ᠠᠪᠴᠤ᠂ ᠪᠠᠭᠰᠢ ᠶᠢᠨ | ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠪᠠ᠃ ᠡᠨᠡ ᠵᠢᠯ ᠤᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠨ᠂ ᠪᠥᠬᠦ ᠬᠤᠰᠢᠭᠤᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ | ᠶᠢᠨ ᠨᠢᠭᠡᠳᠦᠭᠡᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠷᠢᠳᠠᠪᠠᠷ ᠶᠣᠰᠣ | ᠰᠤᠷᠲᠠᠬᠤᠨ ᠬᠢᠭᠡᠳ ᠬᠠᠤᠯᠢ ᠪᠠᠷ ᠵᠠᠰᠠᠬᠤ᠂ ᠲᠡᠦᠬᠡ ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ 2—6 ᠣᠨ ᠳᠤ | ᠤᠷᠢᠳᠠᠪᠠᠷ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠢᠶᠠᠷ ᠵᠢᠭᠠᠨ ᠰᠤᠷᠭᠠᠵᠤ᠂ ︽5 + 3 ︾ ︵5 ᠴᠠᠭ ᠤᠨ ᠬᠢᠲᠠᠳ ᠬᠡᠯᠡᠨ ᠤ ᠬᠢᠴᠢᠶᠡᠯ + 3 ᠴᠠᠭ | ᠤᠨ ᠬᠡᠯᠡ ᠪᠢᠴᠢᠭ ᠤᠨ ᠬᠢᠴᠢᠶᠡᠯ︶ ᠶᠢᠨ ᠠᠷᠭ᠎ᠠ ᠬᠡᠯᠪᠡᠷᠢ ᠪᠠᠷ ᠬᠡᠯᠡ ᠪᠢᠴᠢᠭ ᠤᠨ ᠰᠤᠷᠤᠯᠴᠠᠯᠭ᠎ᠠ ᠶᠢ ᠴᠢᠩᠭᠠᠳᠬᠠᠵᠤ᠂ | 89 ᠠᠩᠭᠢ 4318 ᠰᠣᠷᠣᠭᠴᠢ ᠶᠢ ᠬᠠᠮᠤᠷᠴᠤ᠂ ᠬᠤᠰᠢᠭᠤᠨ ᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠪᠣᠯᠤᠨ 5 ᠬᠡᠦᠬᠡᠳ ᠤᠨ ᠴᠡᠴᠡᠷᠯᠢᠭ ᠲᠤ ᠴᠥᠭᠡᠨ ᠲᠤᠭᠠᠲᠤ ᠦᠨᠳᠦᠰᠦᠲᠡᠨ ᠪᠠ ᠬᠢᠲᠠᠳ ᠦᠨᠳᠦᠰᠦᠳᠡᠨ | ᠬᠠᠮᠲᠤᠷᠠᠭᠰᠠᠨ ᠰᠤᠷᠭᠠᠭᠤᠯᠢ ︵ᠴᠡᠴᠡᠷᠯᠢᠭ︶ ᠶᠢ ᠪᠡᠶᠡᠯᠡᠭᠦᠯᠵᠦ᠂ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠰᠠᠷᠠᠨ ᠬᠥᠮᠦᠵᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠪᠡ᠃ | 7 ᠰᠠᠷ᠎ᠠ ᠶᠢᠨ 4 ᠤ ᠡᠳᠦᠷ᠂ ᠡᠯ᠎ᠡ ᠳᠤᠮᠳᠠᠳᠤ ᠪᠠᠭ᠎ᠠ ᠰᠤᠷᠭᠠᠭᠤᠯᠢ ᠨᠡᠷ᠎ᠡ ᠮᠡᠳᠡᠭᠦᠯᠬᠦ ᠪᠠ ᠠᠩᠬ᠎ᠠ ᠡᠬᠢᠯᠡᠬᠦ ᠣᠨ ᠤ ᠠᠩᠭᠢ | ᠶᠢᠨ ᠡᠷᠬᠢᠯᠡᠭᠴᠢ ᠪᠠ ᠬᠢᠴᠢᠶᠡᠯ ᠤᠨ ᠪᠠᠭᠰᠢ ᠲᠣᠬᠢᠷᠠᠭᠤᠯᠵᠤ᠂ ᠢᠯᠡ ᠪᠠᠷ ᠠᠩᠭᠢ ᠬᠤᠪᠢᠶᠠᠪᠠ᠃ 7 ᠰᠠᠷ᠎ᠠ ᠶᠢᠨ 7 ᠤ | ᠡᠳᠦᠷ᠂ ᠡᠯ᠎ᠡ ᠬᠡᠦᠬᠡᠳ ᠤᠨ ᠴᠡᠴᠡᠷᠯᠢᠭ ᠡᠬᠢᠯᠡᠨ ᠨᠡᠷ᠎ᠡ ᠮᠡᠳᠡᠭᠦᠯᠵᠦ᠂ 7 ᠰᠠᠷ᠎ᠠ ᠶᠢᠨ 11 ᠤ ᠡᠳᠦᠷ ᠠᠴᠠ ᠡᠬᠢᠯᠡᠨ | ᠰᠢᠪᠠᠭ᠎ᠠ ᠰᠤᠭᠤᠯᠵᠤ ᠰᠣᠷᠣᠭᠴᠢ ᠡᠯᠰᠡᠨ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠠᠭ ᠢ 8 ᠰᠠᠷ᠎ᠠ ᠶᠢᠨ 23 ᠤ | ᠡᠳᠦᠷ ᠢᠶᠠᠷ ᠨᠢᠭᠡᠳᠦᠯᠲᠡᠶ ᠲᠣᠭᠲᠠᠭᠠᠪᠠ᠃ ᠡᠭᠦᠨ ᠤ ᠬᠠᠮᠲᠤ ᠬᠤᠤᠰ ᠴᠢᠭᠯᠡᠯ ᠢᠶᠠᠷ ᠳᠠᠭᠠᠭᠠᠴᠢᠯᠠᠨ ᠬᠤᠯᠪᠣᠭᠠᠯᠠᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠢᠨ᠎ᠡ ᠰᠤᠷᠤᠭᠴᠢᠳ ᠢ ᠪᠠᠭᠲᠠᠭᠠᠭᠰᠠᠨ | ᠪᠦᠬᠦᠨ ᠢ ᠬᠠᠮᠤᠷᠤᠭᠰᠠᠨ ᠬᠡᠷ ᠪᠦᠯᠢ ᠶᠢᠨ ᠰᠤᠷᠪᠤᠯᠵᠢᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡ | ᠪᠠ ᠬᠡᠷ ᠤᠨ ᠠᠬᠠᠮᠠᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠠᠵᠢᠯ ᠤᠨ ᠬᠡᠪ ᠤᠨ ᠤᠷᠤᠭᠰᠢᠲᠠᠶ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠪᠠ᠃ | ᠲᠦᠷᠪᠡ᠂ ᠣᠷᠣᠰᠢᠵᠤ ᠪᠠᠶᠢᠭ᠎ᠠ ᠠᠰᠠᠭᠤᠳᠠᠯ | ᠨᠢᠭᠡ ᠳᠤ᠂ ᠰᠤᠷᠤᠯᠴᠠᠨ ᠣᠶᠢᠯᠠᠭᠠᠬᠤ ᠲᠠᠯ᠎ᠠ ᠪᠠᠷ ᠲᠡᠶᠢᠮᠦ ᠰᠢᠰᠲ᠋ᠧᠮ ᠲᠠᠢ ᠭᠦᠨᠵᠡᠭᠡᠶ ᠪᠢᠰᠢ ᠪᠠᠶᠢᠨ᠎ᠠ᠃ ᠰᠤᠷᠤᠯᠴᠠᠬᠤ | ᠭᠤᠤᠯ ᠰᠡᠳᠦᠪ ᠲᠡᠶᠢᠮᠦ ᠲᠣᠪᠣᠶᠢᠮ᠎ᠠ ᠪᠢᠰᠢ᠂ ᠰᠤᠷᠤᠯᠴᠠᠬᠤ ᠬᠡᠮᠵᠢᠶ᠎ᠡ ᠲᠡᠶᠢᠮᠦ ᠭᠦᠨᠵᠡᠭᠡᠶ ᠪᠢᠰᠢ᠂ ᠰᠤᠷᠤᠯᠴᠠᠬᠤ ᠠᠭᠤᠯᠭ᠎ᠠ | ᠲᠡᠶᠢᠮᠦ ᠪᠠᠶᠠᠯᠢᠭ ᠪᠢᠰᠢ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠦᠨᠳᠦᠰᠦᠲᠡᠨ ᠤ ᠠᠵᠢᠯ ᠤᠨ | ᠲᠤᠬᠠᠶ ᠴᠢᠬᠤᠯᠠ ᠶᠡᠭᠡ ᠰᠢᠨ᠎ᠡ ᠶᠢ ᠡᠭᠦᠳᠬᠦ ᠴᠢᠨᠠᠷᠲᠠᠶ ᠥᠭᠦᠯᠡᠯᠲᠡ ᠶᠢ ᠭᠦᠨᠵᠡᠭᠡᠶ ᠰᠤᠳᠤᠯᠤᠨ ᠨᠠᠷᠢᠨ ᠤᠩᠰᠢᠭᠰᠠᠨ ᠢᠶᠠᠷ | ᠬᠦᠷᠦᠯᠴᠡᠬᠦ ᠥᠬᠡᠶ᠂ ᠰᠣᠯᠢᠯᠴᠠᠵᠤ ᠰᠤᠳᠤᠯᠤᠨ ᠶᠠᠷᠢᠯᠴᠠᠭᠰᠠᠨ ᠢᠶᠠᠷ ᠠᠷᠪᠢᠨ ᠪᠢᠰᠢ᠂ ᠡᠭᠦᠨ ᠳᠤ ᠠᠭᠤᠯᠤᠭᠳᠠᠵᠤ ᠪᠠᠶᠢᠭ᠎ᠠ | ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ᠂ ᠦᠶᠯᠡᠳᠦᠯᠭᠡ ᠶᠢᠨ ᠱᠠᠭᠠᠷᠳᠠᠯᠭ᠎ᠠ ᠶᠢ | ᠭᠦᠨᠵᠡᠭᠡᠶ ᠣᠶᠢᠯᠠᠭᠠᠭᠰᠠᠨ ᠥᠬᠡᠶ ᠪᠠᠶᠢᠨ᠎ᠠ ᠃ | ᠬᠤᠶᠠᠷ ᠲᠤ᠂ ᠬᠤᠲᠠ ᠶᠢᠨ ᠦᠨᠳᠦᠰᠦᠲᠡᠨ ᠤ ᠠᠵᠢᠯ ᠤᠨ ᠦᠷ᠎ᠡ ᠪᠦᠲᠦᠮᠵᠢ ᠢᠯᠡᠷᠬᠡᠶ ᠪᠤᠰᠤ᠃ ᠬᠤᠲᠠ ᠶᠢᠨ ᠴᠥᠭᠡᠨ | ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠯᠢᠯᠴᠠᠭᠠᠨ ᠤ ᠠᠴᠢᠶᠠᠯᠠᠪᠤᠷᠢ ᠡᠯᠪᠡᠭ ᠪᠢᠰᠢ᠂ ᠬᠥᠮᠦᠵᠢᠭᠦᠯᠵᠦ | ᠬᠥᠲᠥᠯᠥᠨ ᠵᠢᠯᠣᠭᠤᠳᠬᠤ ᠪᠠ ᠦᠶᠯᠡᠴᠢᠯᠡᠵᠦ ᠬᠠᠮᠢᠶᠠᠷᠬᠤ ᠶᠢ ᠪᠣᠳᠠᠲᠠᠶᠢᠵᠢᠭᠤᠯᠤᠭᠰᠠᠨ ᠥᠬᠡᠶ᠂ ᠬᠤᠲᠠ ᠣᠷᠣᠭᠰᠠᠨ | ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠪᠠᠶᠢᠩᠭᠤ ᠬᠠᠯᠠᠮᠵᠢᠯᠠᠨ ᠬᠠᠶᠢᠷᠠᠯᠠᠬᠤ ᠪᠠ ᠦᠶᠯᠡᠴᠢᠯᠡᠬᠦ ᠲᠠᠯ᠎ᠠ ᠪᠠᠷ | ᠬᠢᠭᠰᠡᠨ ᠨᠢ ᠬᠦᠷᠦᠯᠴᠡᠬᠦ ᠥᠬᠡᠶ ᠪᠠᠶᠢᠨ᠎ᠠ᠃ | ᠭᠤᠷᠪᠠ ᠳᠤ᠂ ᠬᠤᠰᠢᠭᠤ ᠳᠣᠲᠣᠷᠠᠬᠢ ᠡᠯ᠎ᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠤᠯᠴᠠᠯᠭ᠎ᠠ ᠬᠦᠷᠦᠯᠴᠡᠬᠦ ᠦᠭᠡᠢ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠬᠠᠭᠤᠯᠭ᠎ᠠ ᠬᠦᠷᠦᠯᠴᠡᠬᠦ ᠦᠭᠡᠢ᠂ ᠳᠠᠩᠰᠠ ᠡᠪᠬᠡᠮᠡᠯ ᠤᠨ ᠮᠠᠲ᠋ᠧᠷᠢᠶᠠᠯ ᠢ | ᠡᠮᠬᠢᠳᠬᠡᠬᠦ ᠲᠠᠯ᠎ᠠ ᠪᠠᠷ ᠲᠡᠭᠦᠯᠳᠡᠷ ᠪᠢᠰᠢ ᠪᠠᠶᠢᠨ᠎ᠠ᠃ | ᠲᠠᠪᠤ᠂ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ | ︵ᠨᠢᠭᠡ︶ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ | ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ | ᠬᠦ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ | ᠥᠭᠦᠯᠡᠯᠲᠡ᠂ ᠢᠯᠠᠩᠭᠤᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠬᠠᠮᠲᠤ ᠶᠢᠨ ᠰᠤᠷᠤᠯᠴᠠᠯᠭ᠎ᠠ᠂ | ᠪᠦᠬᠦ ᠲᠠᠯ᠎ᠠ ᠶᠢᠨ ᠰᠤᠷᠤᠯᠴᠠᠯᠭ᠎ᠠ ᠪᠠ ᠪᠣᠳᠠᠲᠠᠢ ᠰᠤᠷᠤᠯᠴᠠᠯᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠠᠭᠤᠯᠤᠭᠳᠠᠬᠤᠨ᠂ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠪᠦᠬᠦ ᠲᠠᠯ᠎ᠠ ᠪᠠᠷ ᠡᠵᠡᠮᠰᠢᠵᠦ᠂ | ᠪᠠᠯᠠᠷᠬᠠᠢ ᠲᠠᠨᠢᠯᠲᠠ ᠶᠢ ᠲᠤᠳᠤᠷᠬᠠᠶᠢᠯᠠᠨ᠂ ᠪᠤᠷᠤᠭᠤ ᠲᠠᠨᠢᠯᠲᠠ ᠶᠢ ᠵᠠᠯᠠᠷᠠᠭᠤᠯᠵᠤ᠂ ᠤᠨᠤᠯ ᠤᠨ ᠲᠠᠯ᠎ᠠ ᠪᠠᠷ ᠰᠡᠷᠭᠡᠭ ᠪᠠᠶᠢᠬᠤ | ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠪᠠᠲᠤᠯᠠᠨ᠎ᠠ᠃ | ︵ᠬᠤᠶᠠᠷ︶ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠡᠷᠡᠰ ᠲᠣᠣᠱᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠶᠢ ᠦᠨᠳᠦᠰᠦᠲᠡᠨ ᠤ ᠭᠠᠵᠠᠷ ᠣᠷᠣᠨ ᠤ ᠠᠵᠢᠯ ᠢ ᠰᠠᠶᠢᠲᠤᠷ ᠬᠢᠬᠦ ᠶᠢᠨ ᠤᠷᠳᠤ | ᠬᠤᠭᠤᠴᠠᠭᠠᠨ ᠤ ᠠᠷᠭ᠎ᠠ ᠪᠤᠳᠤᠯᠭ᠎ᠠ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠡᠷᠬᠡᠪᠰᠢ︾ ᠶᠢᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ | ᠡᠵᠡᠮᠰᠢᠵᠦ᠂ ᠵᠥᠪ ᠲᠠᠯ᠎ᠠ ᠶᠢᠨ ᠤᠬᠠᠭᠤᠯᠭ᠎ᠠ᠂ ᠤᠯᠠᠨ ᠲᠦᠮᠡᠨ ᠤ ᠦᠵᠡᠯ ᠰᠠᠨᠠᠭᠠᠨ ᠤ ᠵᠢᠯᠤᠭᠤᠳᠤᠯᠭ᠎ᠠ᠂ ᠭᠤᠣᠯᠳᠠᠯᠭ᠎ᠠ | ᠲᠠᠢ ᠬᠥᠮᠦᠰ ᠢ ᠬᠦᠮᠦᠵᠢᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠵᠡᠷᠭᠡ ᠠᠵᠢᠯ ᠢ ᠤᠷᠳᠤ | ᠬᠤᠭᠤᠴᠠᠭ᠎ᠠ ᠪᠠᠷ ᠬᠦᠴᠦᠲᠡᠢ ᠡᠮᠬᠢ ᠵᠢᠷᠤᠮ ᠲᠠᠢ ᠰᠠᠶᠢᠲᠤᠷ ᠬᠢᠵᠦ᠂ ᠨᠢᠭᠡᠨᠲᠡ ᠣᠯᠤᠭᠰᠠᠨ ᠦᠷ᠎ᠡ ᠪᠦᠲᠦᠭᠡᠯ ᠢᠶᠠᠨ ᠦᠨᠡᠨᠬᠦ | ᠪᠠᠬᠢᠵᠢᠭᠦᠯᠤᠨ᠎ᠡ᠃ | ︵ᠭᠤᠷᠪᠠ︶ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠴᠢᠩᠭ᠎ᠠ ᠠᠳᠬᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠠᠭᠤᠷᠢ ᠴᠢᠨᠠᠷᠲᠠᠢ | ᠢᠨᠵᠧᠨᠧᠷᠢᠩ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠭᠦᠷᠭᠡ ᠶᠢ ᠪᠣᠳᠠᠲᠠᠢ ᠠᠳᠬᠤᠨ ᠰᠠᠶᠢᠲᠤᠷ ᠠᠳᠬᠤᠵᠤ᠂ | ᠺᠠᠳ᠋ᠷ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠵᠤ᠂ ︽ | ᠨᠠᠢᠮᠠ ᠳᠤ ᠣᠷᠣᠭᠤᠯᠬᠤ︾ ᠠᠵᠢᠯ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠥᠷᠨᠢᠭᠦᠯᠦᠨ᠂ ᠦᠨᠳᠦᠰᠦᠲᠡᠨ | ᠨᠦᠭᠦᠳ ᠤᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ | ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ | ᠦᠵᠡᠯᠲᠡ ᠲᠠᠢ ᠪᠣᠯᠭᠠᠨ᠎ᠠ᠃ ᠦᠨᠳᠦᠰᠦᠲᠡᠨ ᠤ ᠣᠨᠣᠯ ᠤᠨ ᠠᠵᠢᠯᠲᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠲᠥᠯᠥᠭᠡᠯᠡᠭᠴᠢ ᠵᠢᠴᠢ ᠤᠯᠠᠭᠠᠨᠮᠥ᠋ᠴᠢᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ | ᠪᠠᠶᠢᠭᠤᠯᠤᠨ ᠥᠷᠭᠡᠨ ᠣᠯᠠᠨ ᠮᠠᠯᠴᠢᠨ ᠲᠦᠮᠡᠨ ᠤ ᠳᠤᠮᠳᠠ ᠭᠦᠨᠵᠡᠭᠡᠶᠢᠷᠡᠭᠦᠯᠵᠦ᠂ ︽ᠠᠮᠤᠷ ᠠᠮᠤᠭᠤᠯᠠᠩ ᠤᠨ | ᠪᠠᠶᠢᠭᠤᠯᠤᠯᠲᠠ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ︾᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ | ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠬᠠᠮᠲᠤ ᠪᠠᠷ ᠴᠤᠭᠴᠠᠯᠠᠬᠤ ︾᠂ ︽ᠰᠢᠨ᠎ᠡ | ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠤᠯᠤᠰ ᠢᠶᠠᠨ ᠬᠠᠶᠢᠷᠠᠯᠠᠵᠤ ᠨᠤᠲᠤᠭ ᠢᠶᠠᠨ ᠬᠠᠶᠢᠷᠠᠯᠠᠬᠤ︾ ᠵᠡᠷᠭᠡ ᠣᠯᠠᠨ | ᠬᠡᠯᠪᠡᠷᠢ ᠶᠢᠨ᠂ ᠡᠯᠪᠡᠭ ᠪᠠᠶᠠᠯᠢᠭ ᠠᠵᠢᠯᠯᠠᠭ᠎ᠠ ᠶᠢ ᠥᠷᠨᠢᠭᠦᠯᠦᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢᠨ ᠰᠣᠶᠣᠯ ᠤᠨ ᠪᠠᠶᠢᠭᠤᠯᠤᠯᠲᠠ ᠳᠠᠬᠢ ᠬᠦᠳᠤᠯᠤᠨ ᠳᠠᠭᠠᠭᠤᠯᠬᠤ ᠦᠢᠯᠡᠳᠦᠯ ᠢ ᠪᠠᠷᠢᠮᠲᠠᠯᠠᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠬᠤ ᠪᠠᠷ ᠳᠠᠮᠵᠢᠭᠤᠯᠵᠤ᠂ ᠳᠤᠮᠳᠠᠳᠤ ᠶᠢᠨ ᠰᠣᠶᠣᠯ ᠤᠨ ᠬᠠᠮᠲᠤ | ᠶᠢᠨ ᠲᠠᠨᠢᠯᠲᠠ ᠶᠢ ᠴᠢᠩᠭᠠᠳᠬᠠᠨ᠎ᠠ᠃ |