ᠠᠷᠠᠳ ᠤᠨ ᠲᠦᠯᠣᠭᠡᠯᠡᠭᠴᠢᠳ ᠤᠨ ᠰᠠᠨᠠᠭᠤᠯᠭ᠎ᠠ ᠂ ᠰᠢᠭᠦᠮᠵᠢᠯᠡᠯ ᠪᠠ ᠰᠠᠨᠠᠯ ᠢ ᠬᠦᠢᠴᠡᠳᠭᠡᠭᠰᠡᠨ | ᠲᠣᠬᠠᠢ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠭᠦᠯᠣᠯᠳᠠ | —— 2021 ᠣᠨ ᠤ 10 ᠰᠠᠷ᠎ᠠ ᠶᠢᠨ 29 ᠤ ᠡᠳᠦᠷ ᠪᠠᠷᠠᠭᠤᠨ ᠦᠵᠦᠮᠦᠴᠢᠨ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠶᠠᠪᠤᠳᠠᠯ ᠤᠨ ᠬᠤᠷᠢᠶᠠᠨ ᠤ | ᠭᠤᠴᠢᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠪᠠᠷᠠᠭᠤᠨ ᠦᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠡᠷᠬᠢᠯᠡᠭᠴᠢ᠂ ᠳᠡᠳ᠋ ᠡᠷᠬᠢᠯᠡᠭᠴᠢ᠂ ᠲᠥᠯᠥᠭᠡᠯᠡᠭᠴᠢᠳ ᠡ᠄ | ᠡᠳᠦᠭᠡ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ | ᠳᠦᠷᠪᠡᠳᠦᠭᠡᠷ ᠣᠳᠠᠭᠠᠨ ᠤ ᠬᠤᠷᠠᠯ ᠤᠨ ᠳᠦᠯᠦᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠬᠦᠢᠴᠡᠳᠭᠡᠭᠰᠡᠨ | ᠲᠣᠬᠠᠢ ᠠᠵᠢᠯ ᠤᠨ ᠬᠠᠷᠢᠭᠤ ᠮᠡᠳᠡᠬᠦᠯᠦᠯᠳᠡ ᠬᠢᠶ᠎ᠡ᠃ ᠲᠠᠨᠠᠷ ᠬᠢᠨᠠᠨ ᠵᠦᠪᠯᠡᠬᠦ ᠪᠤᠯᠪᠠᠤ᠃ | ᠨᠢᠭᠡ᠂ ᠦᠨᠳᠦᠰᠦᠨ ᠪᠠᠶᠢᠳᠠᠯ ᠵᠢᠴᠢ ᠭᠤᠣᠯ ᠠᠷᠭ᠎ᠠ ᠠᠪᠴᠠᠯ | 2021ᠣᠨ ᠳᠤ ᠬᠤᠰᠢᠭᠤ ᠠᠷᠠᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ | ᠵᠠᠰᠠᠭ ᠤᠨ ᠤᠷᠳᠤᠨ ᠳᠤ ᠠᠷᠠᠳ ᠤᠨ ᠲᠦᠯᠣᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠨᠡᠶᠢᠲᠡ 138 | ᠬᠤᠪᠢ ᠰᠢᠯᠵᠢᠬᠦᠯᠦᠨ ᠲᠤᠰᠢᠶᠠᠵᠦ᠂ ᠠᠵᠢᠯ ᠤᠨ ᠡᠭᠦᠷᠭᠡ ᠴᠢᠳᠠᠪᠤᠷᠢ ᠪᠠᠷ ᠨᠢ 32 ᠪᠣᠳᠠᠲᠠᠶ ᠳᠠᠭᠠᠭᠠᠨ ᠭᠦᠢᠴᠡᠳᠬᠡᠬᠦ | ᠨᠢᠭᠡᠴᠡ ᠶᠢ ᠲᠣᠭᠲᠠᠭᠠᠵᠤ᠂ ᠣᠳᠣᠬᠠᠨ ᠳᠤ ᠨᠢᠭᠡᠨᠲᠡ ᠭᠦᠢᠴᠡᠳᠬᠡᠵᠦ ᠳᠠᠭᠤᠰᠬᠠᠭᠰᠠᠨ ᠪᠤᠶᠤ ᠬᠠᠷᠢᠭᠤᠯᠲᠠ ᠥᠭᠴᠦ | ᠲᠠᠭᠤᠰᠬᠠᠭᠰᠠᠨ ᠪᠠᠶᠢᠨ᠎ᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠨᠢ | ᠠᠷᠠᠳᠴᠢᠯᠠᠯ ᠬᠠᠤᠯᠢ ᠲᠥᠷᠢᠮ ᠤᠨ ᠪᠠᠶᠢᠭᠤᠯᠤᠯᠲᠠ ᠶᠢᠨ ᠠᠬᠢᠴᠠ ᠶᠢ ᠲᠥᠯᠬᠢᠨ ᠠᠬᠢᠭᠤᠯᠬᠤ ᠶᠢᠨ ᠬᠡᠷᠡᠭᠴᠡᠭᠡ ᠪᠣᠯᠬᠤ | ᠮᠥᠷᠲᠡᠭᠡᠨ ᠪᠠᠰᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠵᠠᠰᠠᠭ ᠤᠨ ᠣᠷᠳᠣᠨ ᠤ ᠠᠵᠢᠯ ᠢ | ᠰᠠᠶᠢᠵᠢᠷᠠᠭᠤᠯᠬᠤ ᠪᠦᠲᠦᠮᠵᠢᠲᠡᠢ ᠠᠷᠭ᠎ᠠ ᠵᠠᠮ ᠪᠣᠯᠬᠤ ᠶᠤᠮ᠃ ᠬᠤᠰᠢᠭᠤ ᠵᠠᠰᠠᠭ ᠤᠨ ᠣᠷᠳᠣᠨ ᠠᠷᠠᠳ ᠤᠨ | ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠥᠯᠥᠭᠡᠯᠡᠭᠴᠢ ᠶᠢᠨ ᠬᠠᠨᠤᠮᠵᠢ ᠶᠢᠨ ᠬᠡᠮᠵᠢᠶ᠎ᠡ ᠶᠢ ᠭᠦᠢᠴᠡᠳᠬᠡᠬᠦ ᠠᠵᠢᠯ ᠢ ᠬᠢᠨᠠᠨ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ | ᠭᠦᠢᠴᠡᠳᠬᠡᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠢᠷᠡᠪᠡ᠃ | ᠨᠢᠭᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠬᠤᠰᠢᠭᠤ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠭᠦᠢᠴᠡᠳᠬᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠶ ᠣᠯᠠᠨ ᠤᠳᠠᠭ᠎ᠠ ᠪᠣᠳᠠᠲᠠᠶ ᠱᠠᠭᠠᠷᠳᠠᠯᠭ᠎ᠠ ᠳᠤᠷᠠᠳᠪᠠ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ | ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠦᠢᠴᠡᠳᠬᠡᠬᠦ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ | ᠨᠠᠷᠢᠯᠢᠭᠵᠢᠭᠤᠯᠤᠨ ᠣᠨᠣᠪᠴᠢᠲᠠᠶ ᠲᠣᠬᠢᠷᠠᠭᠤᠯᠪᠠ᠃ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠨᠢ ᠰᠠᠨᠠᠭᠤᠯᠭ᠎ᠠ ᠶᠢ | ᠭᠦᠢᠴᠡᠳᠬᠡᠬᠦ ᠠᠵᠢᠯ ᠢ ᠴᠢᠬᠤᠯᠠ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠭᠤᠤᠯ ᠬᠠᠷᠢᠭᠤᠴᠠᠯᠭᠠᠲᠠᠨ | ᠲᠦᠷᠦᠭᠦᠯᠡᠨ ᠳᠠᠭᠠᠭᠤᠯᠤᠨ ᠭᠦᠢᠴᠡᠳᠬᠡᠵᠦ᠂ ︽ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠲᠠᠰ ᠲᠠᠰ ᠢᠶᠠᠷ | ᠨᠠᠶᠢᠳᠠᠪᠤᠷᠢᠵᠢᠭᠤᠯᠬᠤ︾ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ | ᠬᠤᠶᠠᠷ ᠲᠤ᠂ ᠭᠦᠢᠴᠡᠳᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃ ᠭᠦᠢᠴᠡᠳᠬᠡᠬᠦ ᠶᠠᠪᠤᠴᠠ ᠳᠤ᠂ | ᠬᠤᠰᠢᠭᠤ ᠵᠠᠰᠠᠭ ᠤᠨ ᠣᠷᠳᠣᠨ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠤᠨ ᠠᠵᠢᠯ ᠤᠨ ᠲᠣᠬᠢᠷᠠᠭᠤᠯᠤᠯᠲᠠ ᠶᠢ | ᠴᠢᠬᠤᠯᠠᠴᠢᠯᠠᠨ ᠴᠢᠩᠭᠠᠳᠬᠠᠵᠤ᠂ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ ᠠᠯᠬᠤᠮ ᠢ ᠵᠣᠬᠢᠴᠠᠭᠤᠯᠤᠨ᠂ | ᠠᠵᠢᠯ ᠤᠨ ᠵᠢᠯᠣᠭᠤᠳᠣᠯᠭ᠎ᠠ ᠥᠭᠴᠦ᠂ ᠰᠠᠨᠠᠭᠤᠯᠭ᠎ᠠ ᠶᠢ ᠣᠨᠣᠪᠴᠢᠲᠠᠶ᠂ ᠴᠠᠭ ᠲᠤᠬᠠᠶ ᠳᠤᠨᠢ ᠭᠦᠢᠴᠡᠳᠬᠡᠬᠦ ᠶᠢ ᠠᠬᠢᠭᠤᠯᠪᠠ | ᠃ ᠡᠯ᠎ᠡ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠤᠳᠠᠰᠤᠳᠠᠵᠦ ᠪᠠᠶᠢᠳᠠᠯ ᠤᠶᠢᠯᠠᠭᠠᠬᠤ᠂ ᠭᠡᠷ ᠲᠤᠨᠢ ᠣᠴᠢᠵᠤ | ᠨᠢᠭᠤᠷᠳᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠯᠥᠭᠡᠯᠡᠭᠴᠢᠳ ᠲᠠᠢ ᠦᠨᠡᠨᠴᠢ ᠪᠠᠷ ᠰᠠᠨᠠᠯ ᠢᠶᠠᠨ | ᠰᠣᠯᠢᠯᠴᠠᠵᠤ᠂ ᠲᠥᠯᠥᠭᠡᠯᠡᠭᠴᠢᠳ ᠤᠨ ᠰᠠᠨᠠᠭ᠎ᠠ ᠶᠢ ᠤᠢᠢᠯᠠᠭᠠᠨ ᠡᠵᠡᠮᠰᠢᠪᠡ᠃ ᠲᠥᠯᠥᠭᠡᠯᠡᠭᠴᠢᠳ ᠤᠨ ᠳᠤᠷᠠᠳᠤᠭᠰᠠᠨ | ᠰᠠᠨᠠᠭᠤᠯᠭ᠎ᠠ ᠶᠢ ᠭᠦᠢᠴᠡᠳᠬᠡᠬᠦ ᠨᠥᠬᠦᠴᠡᠯ ᠪᠦᠷᠢᠳᠦᠭᠰᠡᠨ ᠪᠠᠶᠢᠪᠠᠯ ᠢᠳᠡᠪᠬᠢᠲᠡᠢ ᠪᠠᠷ ᠭᠦᠢᠴᠡᠳᠬᠡᠵᠦ᠂ ᠨᠥᠬᠦᠴᠡᠯ ᠤᠨ | ᠬᠢᠵᠠᠭᠠᠷᠯᠠᠯ ᠠᠴᠠ ᠪᠤᠯᠵᠤ ᠲᠦᠷ ᠭᠦᠢᠴᠡᠳᠬᠡᠬᠦ ᠳᠤ ᠪᠡᠷᠬᠡᠲᠡᠢ ᠶᠢ ᠨᠢ ᠲᠥᠯᠥᠪᠯᠡᠭᠡ ᠲᠣᠭᠲᠠᠭᠠᠵᠤ ᠠᠯᠬᠤᠮ ᠠᠯᠬᠤᠮ ᠢᠶᠠᠷ | ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠵᠡᠷᠭᠡ ᠰᠢᠯᠲᠠᠭᠠᠨ ᠠᠴᠠ | ᠭᠦᠢᠴᠡᠳᠬᠡᠵᠦ ᠴᠢᠳᠠᠬᠤ ᠦᠭᠡᠢ ᠪᠠᠶᠢᠪᠠᠯ᠂ ᠲᠥᠯᠥᠭᠡᠯᠡᠭᠴᠢᠳ ᠲᠤ ᠲᠠᠶᠢᠯᠪᠤᠷᠢᠯᠠᠨ ᠲᠣᠳᠣᠷᠬᠠᠶᠢᠯᠠᠯᠲᠠ ᠬᠢᠵᠦ ᠥᠭᠪᠡ᠃ | ᠭᠤᠷᠪᠠ ᠳᠤ᠂ ᠭᠦᠢᠴᠡᠳᠬᠡᠬᠦ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠪᠡ᠃ ᠬᠤᠰᠢᠭᠤ ᠵᠠᠰᠠᠭ ᠤᠨ ᠣᠷᠳᠣᠨ ᠤ | ᠱᠠᠭᠠᠷᠳᠠᠨ ᠪᠠᠶᠢᠴᠠᠭᠠᠬᠤ ᠠᠯᠪᠠᠨ ᠭᠡᠷ ᠨᠢ ᠪᠥᠬᠦ ᠶᠠᠪᠤᠴᠠ ᠳᠤ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠢ ᠮᠦᠷᠳᠡᠨ | ᠬᠢᠨᠠᠵᠦ᠂ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠬᠤ᠂ ᠱᠠᠭᠠᠷᠳᠠᠨ ᠭᠦᠢᠴᠡᠳᠬᠡᠬᠦ ᠪᠢᠴᠢᠭ ᠪᠠᠭᠤᠯᠭᠠᠵᠦ᠂ ᠤᠲᠠᠰᠤ ᠪᠠᠷ | ᠠᠰᠠᠭᠤᠨ ᠯᠠᠪᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠦᠢᠴᠡᠳᠬᠡᠬᠦ ᠶᠠᠪᠤᠴᠠ ᠳᠤ ᠬᠢᠨᠠᠯᠲᠠ | ᠲᠠᠯᠪᠢᠬᠤ ᠪᠠᠨ ᠴᠢᠩᠭᠠᠳᠬᠠᠪᠠ᠃ ᠡᠭᠦᠨ ᠤ ᠬᠠᠮᠲᠤ᠂ ᠰᠠᠨᠠᠭᠤᠯᠭ᠎ᠠ ᠶᠢ ᠭᠦᠢᠴᠡᠳᠬᠡᠬᠦ ᠠᠵᠢᠯ ᠢ ᠵᠠᠰᠠᠭ ᠤᠨ ᠶᠠᠪᠤᠳᠠᠯ ᠤᠨ | ᠱᠠᠭᠠᠷᠳᠠᠨ ᠪᠠᠶᠢᠴᠠᠭᠠᠯᠲᠠ ᠯᠤᠭ᠎ᠠ ᠤᠶᠠᠯᠳᠤᠭᠤᠯᠵᠤ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠵᠢᠴᠢ ᠲᠥᠯᠥᠭᠡᠯᠡᠭᠴᠢᠳ ᠲᠠᠢ | ᠬᠠᠷᠢᠯᠴᠠᠬᠤ ᠶᠢ ᠪᠠᠲᠤᠯᠠᠵᠤ᠂ ᠳᠠᠭᠠᠭᠠᠨ ᠭᠦᠢᠴᠡᠳᠬᠡᠬᠦ ᠨᠢᠭᠡᠴᠡ ᠶᠢ ᠵᠢᠯᠣᠭᠤᠳᠤᠨ ᠱᠠᠭᠠᠷᠳᠠᠵᠦ ᠪᠠᠶᠢᠭᠠᠳ ᠱᠠᠭᠠᠷᠳᠠᠯᠭ᠎ᠠ | ᠶᠣᠰᠣᠭᠠᠷ ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠬᠠᠮᠲᠤ᠂ ᠲᠣᠭᠲᠠᠭᠰᠠᠨ ᠴᠠᠭ ᠬᠤᠭᠤᠴᠠᠭᠠᠨ | ᠳᠣᠲᠣᠷ᠎ᠠ ᠭᠦᠢᠴᠡᠳᠬᠡᠬᠦᠯᠦᠨ ᠬᠠᠷᠢᠭᠤ ᠥᠭᠪᠡ᠃ | ᠬᠤᠶᠠᠷ᠂ ᠭᠤᠤᠯᠳᠠᠯᠭ᠎ᠠ ᠲᠠᠢ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ | ︵ᠨᠢᠭᠡ ︶ ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠳᠤ ᠬᠤᠯᠪᠣᠭᠳᠠᠭᠰᠠᠨ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ | 41 ᠬᠤᠪᠢ ᠪᠤᠢ᠂ ᠡᠭᠦᠨ ᠳᠤ ᠭᠤᠣᠯᠳᠠᠭᠤ᠄ | — ᠲᠥᠯᠥᠭᠡᠯᠡᠭᠴᠢᠳ ᠤᠨ ᠳᠤᠷᠠᠳᠤᠭᠰᠠᠨ ︽ᠡᠪᠡᠰᠦ ᠪᠣᠷᠳᠤᠭ᠎ᠠ ᠨᠥᠭᠡᠴᠡᠯᠡᠬᠦ ᠪᠠ ᠬᠡᠷᠡᠭᠯᠡᠬᠦ ᠲᠠᠯ᠎ᠠ ᠪᠠᠷ ᠬᠢ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠲᠤᠬᠠᠢ ᠰᠠᠨᠠᠭᠤᠯᠭ᠎ᠠ︾ ᠶᠢ ᠭᠦᠢᠴᠡᠳᠬᠡᠭᠰᠡᠨ ᠪᠠᠶᠢᠳᠠᠯ᠄ | ᠬᠤᠰᠢᠭᠤ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠤᠨ ᠲᠠᠯ᠎ᠠ ᠪᠠᠷ᠄ ᠣᠳᠣᠬᠠᠨ ᠳᠤ᠂ ᠬᠤᠰᠢᠭᠤ | ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ 1 ᠪᠤᠢ᠂ ᠡᠭᠦᠨ ᠳᠤ ᠡᠪᠡᠰᠦ ᠨᠥᠭᠡᠴᠡᠯᠡᠬᠦ ᠫᠧᠩ10 | ᠪᠠᠶᠢᠵᠦ᠂ ᠶᠡᠷᠦᠩᠬᠡᠶ ᠲᠠᠯᠠᠪᠠᠶ ᠨᠢ 6000 ᠲᠡᠭᠰᠢ ᠳᠥᠷᠪᠡᠯᠵᠢᠨ ᠮᠧᠲᠷ᠂ ᠵᠢᠯ ᠤᠨ ᠡᠪᠡᠰᠦ ᠪᠣᠷᠳᠤᠭ᠎ᠠ ᠨᠥᠭᠡᠴᠡᠯᠡᠬᠦ | ᠴᠢᠳᠠᠪᠤᠷᠢ ᠨᠢ 3000 ᠲᠣᠨ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠣᠲᠣ ᠶᠢᠨ ᠪᠠᠶᠢᠭ᠎ᠠ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ ᠥᠷᠭᠡᠳᠬᠡᠨ ᠪᠠᠶᠢᠭᠤᠯᠵᠤ᠂ | 1060 ᠲᠦᠮᠡᠨ ᠲᠥᠭᠦᠷᠢᠭ ᠤᠨ ᠪᠠᠯᠠ ᠣᠷᠣᠭᠤᠯᠵᠤ᠂ 2 ᠪᠢᠲᠡᠭᠦᠮᠵᠢᠯᠡᠭᠰᠡᠨ ᠬᠡᠯᠪᠡᠷᠢ ᠶᠢᠨ ᠡᠪᠡᠰᠦ ᠬᠠᠳᠠᠭᠠᠯᠠᠬᠤ | ᠰᠠᠷᠠᠪᠴᠢ ︵ᠰᠠᠷᠠᠪᠴᠢ ᠪᠦᠷᠢ 1000 ᠮᠧᠲᠷ︶ ᠢ ᠰᠢᠨ᠎ᠡ ᠪᠠᠷ ᠪᠠᠶᠢᠭᠤᠯᠵᠤ᠂ 10 ᠪᠢᠲᠡᠭᠦᠮᠵᠢᠯᠡᠭᠰᠡᠨ ᠬᠡᠯᠪᠡᠷᠢ ᠶᠢᠨ | ᠪᠣᠷᠳᠣᠭᠠᠨ ᠬᠥᠮᠥᠷᠭᠡ ︵ ᠬᠦᠮᠦᠷᠭᠡ ᠪᠦᠷᠢ 200 ᠮᠧᠲᠷ︶ ᠶᠢ ᠰᠢᠨ᠎ᠡ ᠪᠠᠷ ᠪᠠᠶᠢᠭᠤᠯᠵᠤ᠂ 10 ᠳᠠᠷᠤᠰᠢᠭᠤᠯᠬᠤ ᠵᠣᠭᠤᠷᠢ | ︵500 ᠲᠣᠨ / ᠵᠣᠭᠤᠷᠢ︶ ᠵᠢᠴᠢ ᠪᠤᠰᠤᠳ ᠬᠠᠮᠢᠶ᠎ᠠ ᠪᠥᠬᠦᠶ ᠭᠠᠯ ᠤᠨᠲᠠᠷᠠᠭᠠᠬᠤ᠂ ᠭᠠᠵᠠᠷ ᠢ ᠬᠠᠲᠠᠭᠤᠷᠠᠭᠤᠯᠬᠤ᠂ | ᠬᠢᠨᠠᠨ ᠡᠵᠡᠮᠳᠡᠬᠦ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠣᠳᠣ | ᠪᠠᠶᠢᠭ᠎ᠠ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢ | ᠪᠠᠷᠠᠭᠤᠨ ᠦᠵᠦᠮᠦᠴᠢᠨ ᠬᠤᠰᠢᠭᠤᠨ ᠤ ᠡᠪᠡᠰᠦ ᠪᠣᠷᠳᠤᠭ᠎ᠠ ᠨᠥᠭᠡᠴᠡᠯᠡᠬᠦ ᠠᠷᠠᠯᠵᠢᠶᠠᠨ ᠤ ᠲᠥᠪ ᠪᠣᠯᠭᠠᠨ ᠥᠭᠡᠷᠡᠴᠢᠯᠡᠨ᠎ᠡ᠃ | ᠵᠢᠱᠢᠯᠲᠡ ᠪᠠᠷ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠲᠡᠵᠢᠭᠡᠯ ᠡᠪᠡᠰᠦ ᠨᠥᠭᠡᠴᠡᠯᠡᠬᠦ ᠴᠢᠳᠠᠪᠤᠷᠢ 1 ᠳᠦᠮᠡᠨ | ᠲᠤᠨ ᠳᠤ ᠬᠦᠷᠦᠨ᠎ᠡ᠃ | ᠰᠤᠮᠤ ᠪᠠᠯᠭᠠᠰᠤᠨ ᠤ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠤᠨ ᠲᠠᠯ᠎ᠠ ᠪᠠᠷ᠂ 750 ᠲᠦᠮᠡᠨ | ᠲᠥᠭᠦᠷᠢᠭ ︵ᠣᠨᠴᠠᠭᠠᠢ ᠤᠯᠤᠰ ᠤᠨ ᠵᠢᠭᠡᠯᠡᠯᠭᠡ︶ ᠤᠨ ᠪᠡᠯᠡ ᠣᠷᠣᠭᠤᠯᠵᠤ᠂ ᠰᠤᠮᠤ ᠪᠠᠯᠭᠠᠰᠤᠨ ᠤ ᠱᠠᠲᠤᠨ ᠤ ᠡᠪᠡᠰᠦ | ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ 6 ᠶᠢ ᠪᠠᠶᠢᠭᠤᠯᠤᠨ᠂ ᠰᠠᠭᠤᠷᠢᠨ ᠭᠠᠵᠠᠷ ᠪᠦᠷᠢ ᠨᠢ 2000 ᠲᠡᠭᠰᠢ | ᠳᠥᠷᠪᠡᠯᠵᠢᠨ ᠮᠧᠲᠷ᠂ 50 ᠲᠡᠭᠰᠢ ᠳᠥᠷᠪᠡᠯᠵᠢᠨ ᠮᠧᠲᠷ ᠤᠨ ᠬᠠᠮᠢᠶᠠᠷᠤᠯᠲᠠ ᠶᠢᠨ ᠭᠡᠷ ᠵᠢᠴᠢ ᠢᠵᠢ ᠪᠦᠷᠢᠳᠦᠭᠰᠡᠨ | ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠨᠥᠭᠡᠴᠡᠯᠡᠬᠦ ᠴᠢᠳᠠᠪᠤᠷᠢ ᠶᠢ 2000 ᠲᠣᠨ / ᠰᠠᠭᠤᠷᠢᠨ ᠭᠠᠵᠠᠷ ᠲᠤ | ᠬᠦᠷᠭᠡᠪᠡ᠃ ᠲᠣᠰ ᠲᠥᠷᠥᠯ ᠵᠦᠶᠯ ᠢ ᠡᠨᠡ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠪᠠᠷᠢᠯᠭ᠎ᠠ ᠳᠠᠭᠤᠰᠴᠤ ᠰᠢᠯᠭᠠᠨ | ᠠᠪᠤᠭᠰᠠᠨ ᠤ ᠬᠠᠮᠲᠤ ᠰᠤᠮᠤ ᠪᠠᠯᠭᠠᠰᠤᠨ ᠤ ᠵᠠᠰᠠᠭ ᠤᠨ ᠣᠷᠳᠣᠨ ᠳᠤ ᠲᠤᠰᠢᠶᠠᠨ ᠬᠡᠷᠡᠭᠯᠡᠭᠦᠯᠪᠡ᠃ | ᠭᠠᠴᠠᠭ᠎ᠠ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠥᠷᠥᠯ ᠵᠦᠶᠯ ᠤᠨ ᠪᠠᠯᠠ ᠮᠥᠩᠭᠦ 5000 ᠲᠦᠮᠡᠨ | ᠲᠥᠭᠦᠷᠢᠭ ᠤᠯᠬᠤ ᠪᠠᠷ ᠲᠥᠯᠥᠪᠯᠡᠵᠦ᠂ 50 ᠭᠠᠴᠠᠭ᠎ᠠ ᠶᠢ ᠰᠤᠩᠭᠤᠵᠦ᠂ ᠵᠢᠯ ᠳᠤ 500 ᠲᠣᠨ ᠡᠪᠡᠰᠦ ᠪᠣᠷᠳᠤᠭ᠎ᠠ | ᠨᠥᠭᠡᠴᠡᠯᠡᠬᠦ ᠬᠥᠮᠥᠷᠭᠡ 50 ᠶᠢ ᠪᠠᠶᠢᠭᠤᠯᠵᠦ᠂ ᠬᠦᠮᠦᠷᠭᠡ ᠪᠦᠷᠢ ᠨᠢ 800 ᠲᠡᠭᠰᠢ ᠳᠥᠷᠪᠡᠯᠵᠢᠨ ᠮᠧᠲᠷ ᠪᠤᠯᠤᠨ᠎ᠠ ᠂ | 30 ᠲᠡᠭᠰᠢ ᠳᠥᠷᠪᠡᠯᠵᠢᠨ ᠮᠧᠲᠷ ᠤᠨ ᠬᠠᠮᠢᠶᠠᠷᠤᠯᠲᠠ ᠶᠢᠨ ᠬᠡᠷ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢ | ᠲᠣᠬᠢᠷᠠᠭᠤᠯᠵᠤ᠂ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠭᠠᠴᠠᠭ᠎ᠠ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ | ᠬᠥᠮᠥᠷᠭᠡ ᠶᠢᠨ ᠵᠢᠯ ᠳᠤ ᠨᠥᠭᠡᠴᠡᠯᠡᠬᠦ ᠴᠢᠳᠠᠪᠤᠷᠢ ᠶᠢ ᠨᠡᠶᠢᠲᠡ 2.5 ᠲᠦᠮᠡᠨ ᠲᠣᠨ ᠳᠤ ᠬᠦᠷᠭᠡᠨ᠎ᠡ᠃ | — ᠲᠥᠯᠥᠭᠡᠯᠡᠭᠴᠢᠳ ᠤᠨ ᠳᠤᠷᠠᠳᠤᠭᠰᠠᠨ ︽ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠲᠤᠬᠠᠶ ᠰᠠᠨᠠᠭᠤᠯᠭ᠎ᠠ︾ ᠶᠢ ᠭᠦᠢᠴᠡᠳᠬᠡᠭᠰᠡᠨ ᠪᠠᠶᠢᠳᠠᠯ᠄ | ᠣᠳᠣᠬᠠᠨ ᠳᠤ᠂ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠬᠦ ᠬᠦᠴᠦᠨ 12.8 ᠲᠦᠮᠡᠨ | ᠺᠢᠯᠣᠸᠠᠲ ᠲᠤ ᠬᠦᠷᠴᠦ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠬᠡᠮᠵᠢᠶ᠎ᠡ 9832 ᠰᠠᠭᠤᠷᠢ ᠳᠤ ᠬᠦᠷᠴᠡᠢ᠃ ︽ | ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ | ᠲᠥᠰᠦᠯ︾ ᠵᠢᠴᠢ ᠮᠠᠨ ᠤ ᠬᠤᠰᠢᠭᠤᠨ ᠤ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠪᠣᠳᠠᠲᠤ ᠪᠠᠶᠢᠳᠠᠯ ᠢ | ᠦᠨᠳᠦᠰᠦᠯᠡᠨ᠂ ᠲᠡᠵᠢᠭᠡᠯ ᠪᠣᠷᠳᠤᠭ᠎ᠠ ᠵᠢᠭᠤᠷᠠᠬᠤ ᠮᠠᠰᠢᠨ᠂ ᠡᠪᠡᠰᠦ ᠳᠡᠭᠡᠭᠡᠬᠦ ᠮᠠᠰᠢᠨ᠂ ᠪᠣᠷᠳᠤᠭ᠎ᠠ ᠰᠠᠴᠤᠬᠤ ᠮᠠᠰᠢᠨ᠂ | ᠲᠡᠵᠢᠭᠡᠯ ᠪᠣᠷᠳᠤᠭ᠎ᠠ ᠬᠤᠯᠢᠬᠤ ᠮᠠᠰᠢᠨ᠂ ᠮᠠᠯ ᠤᠨ ᠵᠢᠶᠠᠰᠠ᠂ ᠮᠠᠯ ᠠᠵᠤ ᠠᠬᠤᠶ ᠶᠢᠨ ᠡᠮ ᠤᠨ ᠤᠬᠢᠶᠠᠯᠭ᠎ᠠ ᠶᠢᠨ ᠮᠠᠰᠢᠨ᠂ | ᠦᠨᠢᠶ᠎ᠡ ᠰᠠᠭᠠᠬᠤ ᠮᠠᠰᠢᠨ᠂ ᠡᠪᠡᠰᠦ ᠪᠣᠭᠤᠵᠢᠯᠠᠬᠤ ᠮᠠᠰᠢᠨ ᠵᠡᠷᠭᠡ ᠮᠠᠰᠢᠨ ᠲᠥᠬᠦᠭᠡᠷᠦᠮᠵᠢ ᠶᠢ ᠨᠥᠬᠦᠪᠥᠷᠢ ᠥᠭᠬᠦ ᠬᠡᠪᠴᠢᠶᠡᠨ | ᠳᠤ ᠣᠷᠣᠭᠤᠯᠪᠠ᠃ ᠵᠢᠯ ᠪᠦᠷᠢ ᠶᠢᠨ ᠪᠠᠭᠤᠯᠭᠠᠭᠰᠠᠨ ᠨᠥᠬᠦᠪᠥᠷᠢ ᠪᠡᠯᠡ ᠮᠥᠩᠭᠦ ᠬᠢᠵᠠᠭᠠᠷ ᠲᠠᠢ ᠠᠴᠠ ᠪᠤᠯᠵᠤ᠂ ᠮᠠᠨ ᠤ | ᠬᠤᠰᠢᠭᠤ ᠨᠢ ︽ᠮᠠᠰᠢᠨ ᠢ ᠴᠢᠯᠥᠭᠡᠲᠡᠢ ᠬᠤᠳᠠᠯᠳᠤᠨ ᠠᠪᠬᠤ᠂ ᠪᠠᠷᠢᠮᠲᠠ ᠪᠠᠨ ᠠᠪᠴᠤ ᠬᠤᠳᠠᠯᠳᠤᠨ ᠠᠪᠬᠤ ᠪᠠ | ᠨᠥᠬᠦᠪᠥᠷᠢ ᠥᠭᠬᠦ᠂ ᠭᠦᠢᠴᠡᠳᠬᠡᠬᠦ ᠶᠢ ᠳᠥᠭᠦᠮᠴᠢᠯᠡᠬᠦ︾ ᠠᠷᠭ᠎ᠠ ᠶᠢ ᠠᠪᠴᠤ᠂ ᠮᠠᠰᠢᠨ ᠬᠤᠳᠠᠯᠳᠤᠨ ᠠᠪᠬᠤ ᠡᠷᠤᠭᠡ ᠶᠢᠨ | ᠭᠤᠶᠤᠴᠢᠯᠠᠭᠰᠠᠨ ᠲᠡᠰ ᠳᠠᠷᠠᠭᠠᠯᠠᠯ ᠢᠶᠠᠷ ᠨᠥᠬᠦᠪᠥᠷᠢ ᠤᠯᠬᠤ ᠭᠤᠶᠤᠴᠢᠯᠠᠯ ᠢ ᠲᠡᠰ ᠳᠠᠷᠠᠭᠠᠯᠠᠨ ᠬᠦᠯᠢᠶᠠᠨ ᠠᠪᠴᠤ | ᠰᠢᠢᠳᠪᠦᠷᠢᠯᠡᠵᠦ᠂ ᠨᠥᠬᠦᠪᠥᠷᠢ ᠶᠢᠨ ᠪᠡᠯᠡ ᠮᠥᠩᠭᠦ ᠶᠢ ᠬᠡᠷᠡᠭᠯᠡᠵᠦ ᠲᠠᠭᠤᠰᠲᠠᠯ᠎ᠠ᠂ ᠨᠥᠬᠦᠪᠥᠷᠢ ᠣᠯᠵᠦ ᠴᠢᠳᠠᠭ᠎ᠠ ᠦᠭᠡᠢ | ᠮᠠᠰᠢᠨ ᠬᠤᠳᠠᠯᠳᠤᠨ ᠠᠪᠤᠭᠰᠠᠨ ᠡᠷᠤᠭᠡ ᠳᠤ ᠲᠠᠷᠠᠭ᠎ᠠ ᠵᠢᠯ ᠤᠨ ᠨᠥᠬᠦᠪᠥᠷᠢ ᠶᠢᠨ ᠪᠡᠯᠡ ᠮᠥᠩᠭᠦ ᠠᠴᠠ ᠤᠷᠢᠳᠠᠪᠠᠷ | ᠲᠤᠬᠢᠷᠠᠭᠤᠯᠤᠨ ᠥᠭᠴᠦ ᠪᠣᠢ᠃ 2021 ᠣᠨ ᠳᠤ ᠮᠠᠨ ᠤ ᠬᠤᠰᠢᠭᠤ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠥᠬᠦᠪᠥᠷᠢ ᠪᠠᠯᠠ ᠮᠥᠩᠭᠦ ᠶᠢ 1165 ᠲᠦᠮᠡᠨ ᠲᠥᠭᠦᠷᠢᠭ ᠳᠣᠭᠢᠷᠠᠭᠤᠯᠵᠤ᠂ ᠣᠳᠣᠬᠠᠨ ᠳᠤ ᠨᠢᠭᠡᠨᠲᠡ 229.02 | ᠲᠦᠮᠡᠨ ᠲᠥᠭᠦᠷᠢᠭ ᠨᠦᠬᠦᠪᠦᠷᠢ ᠥᠭᠴᠦ᠂ 146 ᠡᠷᠦᠬᠡ ᠶᠢᠨ193 ᠰᠠᠭᠤᠷᠢ ᠮᠠᠰᠢᠨ ᠪᠠᠭᠠᠵᠢ ᠳᠤ ᠬᠤᠯᠪᠣᠭᠳᠠᠵᠤ᠂ | ᠴᠥᠮ ᠳᠡᠭᠡᠷ᠎ᠡ ᠵᠢᠯ ᠤᠨ ᠨᠥᠬᠦᠪᠥᠷᠢ ᠭᠥᠷᠳᠡᠭᠰᠡᠨ ᠥᠬᠡᠶ ᠡᠷᠦᠬᠡ ᠪᠣᠯᠤᠨ᠎ᠠ᠃ 2021 ᠣᠨ ᠳᠤ ᠪᠥᠬᠦ ᠣᠷᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠣᠯᠭᠤᠬᠤ ᠠᠵᠢᠯ ᠡᠬᠢᠯᠡᠭᠡ ᠦᠭᠡᠢ ᠪᠠᠶᠢᠵᠤ᠂ ᠠᠵᠢᠯ | ᠡᠬᠢᠯᠡᠭᠰᠡᠨ ᠤ ᠳᠠᠷᠠᠭ᠎ᠠ ᠲᠣᠰ ᠵᠢᠯ ᠤᠨ ᠨᠥᠬᠦᠪᠥᠷᠢ ᠶᠢᠨ ᠭᠤᠶᠤᠴᠢᠯᠠᠯ ᠢ ᠭᠥᠯᠢᠶᠡᠨ ᠠᠪᠴᠤ ᠰᠢᠶᠳᠪᠦᠷᠢᠯᠡᠨ᠎ᠡ᠃ | — ᠲᠥᠯᠥᠭᠡᠯᠡᠭᠴᠢᠳ ᠤᠨ ᠳᠤᠷᠠᠳᠤᠭᠰᠠᠨ ︽ᠦᠵᠦᠮᠦᠴᠢᠨ ᠬᠤᠨᠢᠨ ᠤ ᠮᠥᠷᠳᠡᠨ ᠪᠠᠶᠢᠴᠠᠭᠠᠬᠤ ᠰᠢᠰᠲ᠋ᠧᠮ ᠢ | ᠤᠬᠠᠭᠤᠯᠤᠨ ᠳᠡᠯᠭᠡᠷᠡᠭᠦᠯᠵᠦ ᠬᠡᠷᠡᠭᠯᠡᠬᠦ ᠲᠤᠬᠠᠢ ᠰᠠᠨᠠᠭᠤᠯᠭ᠎ᠠ ︾ ᠶᠢ ᠭᠦᠢᠴᠡᠳᠬᠡᠭᠰᠡᠨ ᠪᠠᠶᠢᠳᠠᠯ᠄ | ᠮᠠᠨ ᠤ ᠬᠤᠰᠢᠭᠤᠨ ᠤ ᠬᠡᠷᠡᠭᠵᠢᠬᠦᠯᠵᠦ ᠪᠠᠶᠢᠭ᠎ᠠ ᠣᠶᠤᠨᠴᠢ ᠮᠠᠯ ᠠᠵᠤ ᠠᠬᠤᠶ ᠶᠢᠨ ᠲᠥᠷᠥᠯ ᠵᠦᠶᠯ ᠳᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠮᠦᠷᠳᠡᠬᠦ ᠰᠢᠰᠲ᠋ᠧᠮ ᠪᠠᠭᠲᠠᠵᠤ᠂ ᠣᠶᠤᠨᠴᠢ ᠮᠦᠷᠳᠡᠬᠦ ᠰᠢᠰᠲ᠋ᠧᠮ ᠨᠢ ᠮᠠᠯ ᠤᠨ | ᠠᠰᠢᠭ ᠰᠢᠮ᠎ᠡ ᠶᠢ ᠮᠠᠯᠴᠢᠳ ᠤᠨ ᠭᠠᠷ ᠠᠴᠠ ᠬᠡᠷᠡᠭᠯᠡᠭᠴᠢᠳ ᠤᠨ ᠭᠠᠷ ᠲᠤ ᠬᠦᠷᠲᠡᠯ᠎ᠡ ᠪᠥᠬᠦ ᠶᠠᠪᠤᠴᠠ ᠶᠢ ᠮᠥᠷᠳᠡᠵᠦ | ᠴᠢᠳᠠᠬᠤ ᠪᠣᠯᠭᠠᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠠ ᠨᠠᠷᠠᠲᠤ ᠲᠡᠮᠳᠡᠭ ᠤᠨ ᠦᠶᠯᠡᠳᠦᠯ ᠤᠨ ᠳᠡᠭᠡᠭᠰᠢᠯᠡᠯᠲᠡ | ᠶᠢ ᠪᠠᠲᠤᠯᠠᠵᠤ ᠴᠢᠳᠠᠪᠠ᠃ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠨᠢ ᠶᠠᠭ ᠤᠶᠤᠨᠲᠤ ᠮᠠᠯ ᠠᠵᠤ ᠠᠬᠤᠶ ᠶᠢ ᠢᠳᠡᠪᠬᠢᠲᠡᠶ ᠳᠥᠯᠭᠢᠨ ᠠᠬᠢᠭᠤᠯᠵᠤ ᠪᠣᠶ᠂ ᠣᠲᠣ ᠪᠣᠯᠲᠠᠯ᠎ᠠ᠂ 31 | ᠭᠠᠴᠠᠭᠠᠨ ᠤ 80 ᠮᠠᠯᠵᠢᠬᠤ ᠡᠷᠦᠬᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠶᠢᠨ ᠠᠵᠢᠯ ᠦᠷᠨᠢᠬᠦᠯᠦᠭᠰᠡᠨ ᠠᠴᠠ | 40 ᠮᠠᠯᠵᠢᠬᠤ ᠡᠷᠦᠬᠡ ᠤᠶᠤᠨᠴᠢ ᠲᠥᠬᠦᠭᠡᠷᠦᠮᠵᠢ ᠤᠭᠰᠠᠷᠠᠬᠤ ᠬᠦᠰᠡᠯ ᠲᠠᠢ ᠪᠠᠶᠢᠵᠤ᠂ ᠡᠭᠦᠨ ᠤ ᠳᠤᠳᠤᠷᠠᠬᠢ 26 | ᠮᠠᠯᠵᠢᠬᠤ ᠡᠷᠦᠬᠡ ᠨᠢᠭᠡᠨᠲᠡ ᠥᠪᠡᠷᠲᠡᠭᠡᠨ ᠬᠠᠷᠢᠭᠤᠴᠠᠬᠤ ᠭᠡᠰᠡᠭ ᠤᠨ ᠵᠣᠭᠤᠰ ᠢᠶᠠᠨ ᠲᠤᠰᠢᠶᠠᠵᠠᠶ᠂ ᠣᠳᠣᠬᠠᠨ ᠳᠤ ᠨᠢᠭᠡᠨᠲᠡ | ᠥᠪᠡᠷ ᠢᠶᠠᠨ ᠬᠠᠷᠢᠭᠤᠴᠠᠬᠤ ᠵᠣᠭᠤᠰ ᠢᠶᠠᠨ ᠲᠤᠰᠢᠶᠠᠭᠰᠠᠨ ᠮᠠᠯᠵᠢᠬᠤ ᠡᠷᠦᠬᠡ ᠳᠤ ᠨᠤᠲᠤᠭ ᠪᠡᠯᠴᠢᠭᠡᠷ ᠤᠨ ᠬᠢᠨᠠᠨ ᠡᠵᠡᠮᠳᠡᠬᠦ | ᠰᠢᠰᠲ᠋ᠧᠮ᠂ ᠦᠬᠡᠷ ᠤᠨ ᠵᠢᠶᠠᠰᠠ᠂ ᠠᠦ᠋ᠲ᠋ᠣ᠋ ᠤᠤᠭᠤᠬᠤ ᠤᠰᠤᠨ ᠤ ᠰᠢᠰᠲ᠋ᠧᠮ᠂ ᠦᠬᠡᠷ ︵ᠬᠤᠨᠢ︶ ᠤᠨ ᠪᠠᠶᠢᠷᠢ | ᠲᠣᠭᠲᠠᠭᠠᠬᠤ ᠰᠢᠰᠲ᠋ᠧᠮ᠂ ᠫᠧᠩ ᠰᠠᠷᠠᠪᠴᠢ ᠶᠢ ᠬᠢᠨᠠᠨ ᠡᠵᠡᠮᠳᠡᠬᠦ᠂ ᠠᠦ᠋ᠲ᠋ᠣ᠋ ᠡᠭᠦᠳᠡ ᠵᠡᠷᠭᠡ ᠲᠥᠬᠦᠭᠡᠷᠦᠮᠵᠢ ᠶᠢ ᠤᠭᠰᠠᠷᠠᠪᠠ | ᠃ ᠤᠶᠤᠨᠴᠢ ᠮᠠᠯ ᠠᠵᠤ ᠠᠬᠤᠶ ᠶᠢᠨ ᠵᠥᠭᠡᠯᠡᠨ ᠲᠣᠨᠤᠭ ᠤᠨ ᠲᠠᠪᠴᠠᠩ ᠢ ᠪᠦᠬᠦᠯᠢ ᠴᠣᠭᠴᠠ ᠪᠠᠷ ᠨᠢ ᠲᠡᠭᠦᠯᠳᠡᠷᠵᠢᠭᠦᠯᠬᠦ | ᠶᠢᠨ ᠬᠠᠮᠲᠤ ᠲᠠᠪᠴᠠᠩ ᠤᠨ ᠠᠭᠤᠯᠭ᠎ᠠ ᠶᠢ ᠰᠠᠶᠢᠵᠢᠷᠠᠭᠤᠯᠵᠤ᠂ ᠤᠶᠤᠨᠴᠢᠯᠠᠭᠰᠨ ᠮᠠᠯ ᠠᠵᠤ ᠠᠬᠤᠶ ᠶᠢᠨ ᠲᠠᠪᠴᠠᠩ ᠤᠨ | ᠲᠤᠷᠰᠢᠨ ᠠᠵᠢᠯᠯᠠᠭᠤᠯᠬᠤ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠡᠯᠡᠳᠬᠡᠵᠦ ᠪᠠᠶᠢᠨ᠎ᠠ | ᠃ | ︵ᠬᠤᠶᠠᠷ︶ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠤᠷᠴᠢᠨ ᠳᠤᠭᠤᠷᠢᠨ ᠤ ᠬᠠᠮᠠᠭᠠᠯᠠᠯᠳᠠ ᠪᠠ ᠠᠶᠤᠯᠬᠦᠢ | ᠦᠢᠯᠡᠳᠪᠦᠷᠢᠯᠡᠯ ᠳᠤ ᠬᠤᠯᠪᠤᠭᠳᠠᠭᠰᠠᠨ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ 16 | ᠬᠤᠪᠢ ᠪᠤᠢ᠂ ᠡᠭᠦᠨ ᠳᠤ ᠭᠤᠣᠯᠳᠠᠭᠤ᠄ | — ᠲᠥᠯᠥᠭᠡᠯᠡᠭᠴᠢᠳ ᠤᠨ ᠳᠤᠷᠠᠳᠤᠭᠰᠠᠨ ︽ᠪᠠᠯᠭᠠᠷᠭᠤᠤᠯ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ | ᠭᠠᠵᠠᠷ ᠳᠣᠤᠷᠠᠬᠢ ᠬᠤᠭᠤᠯᠠᠶ ᠭᠤᠤᠷᠰᠤ ᠶᠢ ᠰᠡᠯᠪᠢᠨ ᠵᠠᠰᠠᠬᠤ ᠲᠤᠬᠠᠶ ᠰᠠᠨᠠᠭᠤᠯᠭ᠎ᠠ ︾ ᠶᠢ ᠭᠦᠢᠴᠡᠳᠬᠡᠭᠰᠡᠨ ᠪᠠᠶᠢᠳᠠᠯ᠄ | ︽ᠪᠠᠷᠠᠭᠤᠨ ᠦᠵᠦᠮᠦᠴᠢᠨ ᠬᠤᠰᠢᠭᠤᠨ ᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ︾ ︵ᠪᠠᠷᠠᠭᠤᠨ ᠣᠷᠣᠨ ᠰᠠᠭᠤᠴᠠ | ᠪᠥᠲᠥᠭᠡᠨ ᠪᠠᠶᠢᠭᠤᠯᠤᠯᠲᠠ ᠶᠢᠨ ᠲᠠᠷᠬᠠᠭᠠᠭᠰᠠᠨ ﹇2020﹈ 216 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ︽ᠠᠷᠪᠠᠨ ᠳᠦᠷᠪᠡᠳᠦᠭᠡᠷ ᠲᠠᠪᠤᠨ ᠵᠢᠯ ︾ ᠤᠨ ᠳᠦᠯᠦᠪᠵᠢᠬᠦᠯᠭᠡ ᠶᠢᠨ ᠬᠤᠭᠤᠴᠠᠭᠠᠨ ᠳᠤ | ᠪᠠᠯᠭᠠᠷᠭᠤᠤᠯ ᠪᠠᠯᠭᠠᠰᠤᠨ ᠤ ᠬᠠᠷᠢᠶ᠎ᠠ ᠲᠣᠭᠤᠷᠢᠭ ᠲᠠᠬᠢ 40 ᠬᠠᠭᠤᠴᠢᠨ ᠰᠠᠭᠤᠭᠠᠯᠢ ᠲᠣᠭᠤᠷᠢᠭ ᠤᠨ ᠤᠰᠤ ᠬᠠᠩᠭᠠᠬᠤ | ᠤᠰᠤ ᠵᠠᠯᠠᠬᠤ᠂ ᠳᠤᠯᠠᠭᠠᠯᠠᠭ᠎ᠠ ᠬᠠᠩᠭᠠᠬᠤ᠂ ᠵᠠᠮ ᠬᠠᠲᠠᠭᠤᠷᠠᠭᠤᠯᠬᠤ᠂ ᠨᠣᠭᠤᠭᠠᠷᠠᠭᠤᠯᠬᠤ᠂ ᠭᠡᠷᠡᠯᠲᠦᠭᠦᠯᠬᠦ᠂ ᠤᠳᠠᠰᠤ | ᠴᠠᠬᠢᠯᠭᠠᠨ᠂ ᠬᠦᠷᠢᠶ᠎ᠡ᠂ ᠬᠢᠨᠠᠨ ᠡᠵᠡᠮᠳᠡᠬᠦ᠂ ᠠᠳᠠᠯ ᠠᠬᠤᠶ ᠳᠤ ᠬᠡᠷᠡᠭᠯᠡᠬᠦ ᠬᠡᠷ ᠪᠠᠶᠢᠰᠢᠩ ᠵᠡᠷᠭᠡ ᠶᠢ ᠥᠭᠡᠷᠡᠴᠢᠯᠡᠨ | ᠰᠢᠨᠡᠳᠬᠡᠬᠦ ᠪᠠᠷ ᠪᠠᠶᠢᠨ᠎ᠠ᠃ 2021 ᠣᠨ ᠳᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ | ᠢᠨᠵᠧᠨᠧᠷᠢᠩ ᠨᠢ ᠨᠡᠶᠢᠲᠡ 15 ᠰᠠᠭᠤᠭᠠᠯᠢ ᠲᠣᠭᠤᠷᠢᠭ ᠲᠤ ᠬᠤᠯᠪᠣᠭᠳᠠᠵᠤ᠂ ᠣᠲᠣ ᠪᠣᠯᠲᠠᠯ᠎ᠠ᠂ ᠡᠯ᠎ᠡ ᠰᠠᠭᠤᠭᠠᠯᠢ | ᠲᠣᠭᠤᠷᠢᠭ ᠤᠨ ᠭᠠᠵᠠᠷ ᠳᠣᠤᠷᠠᠬᠢ ᠬᠤᠭᠤᠯᠠᠶ ᠶᠢᠨ ᠲᠣᠤᠷ ᠢ ᠴᠥᠮ ᠥᠭᠡᠷᠡᠴᠢᠯᠡᠨ ᠵᠠᠰᠠᠵᠦ᠂ ᠨᠡᠶᠢᠲᠡ 3649 ᠮᠧᠲᠷ | ᠤᠰᠤ ᠬᠠᠩᠭᠠᠬᠤ ᠬᠤᠭᠤᠯᠠᠶ ᠶᠢᠨ ᠲᠣᠤᠷ᠂ 3892 ᠮᠧᠲᠷ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ︵ | ᠢᠯᠭᠠᠳᠠᠰᠤᠨ ᠲᠠᠲᠠᠭᠠᠯ 13 ᠰᠠᠭᠤᠷᠢ︶᠂ 4164 ᠮᠧᠲᠷ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ ᠤᠨ | ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠵᠦ᠂ 4118 ᠮᠧᠲᠷ ᠴᠠᠬᠢᠯᠭᠠᠨ ᠤ ᠤᠲᠠᠰᠤ᠂ 3938 ᠮᠧᠲᠷ ᠴᠢᠩᠭ᠎ᠠ | ᠴᠠᠬᠢᠯᠭᠠᠨ ᠤ ᠬᠤᠭᠤᠯᠠᠶ ᠶᠢᠨ ᠲᠣᠤᠷ ᠢ ᠤᠷᠢᠳᠴᠢᠯᠠᠨ ᠦᠯᠡᠳᠡᠭᠡᠵᠦ᠂ ᠬᠠᠭᠤᠴᠢᠨ ᠰᠠᠭᠤᠭᠠᠯᠢ ᠳᠤᠭᠤᠷᠢᠭ ᠤᠨ ᠰᠠᠭᠤᠷᠢ | ᠳᠦᠬᠦᠭᠡᠷᠦᠮᠵᠢ ᠶᠢ ᠰᠠᠶᠢᠵᠢᠷᠠᠭᠤᠯᠪᠠ᠃ | — ᠲᠥᠯᠥᠭᠡᠯᠡᠭᠴᠢᠳ ᠤᠨ ᠳᠤᠷᠠᠳᠤᠭᠰᠠᠨ ︽ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠬᠦ ᠲᠤᠬᠠᠶ ᠰᠠᠨᠠᠭᠤᠯᠭ᠎ᠠ ︾ ᠶᠢ ᠭᠦᠢᠴᠡᠳᠬᠡᠭᠰᠡᠨ ᠪᠠᠶᠢᠳᠠᠯ᠄ | ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠵᠥᠭᠡᠭᠡᠪᠦᠷᠢᠯᠡᠬᠦ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ | ᠰᠠᠭᠤᠷᠢ ᠲᠥᠬᠦᠭᠡᠷᠦᠮᠵᠢ ᠶᠢ ᠴᠢᠩᠭᠠᠳᠬᠠᠬᠤ ᠶᠢᠨ ᠲᠥᠯᠥᠭᠡ᠂ 2020 ᠣᠨ ᠳᠤ ᠮᠠᠨ ᠤ ᠬᠤᠰᠢᠭᠤ ᠨᠢ ᠬᠤᠭᠤᠯᠠᠳᠤ ᠶᠢᠨ | ᠭᠤᠣᠯ ᠪᠠᠯᠭᠠᠰᠤ᠂ ᠵᠢᠷ ᠤᠨ ᠭᠤᠣᠯ ᠪᠠᠯᠭᠠᠰᠤ᠂ ᠭᠤᠷᠣᠬᠠᠨ ᠪᠠᠯᠭᠠᠰᠤ᠂ ᠪᠠᠶᠠᠨᠬᠤᠰᠢᠭᠤ ᠰᠤᠮᠤ᠂ ᠤᠯᠠᠭᠠᠨ ᠬᠠᠭᠠᠯᠭ᠎ᠠ | ᠰᠤᠮᠤ ᠵᠡᠷᠭᠡ 5 ᠰᠤᠮᠤ ᠪᠠᠯᠭᠠᠰᠤᠨ ᠳᠤ ᠲᠣᠰ ᠲᠣᠰ 1 ᠬᠤᠭ ᠨᠣᠪᠰᠢ ᠶᠢ ᠰᠢᠯᠵᠢᠭᠦᠯᠦᠨ ᠵᠥᠭᠡᠭᠡᠪᠦᠷᠢᠯᠡᠬᠦ ᠥᠷᠲᠡᠭᠡ | ᠪᠠᠶᠢᠭᠤᠯᠵᠤ᠂ ᠬᠤᠷᠢᠶᠠᠨ ᠴᠤᠭᠯᠠᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠪᠠᠯᠭᠠᠷᠭᠤᠤᠯ ᠪᠠᠯᠭᠠᠰᠤ ᠪᠣᠯᠤᠨ | ᠪᠠᠶᠠᠨᠬᠤᠸᠠ ᠪᠠᠯᠭᠠᠰᠤᠨ ᠤ ᠬᠤᠭ ᠨᠣᠪᠰᠢ ᠶᠢ ᠰᠢᠶᠳᠪᠦᠷᠢᠯᠡᠬᠦ ᠲᠠᠯᠠᠪᠠᠶ ᠳᠤ ᠰᠢᠯᠵᠢᠭᠦᠯᠦᠨ ᠬᠦᠷᠭᠡᠵᠦ ᠬᠤᠤᠷ | ᠥᠬᠡᠶᠢᠳᠡᠭᠦᠯᠦᠨ ᠰᠢᠶᠳᠪᠦᠷᠢᠯᠡᠬᠦ ᠪᠠᠷ ᠪᠤᠯᠵᠠᠢ᠃ ᠲᠣᠰ ᠲᠥᠷᠥᠯ ᠵᠦᠶᠯ ᠢ 2020 ᠣᠨ ᠤ 11 ᠰᠠᠷ᠎ᠠ ᠳᠤ ᠡᠬᠢᠯᠡᠭᠦᠯᠵᠦ᠂ | 2021 ᠣᠨ ᠤ 9 ᠰᠠᠷ᠎ᠠ ᠶᠢᠨ 15 ᠤ ᠡᠳᠦᠷ ᠳᠠᠭᠤᠰᠬᠠᠪᠠ᠃ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ | ᠨᠢ 405.97 ᠲᠦᠮᠡᠨ ᠲᠥᠭᠦᠷᠢᠭ ᠪᠣᠯᠤᠨ᠎ᠠ᠃ ᠣᠳᠣᠬᠠᠨ ᠳᠤ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ 5 | ᠥᠷᠲᠡᠭᠡ ᠴᠥᠮ ᠪᠠᠷᠢᠯᠭ᠎ᠠ ᠳᠠᠭᠤᠰᠴᠤ ᠰᠢᠯᠭᠠᠨ ᠠᠪᠴᠤ᠂ ᠡᠯ᠎ᠡ ᠰᠤᠮᠤ ᠪᠠᠯᠭᠠᠰᠤᠨ ᠳᠤ ᠲᠤᠰᠢᠶᠠᠨ ᠬᠡᠷᠡᠭᠯᠡᠭᠦᠯᠪᠡ᠃ ᠡᠭᠦᠨ | ᠤ ᠬᠠᠮᠲᠤ᠂ ᠳᠡᠭᠡᠳᠦ ᠱᠠᠲᠤᠨ ᠤ ᠲᠤᠰᠬᠠᠢ ᠲᠥᠷᠥᠯ ᠤᠨ ᠨᠥᠬᠦᠪᠥᠷᠢ ᠮᠥᠩᠭᠦ ᠶᠢ ᠠᠰᠢᠭᠯᠠ᠂ 5 ᠰᠤᠮᠤ ᠪᠠᠯᠭᠠᠰᠤᠨ ᠳᠤ | 5 ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠵᠢᠴᠢ 400 ᠬᠤᠭ ᠨᠣᠪᠰᠢ ᠶᠢᠨ ᠰᠠᠭᠤᠯᠭ᠎ᠠ ᠶᠢ ᠬᠤᠳᠠᠯᠳᠤᠨ ᠠᠪᠴᠤ | ᠥᠭᠴᠦ᠂ ᠲᠥᠬᠦᠭᠡᠷᠦᠮᠵᠢ ᠶᠢ ᠨᠢᠭᠡᠨᠲᠡ ᠡᠯ᠎ᠡ ᠰᠤᠮᠤ ᠪᠠᠯᠭᠠᠰᠤᠨ ᠳᠤ ᠲᠠᠷᠬᠠᠭᠠᠪᠠ᠃ | — ᠲᠥᠯᠥᠭᠡᠯᠡᠭᠴᠢᠳ ᠤᠨ ᠳᠤᠷᠠᠳᠤᠭᠰᠠᠨ ︽ᠨᠤᠨᠲᠠᠭ ᠨᠡᠭᠦᠷᠡᠰᠦᠨ ᠤ ᠦᠨᠡᠰᠦ ᠶᠢ ᠡᠭᠡᠭᠦᠯᠦᠨ ᠪᠥᠭᠯᠡᠬᠦ ᠶᠢ | ᠰᠢᠶᠳᠪᠦᠷᠢᠯᠡᠬᠦ ᠵᠢᠷᠤᠮᠵᠢᠭᠰᠠᠨ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠶᠡᠷᠦᠩᠬᠡᠶᠢᠯᠡᠨ ᠠᠰᠢᠭᠯᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ︾ ᠶᠢ ᠭᠦᠢᠴᠡᠳᠬᠡᠭᠰᠡᠨ ᠪᠠᠶᠢᠳᠠᠯ᠄ | ᠮᠠᠨ ᠤ ᠬᠤᠰᠢᠭᠤᠨ ᠤ 2020 ᠣᠨ ᠤ ᠨᠡᠭᠦᠷᠡᠰᠦᠨ ᠤ ᠦᠨᠡᠰᠦ ᠶᠢᠨ ᠭᠠᠷᠤᠯᠲᠠ 312 ᠲᠦᠮᠡᠨ ᠲᠣᠨ ᠪᠠᠶᠢᠵᠦ᠂ | ᠡᠭᠦᠨ ᠳᠤ 85.5 % ᠪᠠᠷ ᠨᠢ ᠠᠭᠤᠷᠬᠠᠶ ᠶᠢᠨ ᠮᠠᠯᠳᠠᠭᠰᠠᠨ ᠨᠦᠭᠡ ᠶᠢ ᠪᠦᠭᠯᠡᠬᠦ ᠳᠤ ᠬᠡᠷᠡᠭᠯᠡᠵᠦ᠂ 15.5% ᠶᠢ ᠨᠢ | ᠪᠤᠷᠤᠯᠠᠭᠤᠯᠵᠦ ᠪᠠᠷᠢᠯᠭ᠎ᠠ ᠶᠢᠨ ᠮᠠᠲ᠋ᠧᠷᠢᠶᠠᠯ ᠬᠢᠬᠦ ᠳᠤ ᠬᠡᠷᠡᠭᠯᠡᠪᠡ᠃ 2021 ᠣᠨ ᠳᠤ ᠵᠢᠱᠢᠯᠲᠡ ᠪᠠᠷ ᠨᠤᠨᠲᠠᠭ | ᠨᠡᠭᠦᠷᠡᠰᠦᠨ ᠤ ᠦᠨᠡᠰᠦ ᠶᠢᠨ ᠭᠠᠷᠤᠯᠲᠠ 300 ᠲᠦᠮᠡᠨ ᠲᠣᠨ ᠳᠤ ᠬᠦᠷᠦᠨ᠎ᠡ᠃ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠠᠯ᠎ᠠ ᠪᠠᠷ᠂ ᠬᠤᠰᠢᠭᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠬᠠᠷᠢᠶᠠᠲᠤ ᠣᠷᠣᠨ ᠤ ᠨᠤᠨᠲᠠᠭ ᠨᠡᠭᠦᠷᠡᠰᠦᠨ ᠤ ᠦᠨᠡᠰᠦ ᠶᠢᠨ ᠦᠶᠯᠡᠳᠪᠦᠷᠢᠯᠡᠯ᠂ ᠲᠡᠭᠡᠭᠡᠪᠦᠷᠢ᠂ ᠬᠠᠳᠠᠭᠠᠯᠠᠯᠲᠠ | ᠶᠢᠨ ᠭᠤᠭᠴᠣᠭᠠᠨ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠥᠷᠨᠢᠭᠦᠯᠵᠦ᠂ ᠨᠤᠨᠲᠠᠭ ᠨᠡᠭᠦᠷᠡᠰᠦᠨ ᠤ | ᠦᠨᠡᠰᠦ ᠶᠢ ᠦᠶᠯᠡᠳᠪᠦᠷᠢ ᠠᠴᠠ ᠭᠠᠷᠭᠠᠬᠤ ᠦᠶ᠎ᠡ ᠳᠤ ᠡᠷᠬᠡᠪᠰᠢ ᠤᠰᠤ ᠬᠤᠯᠢᠬᠤ ᠠᠷᠭ᠎ᠠ ᠬᠡᠮᠵᠢᠶ᠎ᠡ ᠠᠪᠴᠤ᠂ ᠴᠢᠭᠢᠭ ᠤᠨ | ᠬᠡᠮᠵᠢᠶ᠎ᠡ ᠶᠢᠨ ᠬᠠᠷᠢᠴᠠᠯ ᠨᠢ ᠡᠷᠬᠡᠪᠰᠢ 20 - 30 % ᠳᠤ ᠬᠦᠷᠴᠦ᠂ ᠲᠡᠭᠡᠭᠡᠪᠦᠷᠢ ᠶᠢᠨ ᠶᠠᠪᠤᠴᠠ ᠳᠤ ᠲᠡᠷᠭᠡ ᠬᠥᠰᠬᠡ | ᠡᠷᠬᠡᠪᠰᠢ ᠪᠦᠲᠡᠭᠡᠯᠭᠡ ᠪᠠᠷ ᠪᠦᠲᠡᠭᠡᠵᠦ᠂ ᠨᠤᠨᠲᠠᠭ ᠨᠡᠭᠦᠷᠡᠰᠦᠨ ᠤ ᠦᠨᠡᠰᠦ ᠶᠢ ᠴᠠᠭ ᠲᠤᠬᠠᠶ ᠳᠤᠨᠢ ᠴᠡᠪᠡᠷᠯᠡᠬᠦ ᠬᠡᠷᠡᠭᠲᠡᠶ᠃ | ᠨᠤᠨᠲᠠᠭ ᠨᠡᠭᠦᠷᠡᠰᠦᠨ ᠤ ᠦᠨᠡᠰᠦ ᠶᠢ ᠴᠢᠳᠬᠤᠬᠤ ᠲᠠᠯᠠᠪᠠᠶ ᠨᠢ ᠡᠷᠬᠡᠪᠰᠢ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ | ᠶᠣᠰᠣᠭᠠᠷ ᠨᠡᠪᠴᠢᠬᠦ ᠶᠢ ᠰᠡᠷᠭᠡᠶᠢᠯᠡᠨ ᠰᠢᠶᠳᠪᠦᠷᠢᠯᠡᠵᠦ᠂ ᠭᠠᠵᠠᠷ ᠳᠣᠤᠷᠠᠬᠢ ᠤᠰᠤᠨ ᠤ ᠪᠣᠬᠢᠷᠲᠤᠯ ᠤᠨ ᠠᠰᠠᠭᠤᠳᠠᠯ ᠡᠭᠦᠰᠬᠦ | ᠶᠢ ᠰᠡᠷᠭᠡᠶᠢᠯᠡᠬᠦ ᠶᠢᠨ ᠬᠠᠮᠲᠤ ᠴᠠᠭ ᠲᠤᠬᠠᠶ ᠳᠤᠨᠢ ᠤᠰᠤ ᠰᠦᠷᠴᠢᠬᠦ᠂ ᠰᠢᠷᠣᠶ ᠪᠠᠷ ᠳᠠᠷᠤᠬᠤ ᠵᠡᠷᠭᠡ ᠠᠷᠭ᠎ᠠ ᠬᠡᠮᠵᠢᠶ᠎ᠡ ᠶᠢ | ᠠᠪᠴᠤ ᠪᠠᠶᠢᠭᠠᠳ ᠨᠤᠨᠲᠠᠭ ᠲᠣᠭᠤᠰᠣ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠬᠤ ᠬᠡᠷᠡᠭᠲᠡᠶ ᠭᠡᠵᠦ | ᠱᠠᠭᠠᠷᠳᠠᠪᠠ᠃ ᠶᠡᠷᠦᠩᠬᠡᠶᠢᠯᠡᠨ ᠠᠰᠢᠭᠯᠠᠬᠤ ᠲᠠᠯ᠎ᠠ ᠪᠠᠷ᠂ ᠮᠠᠨ ᠤ ᠬᠤᠰᠢᠭᠤ ᠱᠧᠨᠵᠧᠨ ᠤ ᠰᠢᠶᠠᠩ ᠲᠧᠩ ᠠᠵᠤ ᠦᠶᠯᠡᠰ | ᠤᠨ ᠬᠢᠵᠠᠭᠠᠷᠲᠤ ᠺᠣᠮᠫᠠᠨᠢ ᠪᠣᠯᠤᠨ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠥᠪᠡᠷ ᠢ ᠪᠠᠨ ᠬᠠᠩᠭᠠᠬᠤ ᠴᠠᠬᠢᠯᠭᠠᠨ ᠤ ᠦᠶᠯᠡᠳᠪᠦᠷᠢ ᠯᠤᠭ᠎ᠠ ᠶᠢᠨ ᠬᠠᠮᠳᠤᠷᠠᠯᠴᠠᠭ᠎ᠠ ᠶᠢ ᠢᠳᠡᠪᠬᠢᠳᠡᠢ ᠠᠬᠢᠭᠤᠯᠪᠠ᠃ | ᠤᠳᠤᠬᠠᠨ ᠳᠤ ᠱᠧᠨᠵᠧᠨ ᠤ ᠰᠢᠶᠠᠩ ᠲᠧᠩ ᠠᠵᠤ ᠦᠶᠯᠡᠰ ᠤᠨ ᠬᠢᠵᠠᠭᠠᠷᠲᠤ ᠺᠣᠮᠫᠠᠨᠢ ᠨᠢ ᠶᠠᠭ ᠺᠣᠮᠫᠠᠨᠢ ᠪᠠᠨ | ᠳᠠᠩᠰᠠᠯᠠᠭᠤᠯᠬᠤ ᠵᠡᠷᠭᠡ ᠬᠠᠮᠢᠶ᠎ᠠ ᠪᠥᠬᠦᠶ ᠭᠠᠷᠳᠠᠮ ᠢ ᠭᠦᠶᠴᠡᠳᠬᠡᠵᠦ ᠪᠣᠶ᠂ ᠲᠣᠰ ᠠᠵᠤ ᠠᠬᠤᠶᠢᠯᠠᠯ ᠣᠷᠣᠵᠤ | ᠰᠠᠭᠤᠷᠢᠰᠢᠭᠰᠠᠨ ᠤ ᠳᠠᠷᠠᠭ᠎ᠠ ᠪᠠᠶᠠᠨᠬᠤᠸᠠ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠤᠨᠲᠠᠭ ᠨᠡᠭᠦᠷᠡᠰᠦᠨ ᠤ | ᠦᠨᠡᠰᠦ ᠶᠢ ᠪᠠᠷᠤᠭ ᠵᠢᠯ ᠳᠤ 120 ᠲᠦᠮᠡᠨ ᠲᠣᠨ ᠰᠢᠶᠳᠪᠦᠷᠢᠯᠡᠬᠦ ᠪᠣᠯᠤᠨ᠎ᠠ᠃ | ︵ᠭᠤᠷᠪᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠳᠤ ᠬᠤᠯᠪᠣᠭᠳᠠᠭᠰᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ 25 ᠬᠤᠪᠢ ᠪᠤᠢ᠂ | ᠡᠭᠦᠨ ᠳᠤ ᠭᠤᠣᠯᠳᠠᠭᠤ᠄ | — ᠲᠥᠯᠥᠭᠡᠯᠡᠭᠴᠢᠳ ᠤᠨ ᠳᠤᠷᠠᠳᠤᠭᠰᠠᠨ ︽ᠳᠡᠭᠡᠷ᠎ᠡ ᠬᠤᠭᠤᠴᠠᠭᠠᠨ ᠤ ᠲᠤᠰᠢᠶᠠᠯ ᠠᠴᠠ ᠪᠠᠨ ᠪᠠᠭᠤᠭᠰᠠᠨ ᠭᠠᠴᠠᠭᠠᠨ | ᠤ ᠺᠠᠳ᠋ᠷ ᠤᠨ ᠬᠡᠪ ᠤᠨ ᠠᠮᠢᠳᠤᠷᠠᠯ ᠤᠨ ᠨᠥᠬᠦᠪᠥᠷᠢ ᠶᠢ ᠰᠢᠶᠳᠪᠦᠷᠢᠯᠡᠬᠦ ᠲᠤᠬᠠᠶ ᠰᠠᠨᠠᠭᠤᠯᠭ᠎ᠠ︾ ᠶᠢ ᠭᠦᠢᠴᠡᠳᠬᠡᠭᠰᠡᠨ | ᠪᠠᠶᠢᠳᠠᠯ᠄ | ᠪᠠᠷᠠᠭᠤᠨ ᠦᠵᠦᠮᠦᠴᠢᠨ ᠬᠤᠰᠢᠭᠤᠨ ᠤ ︽ᠠᠵᠢᠯ ᠤᠨ ᠪᠠᠶᠢᠷᠢ ᠠᠴᠠ ᠪᠠᠨ ᠬᠡᠪ ᠤᠨ ᠶᠤᠰᠤᠭᠠᠷ ᠪᠠᠭᠤᠭᠰᠠᠨ ᠭᠠᠴᠠᠭᠠᠨ ᠤ | ᠱᠦᠵᠢ᠂ ᠭᠠᠴᠠᠭᠠᠨ ᠳᠠᠷᠤᠭ᠎ᠠ ᠳᠤ ︵ᠰᠠᠭᠤᠭᠠᠯᠢ ᠠᠷᠠᠳ ᠤᠨ ᠵᠥᠪᠯᠡᠯ ᠤᠨ ᠱᠦᠵᠢ᠂ ᠡᠷᠬᠢᠯᠡᠭᠴᠢ︶ ᠠᠮᠢᠳᠤᠷᠠᠯ ᠤᠨ | ᠨᠥᠬᠦᠪᠥᠷᠢ ᠣᠯᠭᠤᠬᠤ ᠠᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠭᠠᠴᠠᠭ᠎ᠠ᠂ ᠰᠤᠮᠤ ᠪᠠᠯᠭᠠᠰᠤ | ᠳᠠᠷᠠᠭᠠᠯᠠᠨ ᠬᠢᠨᠠᠨ ᠬᠠᠷᠭᠤᠭᠤᠯᠵᠤ ᠭᠤᠶᠤᠴᠢᠯᠠᠨ ᠮᠡᠳᠡᠬᠦᠯᠦᠭᠰᠡᠨ ᠤ ᠳᠠᠷᠠᠭ᠎ᠠ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠡᠷᠭᠡ 6 | ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠠᠵᠢᠯ ᠤᠨ ᠬᠤᠷᠠᠯ ᠢᠶᠠᠷ ᠳᠠᠮᠵᠢᠨ᠂ 2018 ᠣᠨ ᠤ ᠭᠠᠴᠠᠭᠠᠨ ᠤ ︽ᠡᠭᠦᠷ ᠵᠥᠪᠯᠡᠯ︾ ᠤᠨ | ᠬᠤᠭᠤᠴᠠᠭ᠎ᠠ ᠬᠠᠯᠠᠬᠤ ᠶᠠᠪᠤᠴᠠ ᠳᠤ ᠬᠡᠪ ᠤᠨ ᠶᠣᠰᠣᠭᠠᠷ ᠲᠤᠰᠢᠶᠠᠯ ᠠᠴᠠ ᠪᠠᠨ ᠪᠠᠭᠤᠭᠰᠠᠨ᠂ ᠵᠠᠯᠭᠠᠭ᠎ᠠ ᠪᠠᠷ 12 ᠵᠢᠯ | ᠠᠴᠠ ᠳᠡᠭᠡᠭᠰᠢ ᠨᠠᠮ ᠤᠨ ᠡᠭᠦᠷ ᠤᠨ ᠱᠦᠵᠢ᠂ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠭᠰᠡᠨ᠂ ᠨᠡᠶᠢᠲᠡ 15 | ᠵᠢᠯ ᠠᠴᠠ ᠳᠡᠭᠡᠭᠰᠢ ᠨᠠᠮ ᠤᠨ ᠡᠭᠦᠷ ᠤᠨ ᠱᠦᠵᠢ᠂ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠭᠰᠡᠨ᠂ ᠨᠡᠶᠢᠲᠡ | 20 ᠵᠢᠯ ᠠᠴᠠ ᠳᠡᠭᠡᠭᠰᠢ ᠳᠡᠳ᠋ ᠡᠷᠬᠢᠯᠡᠭᠴᠢ᠂ ᠨᠢᠭᠲᠠᠯᠠᠨ ᠪᠤᠳᠤᠭᠴᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠲᠡᠷᠢᠭᠦᠯᠡᠭᠴᠢ ᠵᠡᠷᠭᠡ ᠲᠤᠰᠢᠶᠠᠯ ᠢ ᠬᠠᠷᠢᠭᠤᠴᠠᠭᠰᠠᠨ ᠺᠠᠳ᠋ᠷ ᠲᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠤᠰᠢᠶᠠᠯ | ᠠᠴᠠ ᠪᠠᠨ ᠪᠠᠭᠤᠭᠰᠠᠨ ᠭᠠᠴᠠᠭᠠᠨ ᠤ ᠺᠠᠳ᠋ᠷ ᠤᠨ ᠬᠡᠪ ᠤᠨ ᠠᠮᠢᠳᠤᠷᠠᠯ ᠤᠨ ᠨᠥᠬᠦᠪᠥᠷᠢ ᠶᠢ ᠣᠯᠭᠤᠪᠠ᠃ ᠬᠡᠪ ᠤᠨ | ᠶᠣᠰᠣᠭᠠᠷ ᠲᠤᠰᠢᠶᠠᠯ ᠠᠴᠠ ᠪᠠᠨ ᠪᠠᠭᠤᠭᠰᠠᠨ ᠭᠠᠴᠠᠭᠠᠨ ᠤ ᠺᠠᠳ᠋ᠷ ᠤᠨ ᠠᠮᠢᠳᠤᠷᠠᠯ ᠤᠨ ᠨᠥᠬᠦᠪᠥᠷᠢ ᠶᠢ 2018 ᠣᠨ ᠤ | 10 ᠰᠠᠷ᠎ᠠ ᠠᠴᠠ ᠡᠬᠢᠯᠡᠨ ᠨᠢᠭᠡᠨᠲᠡ ᠪᠠᠭᠤᠯᠭᠠᠪᠠ᠃ | — ᠲᠥᠯᠥᠭᠡᠯᠡᠭᠴᠢᠳ ᠤᠨ ᠳᠤᠷᠠᠳᠤᠭᠰᠠᠨ ︽ᠪᠠᠶᠠᠰᠤᠯ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ 60 ᠨᠠᠰᠤᠨ | ᠠᠴᠠ ᠳᠡᠭᠡᠭᠰᠢᠬᠢ ᠨᠠᠰᠤᠲᠠᠶᠢᠴᠤᠳ ᠤᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ | ᠲᠤᠬᠠᠶ︾ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ᠄ | ᠪᠠᠶᠠᠰᠤᠯ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠨᠢ ᠵᠠᠰᠠᠭ ᠤᠨ ᠣᠷᠳᠣᠨ ᠠᠴᠠ | ᠦᠶᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ︾ ᠠᠷᠭ᠎ᠠ | ᠮᠠᠶ᠋ᠢᠭ ᠢᠶᠠᠷ ᠡᠵᠡᠩᠨᠡᠵᠦ᠂ ᠵᠠᠬ᠎ᠠ ᠳᠡᠯᠭᠡᠭᠦᠷ ᠤᠨ ᠦᠨ᠎ᠡ ᠠᠴᠠ ᠳᠣᠤᠷ᠎ᠠ ᠦᠨ᠎ᠡ ᠪᠠᠷ ᠲᠦᠷᠢᠶᠡᠰᠦᠯᠡᠬᠦ ᠬᠡᠯᠪᠡᠷᠢ ᠪᠠᠷ ᠪᠦᠬᠦᠯᠢ | 60 ᠨᠠᠰᠤᠨ ᠠᠴᠠ ᠳᠡᠭᠡᠭᠰᠢᠬᠢ ᠮᠠᠯᠵᠢᠬᠤ ᠣᠷᠣᠨ ᠤ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ | ᠬᠠᠩᠭᠠᠵᠦ ᠪᠠᠶᠢᠨ᠎ᠠ᠃ ᠪᠠᠶᠠᠰᠤᠯ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠤᠨ ᠬᠡᠷ | ᠪᠠᠶᠢᠰᠢᠩ ᠢ ᠠᠳᠠᠯᠢ ᠪᠤᠰᠤ ᠠᠰᠠᠷ ᠤᠨ ᠳᠠᠪᠬᠤᠷᠭ᠎ᠠ ᠪᠠᠷ ᠵᠠᠬ᠎ᠠ ᠳᠡᠯᠭᠡᠭᠦᠷ ᠤᠨ ᠦᠨ᠎ᠡ ᠠᠴᠠ ᠳᠣᠤᠷ᠎ᠠ ᠦᠨ᠎ᠡ ᠪᠠᠷ ᠲᠡᠭᠰᠢ | ᠳᠥᠷᠪᠡᠯᠵᠢᠨ ᠮᠧᠲᠷ ᠪᠦᠷᠢ ᠳᠡᠭᠡᠨ 5 ᠠᠴᠠ 8 ᠲᠥᠭᠦᠷᠢᠭ ᠤᠨ ᠠᠳᠠᠯᠢ ᠪᠤᠰᠤ ᠦᠨ᠎ᠡ ᠪᠠᠷ ᠲᠦᠷᠢᠶᠡᠰᠦᠯᠡᠵᠦ ᠪᠠᠶᠢᠨ᠎ᠠ᠃ | ᠲᠤᠬᠠᠶᠢᠯᠠᠪᠠᠯ ᠬᠤᠶᠠᠳᠤᠭᠠᠷ ᠳᠠᠪᠬᠤᠷᠭ᠎ᠠ᠂ ᠭᠤᠷᠪᠠᠳᠤᠭᠠᠷ ᠳᠠᠪᠠᠭ᠋ᠤᠷᠭᠠ ᠶᠢᠨ ᠰᠠᠭᠤᠭᠠᠯᠢ ᠡᠷᠦᠬᠡ ᠶᠢᠨ ᠳᠦᠷᠢᠶᠡᠰᠦᠨ | ᠮᠦᠩᠭᠦ ᠨᠢ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ 8 ᠲᠥᠭᠦᠷᠢᠭ ᠪᠤᠯᠤᠨ᠎ᠠ᠃ ᠳᠥᠷᠪᠡᠳᠦᠭᠡᠷ ᠳᠠᠪᠬᠤᠷᠭ᠎ᠠ ᠶᠢᠨ | ᠰᠠᠭᠤᠭᠠᠯᠢ ᠡᠷᠦᠬᠡ ᠶᠢᠨ ᠳᠦᠷᠢᠶᠡᠰᠦᠨ ᠮᠦᠩᠭᠦ ᠨᠢ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ 7 ᠲᠥᠭᠦᠷᠢᠭ | ᠪᠤᠯᠤᠨ᠎ᠠ᠃ ᠲᠠᠪᠤᠳᠤᠭᠠᠷ ᠳᠠᠪᠬᠤᠷᠭ᠎ᠠ ᠶᠢᠨ ᠰᠠᠭᠤᠭᠠᠯᠢ ᠡᠷᠦᠬᠡ ᠶᠢᠨ ᠲᠦᠷᠢᠶᠡᠰᠦᠨ ᠮᠥᠩᠭᠦ ᠨᠢ ᠰᠠᠷ᠎ᠠ ᠪᠦᠷᠢ ᠲᠡᠭᠰᠢ | ᠳᠥᠷᠪᠡᠯᠵᠢᠨ ᠮᠧᠲᠷ ᠪᠦᠷᠢ 6 ᠲᠥᠭᠦᠷᠢᠭ ᠪᠤᠯᠤᠨ᠎ᠠ᠃ ᠵᠢᠷᠭᠤᠳᠤᠭᠠᠷ ᠳᠠᠪᠬᠤᠷᠭ᠎ᠠ ᠶᠢᠨ ᠰᠠᠭᠤᠭᠠᠯᠢ ᠡᠷᠦᠬᠡ ᠶᠢᠨ | ᠲᠦᠷᠢᠶᠡᠰᠦᠨ ᠮᠥᠩᠭᠦ ᠨᠢ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ 5 ᠲᠥᠭᠦᠷᠢᠭ ᠪᠤᠯᠤᠨ᠎ᠠ᠃ ᠣᠷᠣᠵᠤ | ᠰᠠᠭᠤᠭᠰᠠᠨ ᠨᠠᠰᠤᠲᠠᠳ ᠲᠤ ᠳᠥᠭᠦᠮ ᠦᠵᠡᠭᠦᠯᠬᠦ ᠶᠢᠨ ᠲᠤᠰᠠᠳᠠ᠂ ᠭᠡᠷ ᠳᠣᠲᠣᠷ᠎ᠠ ᠨᠢ ᠲᠣᠭᠤᠭᠠᠨ ᠭᠡᠷ ᠤᠨ ᠬᠤᠷᠭᠤ᠂ | ᠲᠣᠰᠤ ᠤᠲᠤᠭ᠎ᠠ ᠰᠣᠷᠣᠬᠤ ᠮᠠᠰᠢᠨ᠂ ᠠᠷᠢᠭᠤᠨ ᠴᠡᠪᠡᠷ ᠤᠨ ᠬᠡᠷᠡᠭᠰᠡᠯ᠂ ᠳ᠋ᠧᠩ ᠤᠨ ᠬᠡᠷᠡᠭᠰᠡᠯ᠂ ᠴᠣᠩᠬᠤᠨ ᠬᠥᠰᠢᠭᠡ ᠵᠡᠷᠭᠡ | ᠠᠮᠢᠳᠤᠷᠠᠯ ᠤᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠶᠢᠨ ᠬᠠᠮᠲᠤ ᠪᠦᠬᠦᠶᠢᠯᠡ ᠰᠠᠭᠤᠭ᠎ᠠ ᠡᠷᠦᠬᠡ | ᠶᠢᠨ ᠳᠤᠯᠠᠭᠠᠯᠠᠭ᠎ᠠ ᠶᠢᠨ ᠰᠦᠢᠳᠬᠡᠯ᠂ ᠠᠳᠠᠯ ᠠᠬᠤᠶ ᠶᠢᠨ ᠰᠦᠢᠳᠬᠡᠯ ᠵᠡᠷᠭᠡ ᠶᠢ ᠬᠤᠷᠢᠶᠠᠬᠤ ᠦᠭᠡᠶ ᠪᠠᠶᠢᠵᠦ᠂ | ᠨᠠᠰᠤᠳᠠᠶᠢᠴᠤᠳ ᠤᠨ ᠠᠮᠢᠳᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠯᠡᠭᠰᠡᠨ ᠪᠠᠶᠢᠨ᠎ᠠ᠃ | ︵ᠲᠦᠷᠪᠡ︶ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠦᠨᠳᠦᠰᠦᠲᠡᠨ ᠱᠠᠰᠢᠨ ᠰᠤᠷᠲᠠᠬᠤᠨ ᠤ ᠲᠠᠯ᠎ᠠ ᠶᠢᠨ | ᠠᠷᠠᠳ ᠤᠨ ᠳᠦᠯᠦᠭᠡᠯᠡᠭᠴᠢᠳ ᠤᠨ ᠰᠠᠨᠠᠭᠤᠯᠭ᠎ᠠ 10 ᠬᠤᠪᠢ ᠪᠠᠶᠢᠨ᠎ᠠ᠃ ᠡᠭᠦᠨ ᠳᠤ ᠭᠤᠤᠯᠳᠠᠭᠤ᠄ | ᠲᠥᠯᠥᠭᠡᠯᠡᠭᠴᠢᠳ ᠤᠨ ᠳᠤᠷᠠᠳᠤᠭᠰᠠᠨ ︽ᠪᠠᠷᠠᠭᠤᠨ ᠦᠵᠦᠮᠦᠴᠢᠨ ᠬᠤᠰᠢᠭᠤᠨ ᠤ ᠪᠠᠭᠰᠢ ᠶᠢᠨ ᠮᠡᠷᠭᠡᠵᠢᠯ ᠤᠨ ᠴᠣᠯᠠ ᠶᠢ | ᠦᠨᠡᠯᠡᠬᠦ ᠶᠢ ᠬᠢᠵᠠᠭᠠᠷᠯᠠᠵᠦ ᠪᠠᠶᠢᠭ᠎ᠠ ᠠᠰᠠᠭᠤᠳᠠᠯ ᠤᠨ ᠲᠤᠬᠠᠶ ᠰᠠᠨᠠᠭᠤᠯᠭ᠎ᠠ︾ ᠶᠢ ᠭᠦᠢᠴᠡᠳᠬᠡᠭᠰᠡᠨ ᠪᠠᠶᠢᠳᠠᠯ᠄ | ︽ᠦᠨᠳᠦᠰᠦᠨ ᠱᠠᠲᠤᠨ ᠤ ᠠᠵᠢᠯ ᠦᠶᠯᠡᠰ ᠤᠨ ᠨᠢᠭᠡᠴᠡ ᠶᠢᠨ ᠳᠤᠮᠳᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠵᠣᠬᠢᠰᠲᠠᠶ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠥᠪᠥᠷ ᠬᠥᠮᠦᠨ | ᠨᠡᠶᠢᠭᠡᠮ ᠲᠠᠷᠬᠠᠭᠠᠭᠰᠠᠨ ﹇2017﹈ 59 ᠳ᠋ᠦ᠋ᠭᠡᠷ ᠲᠣᠭᠠᠲᠤ ) ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠰᠤᠷᠭᠠᠨ | ᠬᠥᠮᠦᠵᠢᠯ ᠤᠨ ᠰᠢᠰᠲ᠋ᠧᠮ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠶᠡᠷᠦᠩᠬᠡᠶ ᠪᠦᠲᠦᠴᠡ ᠶᠢᠨ ᠬᠠᠷᠢᠴᠠᠯ ᠨᠢ᠄ | ᠳᠡᠭᠡᠳᠦ ᠵᠡᠷᠭᠡ ᠨᠢ 20 %᠂ ᠳᠤᠮᠳᠠ ᠵᠡᠷᠭᠡ ᠨᠢ 40 %᠂ ᠠᠩᠬ᠎ᠠ ᠵᠡᠷᠭᠡ ᠨᠢ 40 % ᠪᠠᠶᠢᠵᠤ᠂ ᠳᠡᠭᠡᠳᠦ ᠵᠡᠷᠭᠡ | ᠶᠢᠨ ᠬᠠᠷᠢᠴᠠᠯ ᠨᠢ ᠪᠤᠰᠤᠳ ᠠᠵᠢᠯ ᠦᠶᠯᠡᠰ ᠤᠨ ᠨᠢᠭᠡᠴᠡ ᠠᠴᠠ 6 ᠵᠠᠭᠤᠨ ᠤ ᠴᠡᠭ ᠥᠨᠳᠥᠷ ᠪᠠᠶᠢᠳᠠᠭ᠃ ᠮᠠᠨ ᠤ | ᠬᠤᠰᠢᠭᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠦᠨᠡᠯᠡᠯᠳᠡ ᠶᠢᠨ | ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ | ᠨᠠᠮ ᠲᠠᠷᠬᠠᠭᠠᠭᠰᠠᠨ ﹇2018﹈18 ᠳ᠋ᠤᠭᠠᠷ ᠲᠣᠭᠠᠲᠤ ) ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ 20 %᠂ 45 %᠂ 35 % ᠶᠢᠨ ᠬᠠᠷᠢᠴᠠᠯ ᠢᠶᠠᠷ ᠳᠡᠭᠡᠳᠦ᠂ ᠳᠤᠮᠳᠠ᠂ ᠠᠩᠬ᠎ᠠ ᠵᠡᠷᠭᠡ ᠶᠢᠨ ᠠᠵᠢᠯ | ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠢᠨᠠᠨ ᠲᠣᠭᠲᠠᠭᠠᠵᠤ᠂ ᠪᠠᠭᠰᠢ ᠶᠢᠨ ᠠᠵᠢᠯ ᠤᠨ ᠪᠠᠶᠢᠷᠢ | ᠳᠡᠪᠰᠢᠬᠦ ᠣᠷᠣᠨ ᠵᠠᠶ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | — ᠲᠥᠯᠥᠭᠡᠯᠡᠭᠴᠢᠳ ᠤᠨ ᠳᠤᠷᠠᠳᠤᠭᠰᠠᠨ ︽ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ︾ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ᠄ | ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠶᠢᠨ | ᠲᠥᠯᠥᠭᠡ᠂ ᠮᠠᠨ ᠤ ᠬᠤᠰᠢᠭᠤ ᠨᠢ ᠰᠢᠯᠭᠠᠯᠲᠠ ᠪᠠᠷ ᠳᠡᠮᠵᠢᠨ ᠰᠢᠨ᠎ᠡ ᠪᠠᠷ 9 ᠨᠡᠷ᠎ᠡ ᠭᠠᠴᠠᠭᠠᠨ ᠤ ᠡᠮᠴᠢ ᠡᠯᠰᠡᠵᠦ᠂ | ᠭᠠᠴᠠᠭᠠᠨ ᠤ ᠡᠮᠴᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠣᠲᠣ ᠪᠥᠬᠦ ᠬᠤᠰᠢᠭᠤᠨ ᠤ 68 ᠭᠠᠴᠠᠭᠠᠨ ᠤ ᠡᠷᠡᠭᠦᠯ | ᠬᠠᠮᠠᠭᠠᠯᠠᠯ ᠤᠨ ᠲᠠᠰᠤᠭ ᠲᠤ ᠴᠥᠮ ᠬᠢᠷᠢ ᠬᠡᠮ ᠲᠠᠢ ᠭᠠᠴᠠᠭᠠᠨ ᠤ ᠡᠮᠴᠢ ᠲᠣᠬᠢᠷᠠᠭᠤᠯᠵᠠᠶ᠃ ᠪᠣᠷᠣᠭᠠᠨ ᠠᠴᠠ ᠪᠣᠯᠵᠣ | ᠬᠡᠰᠡᠭ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠡᠷ ᠪᠠᠶᠢᠰᠢᠩ᠂ | ᠴᠠᠬᠢᠯᠭᠠᠨ ᠬᠡᠯᠬᠢᠶ᠎ᠡ ᠡᠪᠳᠡᠭᠳᠡᠭᠰᠡᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠬᠤᠰᠢᠭᠤ ᠵᠠᠰᠠᠭ ᠤᠨ ᠣᠷᠳᠣᠨ ᠠᠴᠠ | 100 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠲᠣᠬᠢᠷᠠᠭᠤᠯᠵᠤ᠂ ᠪᠥᠬᠦ ᠬᠤᠰᠢᠭᠤᠨ ᠤ 68 ᠭᠠᠴᠠᠭᠠᠨ ᠤ ᠡᠷᠡᠭᠦᠯ | ᠬᠠᠮᠠᠭᠠᠯᠠᠯ ᠤᠨ ᠲᠠᠰᠤᠭ ᠲᠤ ᠬᠡᠷ ᠪᠠᠶᠢᠰᠢᠩ ᠰᠡᠯᠪᠢᠨ ᠵᠠᠰᠠᠬᠤ᠂ ᠬᠠᠭᠤᠴᠢᠷᠠᠭᠰᠠᠨ ᠴᠠᠬᠢᠯᠭᠠᠨ ᠬᠡᠯᠬᠢᠶ᠎ᠡ ᠶᠢ ᠰᠡᠯᠪᠢᠨ ᠵᠠᠰᠠᠬᠤ | ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢᠯᠡᠭᠡᠨ ᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︵ᠲᠠᠪᠤ ︶ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ ᠤ ᠲᠠᠯ᠎ᠠ ᠳᠤ ᠬᠤᠯᠪᠣᠭᠳᠠᠭᠰᠠᠨ ᠠᠷᠠᠳ ᠤᠨ | ᠳᠦᠯᠦᠭᠡᠯᠡᠭᠴᠢᠳ ᠤᠨ ᠰᠠᠨᠠᠭᠤᠯᠭ᠎ᠠ 1 ᠬᠤᠪᠢ ᠪᠤᠢ᠃ | — ᠳᠦᠯᠦᠭᠡᠯᠡᠭᠴᠢ ᠶᠢᠨ ᠳᠤᠷᠠᠳᠤᠭᠰᠠᠨ ︽ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠮᠠᠯᠵᠢᠬᠤ ᠣᠷᠣᠨ ᠤ ᠵᠢᠭᠡᠯᠡᠯᠭᠡ | ᠶᠢᠨ ᠬᠦᠦ ᠮᠥᠩᠭᠦ ᠶᠢ ᠪᠠᠭᠤᠷᠠᠭᠤᠯᠬᠤ ᠲᠤᠬᠠᠢ ᠰᠠᠨᠠᠭᠤᠯᠭ᠎ᠠ︾ ᠶᠢ ᠭᠦᠢᠴᠡᠳᠬᠡᠭᠰᠡᠨ ᠪᠠᠶᠢᠳᠠᠯ᠄ | ᠲᠠᠷᠢᠶᠠᠯᠠᠩ ᠬᠤᠳᠠᠯᠳᠤᠭᠠᠨ ᠤ ᠪᠠᠩᠬᠢ ᠨᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠠᠭᠠᠨ ᠵᠠᠬ᠎ᠠ ᠳᠡᠯᠭᠡᠭᠦᠷ ᠤᠨ | ᠦᠨ᠎ᠡ ᠮᠡᠳᠡᠭᠦᠯᠬᠦ ᠲᠣᠭᠲᠠᠴᠠ ᠶᠢ ᠬᠡᠷᠡᠭᠵᠢᠭᠦᠯᠵᠦ᠂ ᠣᠳᠣᠬᠠᠨ ᠳᠤ ᠲᠣᠰ ᠪᠠᠩᠬᠢ ᠶᠢᠨ ᠲᠠᠯᠪᠢᠭᠰᠠᠨ ᠮᠠᠯᠵᠢᠬᠤ ᠲᠠᠷᠢᠶᠠᠯᠠᠬᠤ | ᠡᠷᠦᠬᠡ ᠶᠢᠨ ᠵᠢᠭᠡᠯᠡᠯᠭᠡ ᠶᠢᠨ ᠳᠤᠮᠳᠠᠴᠢ ᠵᠢᠯ ᠤᠨ ᠬᠦᠦ ᠮᠥᠩᠭᠦ ᠶᠢᠨ ᠨᠣᠷᠮ᠎ᠠ ᠨᠢ 9.1 % ᠪᠠᠶᠢᠵᠤ᠂ ᠮᠠᠯᠵᠢᠬᠤ ᠡᠷᠦᠬᠡ | ᠶᠢᠨ ᠲᠡᠵᠢᠭᠡᠯ ᠡᠪᠡᠰᠦ ᠬᠤᠳᠠᠯᠳᠤᠨ ᠠᠪᠬᠤ ᠪᠠ ᠲᠥᠯ ᠲᠤᠰᠴᠤ ᠪᠣᠶᠢᠵᠢᠭᠤᠯᠬᠤ ᠳᠤ ᠬᠡᠷᠡᠭᠯᠡᠬᠦ ᠵᠢᠭᠡᠯᠡᠯᠭᠡ ᠶᠢᠨ ᠵᠢᠯ ᠤᠨ | ᠬᠦᠦ ᠮᠥᠩᠭᠦ ᠶᠢᠨ ᠨᠣᠷᠮ᠎ᠠ ᠨᠢ ᠬᠠᠮᠤᠭ ᠤᠨ ᠳᠣᠤᠷ᠎ᠠ ᠳᠠᠭᠠᠨ ᠨᠢᠭᠡᠨᠲᠡ 6.6% ᠳᠤ ᠬᠦᠷᠴᠦ᠂ ᠬᠤᠰᠢᠭᠤᠨ ᠳᠣᠲᠣᠷᠠᠬᠢ | ᠲᠠᠩᠰᠠ ᠺᠠᠷᠲ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠰᠢᠭᠤᠳ ᠬᠡᠷᠡᠭᠵᠢᠭᠦᠯᠦᠭᠰᠡᠨ ᠰᠠᠭᠤᠷᠢ ᠪᠠᠷᠢᠮᠵᠢᠶᠠᠨ ᠤ | ᠨᠣᠷᠮ᠎ᠠ ᠨᠢ 4.35% ᠪᠣᠯᠵᠠᠶ᠃ 2020 ᠣᠨ ᠳᠤ᠂ ᠲᠠᠷᠢᠶᠠᠯᠠᠩ ᠬᠤᠳᠠᠯᠳᠤᠭᠠᠨ ᠤ ᠪᠠᠩᠬᠢ ᠨᠢ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ ᠪᠠᠨ ᠬᠤᠶᠠᠷ ᠤᠳᠠᠭ᠎ᠠ ᠪᠠᠭᠤᠷᠠᠭᠤᠯᠵᠤ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠨᠡᠶᠢᠳᠡᠮ 1. | 34 % ᠪᠠᠭᠤᠷᠠᠭᠤᠯᠵᠤ᠂ ᠣᠨᠴᠠ ᠵᠠᠷᠢᠮ ᠮᠠᠯᠵᠢᠬᠤ ᠡᠷᠦᠬᠡ ᠪᠠ ᠮᠠᠯᠵᠢᠬᠤ ᠣᠷᠣᠨ ᠤ ᠣᠨᠴᠠᠯᠢᠭᠲᠤ ᠠᠵᠤ ᠦᠶᠯᠡᠰ ᠤᠨ | ᠬᠦᠦ ᠮᠥᠩᠭᠦ ᠶᠢᠨ ᠨᠣᠷᠮ᠎ᠠ ᠶᠢ 3.05 % ᠪᠠᠭᠤᠷᠠᠭᠤᠯᠵᠤ᠂ ᠪᠥᠬᠦ ᠵᠢᠯ ᠳᠤ 413 ᠲᠦᠮᠡᠨ ᠲᠥᠭᠦᠷᠢᠭ ᠤᠨ ᠠᠰᠢᠭ | ᠬᠦᠷᠲᠡᠭᠡᠵᠦ᠂ ᠵᠢᠱᠢᠯᠲᠡ ᠪᠠᠷ 2021 ᠣᠨ ᠳᠤ ᠵᠢᠭᠡᠯᠡᠯᠭᠡ ᠠᠪᠤᠭᠰᠠᠨ ᠮᠠᠯᠵᠢᠬᠤ ᠡᠷᠦᠬᠡ ᠳᠤ 1180 ᠲᠦᠮᠡᠨ | ᠲᠥᠭᠦᠷᠢᠭ ᠤᠨ ᠠᠰᠢᠭ ᠬᠦᠷᠲᠡᠭᠡᠬᠦ ᠪᠣᠯᠤᠨ᠎ᠠ᠃ | ︵ᠵᠢᠷᠭᠤᠭ᠎ᠠ︶ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠬᠡᠷᠡᠭ ᠶᠠᠪᠤᠳᠠᠯ ᠳᠤ ᠬᠤᠯᠪᠣᠭᠳᠠᠭᠰᠠᠨ ᠠᠷᠠᠳ ᠤᠨ | ᠳᠦᠯᠦᠭᠡᠯᠡᠭᠴᠢᠳ ᠤᠨ ᠰᠠᠨᠠᠭᠤᠯᠭ᠎ᠠ 1 ᠬᠤᠪᠢ ᠪᠤᠢ᠃ | — ᠳᠦᠯᠦᠭᠡᠯᠡᠭᠴᠢ ᠶᠢᠨ ᠳᠤᠷᠠᠳᠤᠭᠰᠠᠨ ︽ᠮᠠᠯᠵᠢᠬᠤ ᠣᠷᠣᠨ ᠤ ᠬᠡᠰᠡᠭ ᠮᠠᠯᠵᠢᠬᠤ ᠪᠤᠰᠤ ᠡᠷᠦᠬᠡ ᠶᠢᠨ ᠡᠷᠦᠬᠡ ᠠᠮᠠ | ᠶᠢᠨ ᠠᠰᠠᠭᠤᠳᠠᠯ ᠢ ᠰᠢᠶᠳᠪᠦᠷᠢᠯᠡᠬᠦ ᠲᠤᠬᠠᠶ ᠰᠠᠨᠠᠭᠤᠯᠭ᠎ᠠ︾ ᠶᠢ ᠭᠦᠢᠴᠡᠳᠬᠡᠭᠰᠡᠨ ᠪᠠᠶᠢᠳᠠᠯ᠄ | ᠣᠳᠣᠬᠢ ᠱᠠᠲᠤᠨ ᠳᠤ ᠮᠠᠨ ᠤ ᠬᠤᠰᠢᠭᠤᠨ ᠤ ᠬᠡᠷᠡᠭᠵᠢᠭᠦᠯᠵᠦ ᠪᠠᠶᠢᠭ᠎ᠠ ᠡᠷᠦᠬᠡ ᠠᠮᠠ ᠶᠢᠨ ᠬᠠᠮᠢᠶᠠᠷᠤᠯᠲᠠ ᠶᠢᠨ ᠲᠥᠷᠥ | ᠶᠢᠨ ᠪᠣᠳᠣᠯᠭ᠎ᠠ ᠨᠢ ︽ᠬᠤᠲᠠ ᠪᠠᠯᠭᠠᠰᠤᠨ ᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ | ᠲᠠᠯᠪᠢᠵᠤ ᠡᠷᠦᠬᠡ ᠠᠮᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2019﹈ 2 ᠳ᠋ᠤᠭᠠᠷ ᠲᠣᠭᠠᠲᠤ ︶ ᠪᠠ ︽ᠪᠥᠬᠦ ᠠᠶᠢᠮᠠᠭ ᠤᠨ ᠡᠷᠦᠬᠡ ᠠᠮᠠ | ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠢ ᠬᠡᠷᠡᠭᠵᠢᠭᠦᠯᠬᠦ ᠠᠷᠭ᠎ᠠ︾ ︵ | ᠰᠢᠯᠢ ᠵᠠᠬᠢᠷᠭ᠎ᠠ ᠲᠠᠷᠬᠠᠭᠠᠭᠰᠠᠨ ﹇2017﹈149 ᠳ᠋ᠦ᠋ᠭᠡᠷ ᠲᠣᠭᠠᠲᠤ ︶ ᠶᠢ ᠦᠨᠳᠦᠰᠦᠯᠡᠪᠡᠯ᠂ ᠳᠡᠭᠡᠷ᠎ᠡ ᠳᠤᠷᠠᠳᠤᠭᠰᠠᠨ | ᠪᠢᠴᠢᠭ ᠮᠠᠲ᠋ᠧᠷᠢᠶᠠᠯ ᠳᠤ ᠴᠥᠮ ᠬᠤᠲᠠ ᠪᠠᠯᠭᠠᠰᠤᠨ ᠤ ᠡᠷᠦᠬᠡ ᠠᠮᠠ ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠤ᠂ | ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢᠨ ᠡᠷᠦᠬᠡ ᠠᠮᠠ ᠣᠷᠣᠭᠤᠯᠬᠤ ᠨᠥᠬᠦᠴᠡᠯ ᠢ ᠪᠥᠬᠦ | ᠲᠠᠯ᠎ᠠ ᠪᠠᠷ ᠴᠢᠯᠥᠭᠡᠲᠡᠶ ᠪᠣᠯᠭᠠᠨ᠎ᠠ ᠭᠡᠵᠦ ᠳᠤᠷᠠᠳᠤᠭᠰᠠᠨ ᠪᠠᠶᠢᠨ᠎ᠠ᠃ ᠭᠡᠪᠡᠴᠦ ᠣᠳᠣᠬᠠᠨ ᠳᠤ ᠬᠤᠲᠠ ᠪᠠᠯᠭᠠᠰᠤᠨ ᠤ | ᠬᠥᠮᠦᠨ ᠶᠢᠨ ᠡᠷᠦᠬᠡ ᠠᠮᠠ ᠶᠢ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠪᠤᠯᠤᠨ ᠰᠢᠯᠵᠢᠬᠦ ᠲᠤᠬᠠᠢ ᠬᠠᠮᠢᠶ᠎ᠠ | ᠪᠦᠬᠦᠢ ᠲᠣᠭᠲᠠᠭᠠᠯ ᠪᠠᠶᠢᠬᠤ ᠦᠭᠡᠶ᠃ ᠡᠶᠢᠮᠦ ᠠᠴᠠ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠲᠦᠷ | ᠰᠢᠢᠳᠪᠦᠷᠢᠯᠡᠬᠦ ᠶᠢᠨ ᠠᠷᠭ᠎ᠠ ᠦᠭᠡᠢ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠡᠶᠢᠲᠡᠯᠡᠬᠦ | ᠦᠶ᠎ᠡ ᠳᠤ ᠲᠤᠬᠢᠷᠠᠭᠤᠯᠤᠯᠲᠠ ᠬᠢᠨ᠎ᠡ᠃ | ︵ᠲᠤᠯᠤᠭ᠎ᠠ︶ ᠮᠠᠯᠵᠢᠬᠤ ᠣᠷᠣᠨ ᠤ ᠵᠠᠮ ᠬᠠᠷᠢᠯᠴᠠᠭ᠎ᠠ᠂ ᠴᠠᠬᠢᠯᠭᠠᠨ ᠬᠤᠯᠪᠣᠭ᠎ᠠ᠂ ᠮᠡᠳᠡᠭᠡ ᠬᠤᠯᠪᠣᠭ᠎ᠠ ᠳᠤ | ᠬᠤᠯᠪᠣᠭᠳᠠᠭᠰᠠᠨ ᠰᠠᠨᠠᠭᠤᠯᠭ᠎ᠠ 44 ᠬᠤᠪᠢ ᠪᠠᠶᠢᠨ᠎ᠠ᠃ | ᠮᠠᠯᠵᠢᠬᠤ ᠣᠷᠣᠨ ᠤ ᠵᠠᠮ ᠬᠠᠷᠢᠯᠴᠠᠭ᠎ᠠ᠂ ᠴᠠᠬᠢᠯᠭᠠᠨ ᠬᠤᠯᠪᠣᠭ᠎ᠠ᠂ ᠴᠢᠮᠡᠭᠡ ᠬᠤᠯᠪᠣᠭᠠᠨ ᠤ ᠲᠠᠯ᠎ᠠ ᠳᠤ ᠬᠤᠯᠪᠤᠭᠳᠠᠭᠰᠠᠨ | ᠰᠠᠨᠠᠭᠤᠯᠭ᠎ᠠ ᠶᠢᠨ ᠬᠡᠷᠡᠭᠵᠢᠭᠦᠯᠦᠯᠲᠡ ᠨᠢ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠪᠠᠶᠢᠭᠤᠯᠬᠤ | ᠨᠥᠬᠦᠴᠡᠯ ᠵᠡᠷᠭᠡ ᠬᠦᠴᠦᠨ ᠵᠦᠶᠯ ᠤᠨ ᠨᠥᠯᠥᠭᠡ ᠶᠢ ᠬᠦᠷᠲᠡᠬᠦ ᠪᠤᠯᠬᠤᠷ ᠬᠤᠰᠢᠭᠤ ᠵᠠᠰᠠᠭ ᠤᠨ ᠣᠷᠳᠣᠨ ᠵᠢᠴᠢ ᠬᠠᠮᠢᠶ᠎ᠠ | ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠬᠦᠨᠳᠦ ᠬᠥᠩᠭᠡᠨ ᠠᠯᠭᠤᠷ ᠪᠠᠴᠢᠮ ᠵᠠᠷᠴᠢᠮ ᠶᠣᠰᠣᠭᠠᠷ᠂ ᠪᠦᠯᠦᠭ | ᠬᠤᠪᠢᠶᠠᠨ ᠠᠯᠬᠤᠮ ᠠᠯᠬᠤᠮ ᠢᠶᠠᠷ ᠰᠢᠶᠳᠪᠦᠷᠢᠯᠡᠨ᠎ᠡ᠃ | ᠮᠠᠯᠵᠢᠬᠤ ᠣᠷᠣᠨ ᠤ ᠵᠠᠰᠠᠮᠠᠯ ᠵᠠᠮ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ 2021 ᠣᠨ | ᠳᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠷᠥᠯ ᠵᠦᠶᠯ ᠢ 5 ᠬᠡᠷᠡᠭᠵᠢᠭᠦᠯᠵᠦ᠂ ᠲᠣᠰ ᠲᠣᠰ᠄ ᠭᠤᠷᠣᠬᠠᠨ ᠪᠠᠯᠭᠠᠰᠤ | ᠠᠴᠠ ᠪᠠᠶᠠᠨᠬᠦ᠋ᠪᠡᠭᠡ ᠬᠥᠷᠬᠦ ᠬᠡᠰᠡᠭ ᠤᠨ ᠵᠠᠰᠠᠮᠠᠯ ᠵᠠᠮ᠂ ᠪᠠᠶᠠᠨᠭᠤᠤᠯ ᠠᠴᠠ ᠪᠠᠶᠠᠨᠬᠤᠩᠭᠤᠷ ᠬᠥᠷᠬᠦ ᠬᠡᠰᠡᠭ ᠤᠨ ᠡᠯᠡᠰᠦ | ᠳᠤᠭᠤᠯᠤᠭᠰᠠᠨ ᠵᠠᠰᠠᠮᠠᠯ ᠵᠠᠮ᠂ ᠰᠠᠷᠠᠭᠤᠯᠰᠢᠯᠢ ᠠᠴᠠ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ( ᠴᠠᠭᠠᠨ ᠮᠣᠷᠢᠨ ᠤ | ᠲᠠᠯᠠᠪᠠᠶ ) ᠬᠥᠷᠬᠦ ᠬᠡᠰᠡᠭ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠱᠠᠤᠲᠤ ᠠᠴᠠ ᠮᠣᠩᠭᠤᠯ ᠬᠠᠨ ᠬᠤᠲᠠ ᠬᠥᠷᠬᠦ | ᠬᠡᠰᠡᠭ ᠤᠨ ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠵᠤ᠂ ᠰᠢᠨᠡᠭᠤᠣᠯ ᠠᠴᠠ ᠭᠤᠷᠣᠬᠠᠨ ᠪᠠᠯᠭᠠᠰᠤ ᠬᠥᠷᠬᠦ | ᠵᠠᠰᠠᠮᠠᠯ ᠵᠠᠮ ᠢ ᠰᠡᠯᠪᠢᠨ ᠵᠠᠰᠠᠨ᠎ᠠ᠃ ᠣᠳᠣᠬᠠᠨ ᠳᠤ᠂ ᠵᠠᠮ ᠵᠠᠰᠠᠬᠤ ᠲᠥᠷᠥᠯ ᠵᠦᠶᠯ ᠢ ᠨᠢᠭᠡᠨᠲᠡ ᠳᠠᠭᠤᠰᠬᠠᠵᠤ᠂ ᠰᠢᠨ᠎ᠡ | ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠢ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠣᠷᠳᠣ ᠨᠢ 196.21 ᠺᠢᠯᠣᠮᠧᠲᠷ ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 2.54 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ 2022 ᠣᠨ ᠤ 9 ᠰᠠᠷ᠎ᠠ ᠳᠤ | ᠪᠠᠷᠢᠯᠭ᠎ᠠ ᠳᠠᠭᠤᠰᠴᠤ ᠲᠡᠷᠭᠡ ᠨᠡᠪᠲᠡᠷᠡᠨ᠎ᠡ᠃ ᠡᠭᠦᠨ ᠤ ᠬᠠᠮᠲᠤ᠂ 219.85 ᠲᠦᠮᠡᠨ ᠲᠥᠭᠦᠷᠢᠭ ᠤᠨ ᠪᠡᠯᠡ ᠣᠷᠣᠭᠤᠯᠵᠤ | ᠂ ᠤᠰᠤᠨ ᠳᠤ ᠡᠪᠳᠡᠭᠳᠡᠭᠰᠡᠨ 11 ᠬᠡᠰᠡᠭ ᠵᠠᠮ ᠢ ᠵᠠᠰᠠᠪᠠ᠃ 252.7 ᠲᠦᠮᠡᠨ ᠲᠥᠭᠦᠷᠢᠭ ᠤᠨ ᠪᠡᠯᠡ ᠣᠷᠣᠭᠤᠯᠵᠤ᠂ | 21ᠵᠤᠷᠪᠤᠰ 255.6 ᠺᠢᠯᠤᠮᠧᠲᠷ ᠤᠨ ᠵᠠᠰᠠᠮᠠᠯ ᠵᠠᠮ ᠢ ᠵᠠᠰᠠᠪᠠ᠃ 372 .2 ᠲᠦᠮᠡᠨ ᠲᠥᠭᠦᠷᠢᠭ ᠤᠨ ᠪᠡᠯᠡ | ᠣᠷᠣᠭᠤᠯᠵᠤ᠂ 13 ᠬᠡᠰᠡᠭ 27 ᠺᠢᠯᠤᠮᠧᠲᠷ ᠤᠨ ᠬᠠᠶᠢᠷ ᠴᠢᠯᠠᠭᠤᠨ ᠵᠠᠮ ᠵᠠᠰᠠᠵᠤ᠂ ᠮᠠᠯᠵᠢᠬᠤ ᠣᠷᠣᠨ ᠤ ᠵᠠᠮ ᠨᠡᠪᠲᠡᠷᠡᠯᠭᠡ | ᠶᠢᠨ ᠨᠥᠬᠦᠴᠡᠯ ᠢ ᠤᠯᠠᠮ ᠰᠠᠶᠢᠵᠢᠷᠠᠭᠤᠯᠪᠠ᠃ | ᠮᠠᠯᠵᠢᠬᠤ ᠣᠷᠣᠨ ᠳᠤ ᠴᠠᠬᠢᠯᠭᠠᠨ ᠨᠡᠪᠲᠡᠷᠡᠭᠦᠯᠬᠦ ᠲᠠᠯ᠎ᠠ ᠪᠠᠷ᠂ 1765 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠨᠢᠭᠡᠳᠦᠭᠡᠷ ᠪᠦᠯᠦᠭ ᠤᠨ ᠢᠨᠵᠧᠨᠧᠷᠢᠩ ᠢ | ᠬᠡᠷᠡᠭᠵᠢᠭᠦᠯᠵᠦ᠂ 10 ᠺᠢᠯᠣᠸᠠᠲ ᠤᠨ ᠴᠠᠬᠢᠯᠭᠠᠨ ᠱᠤᠭᠤᠮ ᠢ 52 ᠺᠢᠯᠤᠮᠧᠲᠷ᠂ 0.4 ᠺᠢᠯᠣᠸᠠᠲ ᠤᠨ ᠴᠠᠬᠢᠯᠭᠠᠨ | ᠱᠤᠭᠤᠮ ᠢ 60 ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ 49 ᠬᠦᠴᠦᠳᠡᠯ ᠥᠭᠡᠷᠡᠴᠢᠯᠡᠭᠴᠢ | ᠶᠢ ᠤᠭᠰᠠᠷᠠᠨ᠎ᠠ᠃ 138.4450 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠤ ᠴᠠᠬᠢᠯᠭᠠᠨ | ᠲᠣᠤᠷ ᠢ ᠥᠭᠡᠷᠡᠴᠢᠯᠡᠨ ᠲᠠᠰ ᠳᠡᠪᠰᠢᠭᠦᠯᠬᠦ ᠬᠤᠶᠠᠳᠤᠭᠠᠷ ᠪᠦᠯᠦᠭ ᠤᠨ ᠢᠨᠵᠧᠨᠧᠷᠢᠩ ᠢ ᠬᠡᠷᠡᠭᠵᠢᠭᠦᠯᠵᠦ᠂ 10 ᠺᠢᠯᠤᠸᠤᠯᠲ | ᠤᠨ ᠱᠤᠭᠤᠮ 2.7 ᠺᠢᠯᠣᠮᠧᠲᠷ᠂ 0.4 ᠺᠢᠯᠤᠸᠤᠯᠲ ᠤᠨ ᠱᠤᠭᠤᠮ .5 ᠺᠢᠯᠣᠮᠧᠲᠷ ᠢ ᠥᠭᠡᠷᠡᠴᠢᠯᠡᠨ᠂ 4 ᠬᠦᠴᠦᠳᠡᠯ | ᠦᠭᠡᠷᠡᠴᠢᠡᠯᠬᠦ ᠮᠠᠰᠢᠨ ᠢ ᠥᠭᠡᠷᠡᠴᠢᠯᠡᠪᠡ᠃ 2291 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠡᠨᠧᠷᠭᠢ ᠢ | ᠴᠠᠬᠢᠯᠭᠠᠨ ᠲᠣᠣᠷ ᠪᠣᠯᠭᠠᠨ ᠬᠤᠪᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 10 ᠺᠢᠯᠤᠸᠤᠯᠲ ᠶᠢᠨ ᠴᠠᠬᠢᠯᠭᠠᠨ ᠱᠤᠭᠤᠮ | ᠢ 71.8 ᠺᠢᠯᠤᠮᠧᠲᠷ᠂ 0.4 ᠺᠢᠯᠤᠸᠤᠯᠲ ᠶᠢᠨ ᠴᠠᠬᠢᠯᠭᠠᠨ ᠱᠤᠭᠤᠮ ᠢ 69.8 ᠺᠢᠯᠤᠮᠧᠲᠷ᠂ 137 ᠬᠦᠴᠦᠳᠡᠯ | ᠬᠤᠪᠢᠰᠬᠠᠬᠤ ᠴᠠᠬᠢᠯᠭᠠᠨ ᠢ ᠤᠭᠰᠠᠷᠠᠵᠤ᠂ ᠳᠠᠩ ᠹᠠᠰᠲᠤ ᠴᠠᠬᠢᠯᠭᠠᠨ ᠡᠨᠧᠷᠭᠢ ᠶᠢᠨ ᠬᠡᠮᠵᠢᠭᠦᠷ ᠢ 285 ᠶᠢ ᠤᠭᠰᠠᠷᠠᠵᠤ᠂ | 285 ᠮᠠᠯᠵᠢᠬᠤ ᠡᠷᠦᠬᠡ ᠳᠤ ᠬᠤᠯᠪᠣᠭᠳᠠᠭᠰᠠᠨ ᠪᠠᠶᠢᠨ᠎ᠠ᠃ ᠲᠥᠷᠥᠯ ᠵᠦᠶᠯ ᠣᠳᠣᠬᠠᠨ ᠳᠤ ᠨᠢᠭᠡᠨᠲᠡ ᠠᠩᠬᠠᠨ ᠤ ᠬᠢᠨᠠᠨ | ᠪᠠᠶᠢᠴᠠᠭᠠᠬᠤ ᠠᠵᠢᠯ ᠢᠶᠠᠨ ᠳᠠᠭᠤᠰᠬᠠᠵᠤ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠠᠭ ᠴᠣᠬᠤᠯᠠᠪᠤᠷᠢᠯᠠᠬᠤ ᠶᠠᠪᠤᠴᠠ ᠶᠢ ᠭᠦᠶᠴᠡᠳᠬᠡᠵᠦ ᠪᠣᠶ᠃ ᠨᠢᠭᠡᠳᠦᠭᠡᠷ ᠪᠦᠯᠦᠭ ᠢᠨᠵᠧᠨᠧᠷᠢᠩ | ᠢ 2022 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠵᠤ᠂ ᠬᠤᠶᠠᠳᠤᠭᠠᠷ ᠪᠦᠯᠦᠭ ᠤᠨ | ᠢᠨᠵᠧᠨᠧᠷᠢᠩ ᠢ 2022 ᠣᠨ ᠤ 7 ᠳ᠋ᠤᠭᠠᠷ ᠰᠠᠷ᠎ᠠ ᠶᠢᠨ ᠳᠤᠮᠳᠠᠴᠢ ᠪᠠᠷ ᠪᠠᠷᠢᠯᠭ᠎ᠠ ᠳᠠᠭᠤᠰᠬᠠᠵᠤ᠂ ᠰᠢᠨ᠎ᠡ ᠡᠨᠧᠷᠭᠢ ᠶᠢᠨ | ᠴᠠᠬᠢᠯᠭᠠᠨ ᠤ ᠲᠣᠤᠷᠵᠢᠯ ᠪᠣᠯᠭᠠᠨ ᠬᠤᠪᠢᠷᠠᠭᠤᠯᠬᠤ ᠢᠨᠵᠧᠨᠧᠷᠢᠩ ᠢ 2022 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠠᠷ | ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ᠂ ᠮᠠᠯᠵᠢᠬᠤ ᠣᠷᠣᠨ ᠤ ᠴᠠᠬᠢᠯᠭᠠᠨ ᠨᠡᠪᠲᠡᠷᠡᠭᠦᠯᠬᠦ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ | ᠮᠠᠯᠵᠢᠬᠤ ᠣᠷᠣᠨ ᠤ ᠴᠢᠮᠡᠭᠡ ᠬᠤᠯᠪᠣᠭᠠᠨ ᠤ ᠲᠠᠯ᠎ᠠ ᠪᠠᠷ᠂ ᠮᠠᠨ ᠤ ᠬᠤᠰᠢᠭᠤᠨ ᠤ ᠡᠯ᠎ᠡ ᠭᠠᠴᠠᠭ᠎ᠠ ᠥᠩᠭᠡᠷᠡᠭᠰᠡᠨ ᠵᠢᠯ | ᠤᠳ ᠤᠨ ᠴᠢᠮᠡᠭᠡ ᠬᠤᠯᠪᠣᠭᠠᠨ ᠤ ᠲᠥᠷᠥᠯ ᠵᠦᠶᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ | ᠣᠳᠣᠬᠠᠨ ᠳᠤ ᠰᠦᠯᠵᠢᠶᠡᠨ ᠤ ᠪᠦᠷᠬᠦᠴᠡ ᠶᠢᠨ ᠨᠣᠷᠮ᠎ᠠ ᠨᠢ ᠨᠢᠭᠡᠨᠲᠡ 60 % ᠠᠴᠠ 70 % ᠳᠤ ᠬᠦᠷᠴᠦ᠂ 2018 | ᠣᠨ ᠳᠤ ᠮᠠᠨ ᠤ ᠬᠤᠰᠢᠭᠤᠨ ᠤ ᠴᠠᠬᠢᠯᠭᠠᠨ ᠬᠤᠯᠪᠣᠭᠠᠨ ᠤ ᠲᠦᠭᠡᠮᠡᠯ ᠦᠶᠯᠡᠴᠢᠯᠡᠭᠡ ᠶᠢᠨ ᠲᠤᠷᠰᠢᠯᠲᠠ ᠶᠢᠨ ᠴᠡᠭ ᠤᠨ | ᠢᠨᠵᠧᠨᠧᠷᠢᠩ ᠨᠢ ᠨᠡᠶᠢᠲᠡ 55 ᠭᠠᠴᠠᠭ᠎ᠠ ᠳᠤ ᠬᠤᠯᠪᠣᠭᠳᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠳᠠᠬᠢ ᠡᠷᠳᠡᠨᠢᠪᠤᠯᠠᠭ | ᠭᠠᠴᠠᠭ᠎ᠠ᠂ ᠦᠷ ᠤᠨ ᠲᠤᠶᠠᠭ᠎ᠠ ᠭᠠᠴᠠᠭ᠎ᠠ᠂ ᠰᠠᠷᠠᠭᠤᠯᠪᠤᠯᠠᠭ ᠭᠠᠴᠠᠭ᠎ᠠ ᠶᠢ ᠴᠥᠮ ᠪᠠᠭᠲᠠᠭᠠᠵᠤ᠂ 2019 ᠣᠨ ᠳᠤ | ᠨᠢᠭᠡᠨᠲᠡ ᠪᠦᠬᠦᠨ ᠢ ᠪᠥᠲᠥᠭᠡᠨ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠪᠠ᠃ ᠭᠡᠪᠡᠴᠦ ᠮᠠᠨ ᠤ | ᠬᠤᠰᠢᠭᠤᠨ ᠤ ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ᠂ ᠮᠠᠯᠴᠢᠳ ᠤᠨ ᠰᠠᠭᠤᠷᠢᠰᠢᠯ ᠨᠡᠯᠢᠶᠡᠳ ᠲᠠᠷᠠᠬᠠᠢ | ᠪᠤᠲᠠᠷᠬᠠᠢ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ | ᠥᠨᠳᠥᠷ ᠮᠥᠷᠲᠡᠭᠡᠨ ᠬᠡᠰᠡᠭ ᠰᠠᠭᠤᠷᠢ ᠥᠷᠲᠡᠭᠡ ᠶᠢᠨ ᠳᠣᠬᠢᠶ᠎ᠠ ᠨᠢ ᠭᠠᠵᠠᠷ ᠤᠨ ᠪᠠᠶᠢᠴᠠ ᠳᠤ ᠨᠣᠴᠢᠲᠠᠢ ᠨᠦᠯᠦᠭᠡᠯᠡᠭᠳᠡᠵᠦ᠂ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ᠳᠡᠭᠡᠷ᠎ᠡ ᠱᠠᠲᠤᠨ ᠠᠴᠠ ᠰᠢᠨ᠎ᠡ ᠪᠠᠷ ᠪᠠᠶᠢᠭᠤᠯᠬᠤ ᠴᠢᠮᠡᠭᠡ | ᠬᠤᠯᠪᠣᠭᠠᠨ ᠤ ᠰᠠᠭᠤᠷᠢ ᠥᠷᠲᠡᠭᠡ ᠶᠢᠨ ᠲᠥᠷᠥᠯ ᠵᠦᠶᠯ ᠢ ᠢᠳᠡᠪᠬᠢᠲᠡᠶ ᠭᠤᠶᠤᠴᠢᠯᠠᠬᠤ ᠶᠢᠨ ᠬᠠᠮᠲᠤ ᠮᠠᠯᠵᠢᠬᠤ ᠡᠷᠦᠬᠡ ᠳᠤ | ᠳᠣᠬᠢᠶᠠᠨ ᠤ ᠲᠣᠮᠣᠳᠬᠠᠭᠤᠷ᠂ ᠰᠢᠯᠵᠢᠮᠡᠯ ᠲᠣᠭᠲᠠᠮᠠᠯ ᠥᠷᠭᠡᠨ ᠪᠦᠰᠡ ᠵᠡᠷᠭᠡ ᠴᠢᠮᠡᠭᠡ ᠬᠤᠯᠪᠣᠭᠠᠨ ᠤ ᠰᠠᠭᠤᠷᠢ ᠥᠷᠲᠡᠭᠡ | ᠳᠤ ᠬᠢᠵᠠᠭᠠᠷᠯᠠᠭᠳᠠᠬᠤ ᠥᠬᠡᠶ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠮᠠᠯᠵᠢᠬᠤ ᠣᠷᠣᠨ ᠤ | ᠴᠢᠮᠡᠭᠡ ᠬᠤᠯᠪᠣᠭᠠᠨ ᠤ ᠳᠣᠬᠢᠶ᠎ᠠ ᠪᠠᠭᠤᠷᠠᠶ ᠪᠠᠶᠢᠭ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠶᠳᠪᠦᠷᠢᠯᠡᠨ᠎ᠡ᠃ | ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ | ᠭᠦᠢᠴᠡᠳᠬᠡᠬᠦ ᠠᠵᠢᠯ ᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠯᠠᠮᠵᠢᠯᠠᠯ ᠳᠡᠮᠵᠢᠯᠭᠡ ᠪᠤᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ | ᠶᠠᠰᠤ ᠴᠢᠨᠠᠷ ᠪᠠ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠭᠰᠡᠨ ᠪᠣᠯᠪᠠᠴᠤ ᠠᠷᠠᠳ ᠤᠨ ᠲᠥᠯᠥᠭᠡᠯᠡᠭᠴᠢᠳ ᠪᠠ | ᠥᠷᠭᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠵᠣᠬᠢᠬᠤ ᠵᠥᠷᠢᠶ᠎ᠡ ᠣᠷᠣᠰᠢᠵᠤ ᠪᠠᠶᠢᠨ᠎ᠠ᠃ | ᠡᠭᠦᠨ ᠤ ᠭᠤᠣᠯ ᠢᠯᠡᠷᠡᠯ ᠨᠢ᠄ ᠨᠢᠭᠡ ᠳᠤ ᠴᠥᠭᠡᠨ ᠲᠣᠭᠠᠨ ᠤ ᠳᠠᠭᠠᠭᠠᠨ ᠭᠦᠢᠴᠡᠳᠬᠡᠬᠦ ᠨᠢᠭᠡᠴᠡ ᠨᠢ ᠮᠥᠨ ᠯᠡ | ᠰᠠᠨᠠᠭᠤᠯᠭ᠎ᠠ ᠶᠢ ᠭᠦᠢᠴᠡᠳᠬᠡᠬᠦ ᠠᠵᠢᠯ ᠤᠨ ᠲᠠᠨᠢᠯᠲᠠ ᠳᠤᠲᠠᠮᠠᠭ᠂ ᠰᠢᠢᠳᠪᠦᠷᠢᠯᠡᠬᠦ ᠢᠳᠡᠪᠬᠢᠵᠢᠯ ᠥᠨᠳᠥᠷ ᠪᠢᠰᠢ᠂ | ᠤᠳᠠᠭᠠᠰᠢᠷᠠᠭᠤᠯᠬᠤ ᠵᠡᠷᠭᠡ ᠦᠵᠡᠭᠳᠡᠯ ᠣᠷᠣᠰᠢᠵᠤ᠂ ᠨᠠᠶᠢᠳᠠᠪᠤᠷᠢᠵᠢᠭᠤᠯᠬᠤ ᠡᠷᠴᠢᠮ ᠢ ᠤᠯᠠᠮ ᠨᠢᠭᠡ ᠠᠯᠬᠤᠮ | ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠶᠠᠷ ᠲᠤ᠂ ᠣᠨᠴᠠ ᠵᠠᠷᠢᠮ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠪᠣᠯᠤᠨ | ᠲᠥᠯᠥᠭᠡᠯᠡᠭᠴᠢ ᠶᠢᠨ ᠬᠤᠭᠤᠷᠣᠨᠳᠣᠬᠢ ᠨᠡᠪᠲᠡᠷᠡᠯᠴᠡᠭᠡ ᠶᠢ ᠪᠠᠰᠠ ᠴᠢᠩᠭᠠᠳᠬᠠᠬᠤ ᠴᠢᠬᠤᠯᠠᠲᠠᠢ ᠪᠠᠶᠢᠵᠤ᠂ ᠰᠠᠨᠠᠭᠤᠯᠭ᠎ᠠ ᠶᠢᠨ | ᠠᠭᠤᠯᠭ᠎ᠠ ᠶᠢᠨ ᠲᠤᠬᠠᠢ ᠰᠤᠳᠤᠯᠭᠠᠨ ᠢ ᠪᠠᠰᠠ ᠤᠯᠠᠮ ᠨᠢᠭᠡ ᠠᠯᠬᠤᠮ ᠭᠦᠨᠵᠡᠭᠡᠶᠢᠷᠡᠬᠦᠯᠵᠦ᠂ ᠲᠥᠯᠥᠭᠡᠯᠡᠭᠴᠢ ᠶᠢᠨ ᠰᠠᠨᠠᠭ᠎ᠠ | ᠵᠣᠷᠢᠯᠲᠠ ᠶᠢᠨ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠬᠤ ᠴᠢᠬᠤᠯᠠᠲᠠᠢ ᠪᠠᠶᠢᠨ᠎ᠠ᠃ ᠭᠤᠷᠪᠠ ᠳᠤ᠂ | ᠬᠡᠰᠡᠭ ᠶᠡᠷᠦᠩᠬᠡᠶᠢᠯᠡᠭᠰᠡᠨ ᠴᠢᠨᠠᠷᠲᠠᠢ ᠰᠠᠨᠠᠭᠤᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠬᠤᠭᠤᠷᠣᠨᠳᠣᠬᠢ | ᠵᠣᠬᠢᠴᠠᠭᠤᠯᠭ᠎ᠠ ᠶᠢ ᠴᠢᠩᠭᠠᠳᠬᠠᠬᠤ ᠴᠢᠬᠤᠯᠠᠲᠠᠢ ᠪᠠᠶᠢᠵᠤ᠂ ᠰᠠᠨᠠᠭᠤᠯᠭ᠎ᠠ ᠶᠢ ᠭᠦᠢᠴᠡᠳᠬᠡᠵᠦ ᠬᠠᠷᠢᠭᠤᠯᠬᠤ ᠬᠤᠷᠳᠤᠴᠠ ᠶᠢ | ᠲᠦᠷᠭᠡᠳᠬᠡᠬᠦ ᠴᠢᠬᠤᠯᠠᠲᠠᠢ ᠪᠠᠶᠢᠨ᠎ᠠ᠃ ᠳᠥᠷᠪᠡ ᠳᠤ᠂ ᠱᠠᠭᠠᠷᠳᠠᠨ ᠭᠦᠢᠴᠡᠳᠬᠡᠬᠦ ᠡᠷᠴᠢᠮ ᠢᠶᠠᠷ ᠬᠦᠷᠦᠯᠴᠡᠬᠦ ᠦᠭᠡᠢ᠂ | ᠰᠠᠨᠠᠭᠠᠴᠢᠯᠠᠭ᠎ᠠ ᠠᠴᠠ ᠪᠠᠨ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠬᠠᠪᠰᠤᠷᠤᠨ ᠵᠠᠳᠠᠯᠵᠤ | ᠰᠢᠶᠳᠪᠦᠷᠢᠯᠡᠬᠦ ᠡᠷᠴᠢᠮ ᠢᠶᠠᠷ ᠨᠡᠯᠢᠶᠡᠳ ᠪᠠᠭ᠎ᠠ ᠪᠠᠶᠢᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ | ᠲᠤᠨᠢ ᠱᠠᠭᠠᠷᠳᠠᠨ ᠪᠠᠶᠢᠴᠠᠭᠠᠬᠤ ᠡᠷᠴᠢᠮ ᠴᠦ ᠬᠦᠷᠦᠯᠴᠡᠬᠦ ᠥᠬᠡᠶ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤ ᠵᠠᠰᠠᠭ ᠤᠨ ᠣᠷᠳᠣᠨ ᠨᠢ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠨ | ᠬᠢᠨᠠᠮᠠᠭᠠᠶ ᠬᠠᠯᠠᠨ ᠰᠠᠶᠢᠵᠢᠷᠠᠭᠤᠯᠵᠤ᠂ ᠭᠦᠢᠴᠡᠳᠬᠡᠬᠦ ᠠᠵᠢᠯ ᠤᠨ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠦᠨ᠎ᠡ᠃ | ᠨᠢᠭᠡ ᠳᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠬᠦ ᠠᠵᠢᠯ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠡᠮᠬᠢᠯᠡᠨ ᠲᠢᠭᠯᠡᠵᠦ᠂ | ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠤᠶᠠᠷ | ᠲᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠰᠠᠨᠠᠭᠤᠯᠭ᠎ᠠ ᠶᠢ ᠭᠦᠢᠴᠡᠳᠬᠡᠬᠦ ᠶᠢᠨ ᠡᠭᠦᠰᠦᠯᠲᠡ ᠪᠠ ᠦᠷ᠎ᠡ | ᠳ᠋ᠦᠩ ᠪᠣᠯᠭᠠᠵᠤ᠂ ᠭᠦᠢᠴᠡᠳᠬᠡᠬᠦ ᠬᠠᠨᠳᠤᠯᠭᠠᠲᠤ ᠴᠢᠨᠠᠷ ᠪᠠ ᠪᠣᠳᠠᠲᠤ ᠪᠦᠳᠤᠮᠵᠢᠳᠤ ᠴᠢᠨᠠᠷ ᠢ ᠲᠠᠰᠤᠷᠠᠯᠳᠠ ᠦᠭᠡᠢ | ᠴᠢᠩᠭᠠᠳᠬᠠᠨ᠎ᠠ᠃ ᠳᠠᠭᠠᠭᠠᠨ ᠭᠦᠶᠴᠡᠳᠬᠡᠬᠦ ᠨᠢᠭᠡᠴᠡ ᠵᠢᠴᠢ ᠠᠵᠢᠯᠲᠠᠨ ᠤ ᠵᠢᠯᠣᠭᠤᠳᠣᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠰᠠᠨᠠᠭᠤᠯᠭ᠎ᠠ ᠶᠢ ᠭᠦᠶᠴᠡᠳᠬᠡᠬᠦ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠭᠤᠷᠪᠠ ᠳᠤ᠂ | ᠥᠩᠭᠡᠷᠡᠭᠰᠡᠨ ᠤ ᠡᠯ᠎ᠡ ᠵᠦᠶᠯ ᠤᠨ ᠭᠦᠶᠴᠡᠳᠬᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠪᠣᠳᠠᠲᠠᠶ ᠠᠳᠬᠤᠬᠤ᠂ ᠨᠠᠷᠢᠯᠢᠭ ᠠᠳᠬᠤᠬᠤ᠂ ᠭᠦᠨᠵᠡᠭᠡᠶ ᠠᠳᠬᠤᠬᠤ ᠳᠡᠭᠡᠷ᠎ᠡ ᠬᠦᠴᠦ ᠲᠠᠯᠪᠢᠵᠤ᠂ ᠭᠦᠶᠴᠡᠳᠬᠡᠬᠦ ᠠᠵᠢᠯ | ᠤᠨ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ᠂ ᠱᠠᠭᠠᠷᠳᠠᠨ ᠭᠦᠶᠴᠡᠳᠬᠡᠬᠦ᠂ ᠬᠠᠷᠢᠭᠤ ᠲᠤᠰᠬᠠᠬᠤ ᠵᠡᠷᠭᠡ ᠠᠵᠢᠯ ᠤᠨ | ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ | ᠳᠥᠷᠪᠡ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠ ᠰᠣᠯᠢᠯᠴᠠᠭ᠎ᠠ ᠪᠠᠨ | ᠤᠯᠠᠮ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠨᠡᠶᠢᠭᠡᠮ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠭᠦᠢᠴᠡᠳᠬᠡᠭᠰᠡᠨ ᠦᠷ᠎ᠡ ᠪᠦᠲᠦᠮᠵᠢ ᠪᠠᠨ ᠪᠠᠲᠤᠳᠬᠠᠨ᠂ ᠠᠮᠠᠯᠠᠯᠲᠠ | ᠪᠠᠨ ᠪᠡᠶᠡᠯᠡᠭᠦᠯᠵᠦ᠂ ᠭᠦᠢᠴᠡᠳᠬᠡᠬᠦ ᠠᠵᠢᠯ ᠤᠨ ᠢᠯᠡ ᠲᠣᠳᠣ᠂ ᠴᠠᠭ ᠲᠤᠬᠠᠢ ᠳᠤᠨᠢ᠂ ᠪᠦᠲᠦᠮᠵᠢᠲᠡᠢ ᠶᠠᠪᠤᠭᠳᠠᠬᠤ ᠶᠢ | ᠪᠠᠲᠤᠯᠠᠨ᠎ᠠ᠃ |