ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠬᠠᠢ ᠱᠠᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠣᠨ | ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ | | ᠴᠠᠭᠠᠨ ᠰᠠᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠣᠨ ᠬᠢᠵᠢᠭ ᠢ ᠰᠡᠷᠭᠡᠶᠢᠯᠡᠨ | ᠬᠤᠷᠢᠭᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢ ᠪᠠᠲᠤᠯᠬᠠᠤ ᠶᠢᠨ ᠲᠤᠰᠠᠳᠠ᠂ 2 ᠰᠠᠷ᠎ᠠ ᠶᠢᠨ 4 ᠤ ᠡᠳᠦᠷ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠬᠠᠢ ᠱᠠᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠪᠠ ᠲᠡᠭᠡᠭᠡᠪᠦᠷᠢ ᠶᠢᠨ ᠬᠠᠮᠢᠶᠠᠷᠤᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠢ ᠳᠠᠶᠢᠴᠢᠯᠠᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠣᠨ | ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ᠃ | ᠬᠠᠢ ᠱᠠᠨ ᠳ᠋ᠧ ᠺᠧ ᠯᠥᠩ ᠴᠢᠯᠦᠭᠡᠲᠦ ᠳᠡᠯᠭᠡᠭᠦᠷ᠂ ᠲᠢᠶᠠᠨ ᠲᠢᠶᠠᠨ ᠲᠦᠷᠭᠡᠨ ᠭᠤᠪᠢᠭᠤᠯᠭ᠎ᠠ᠂ ᠵᠥᠩ ᠰᠢᠨ | ᠲᠣᠰᠣ ᠨᠡᠮᠡᠬᠦ ᠥᠷᠲᠡᠭᠡ᠂ ᠬᠤᠩ ᠴᠧᠩ ᠰᠢᠲᠠᠮᠠᠬᠠᠢ ᠬᠡᠢ ᠶᠢᠨ ᠥᠷᠲᠡᠭᠡ᠂ ᠬᠤᠩ ᠰᠢᠩ ᠬᠤᠸᠠᠷ ᠫᠤᠤᠵᠢᠩ ᠤᠨ | ᠳᠡᠯᠭᠡᠭᠦᠷ᠂ ᠪᠠᠷᠠᠭᠤᠨ ᠦᠵᠦᠮᠦᠴᠢᠨ ᠬᠤᠰᠢᠭᠤᠨ ᠤ ᠭᠠᠯᠲᠤ ᠲᠡᠷᠭᠡᠨ ᠥᠷᠲᠡᠭᠡ ᠵᠡᠷᠭᠡ ᠭᠠᠵᠠᠷ ᠢᠶᠠᠷ ᠬᠦᠷᠴᠦ᠂ | ᠴᠢᠯᠦᠭᠡᠲᠦ ᠳᠡᠯᠭᠡᠭᠦᠷ ᠤᠨ ᠢᠳᠡᠭᠡᠨ ᠤ ᠠᠮᠤᠷ ᠳᠥᠪᠰᠢᠨ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠰᠡᠷᠢᠭᠦᠨ | ᠢᠳᠡᠭᠡᠨ ᠤ ᠬᠠᠮᠢᠶᠠᠷᠤᠯᠲᠠ᠂ ᠪᠠᠷᠠᠭ᠎ᠠ ᠬᠤᠳᠠᠯᠳᠤᠭᠰᠠᠨ ᠳᠠᠩᠰᠠ ᠡᠪᠬᠡᠮᠡᠯ᠂ ᠵᠠᠬ᠎ᠠ ᠳᠡᠯᠭᠡᠭᠦᠷ ᠤᠨ ᠡᠳ᠋ ᠪᠣᠳᠠᠰ ᠤᠨ | ᠬᠠᠩᠭᠠᠯᠭ᠎ᠠ ᠶᠢᠨ ᠬᠡᠮᠵᠢᠶ᠎ᠡ ᠪᠣᠯᠣᠨ ᠬᠤᠸᠠᠷ ᠫᠤᠤᠵᠢᠩ ᠵᠡᠷᠭᠡ ᠬᠢᠯᠪᠠᠷᠬᠠᠨ ᠰᠢᠲᠠᠵᠤ ᠳᠡᠯᠪᠡᠷᠡᠬᠦ ᠠᠶᠤᠯᠲᠠᠢ ᠪᠣᠳᠠᠰ ᠤᠨ | ᠬᠠᠮᠢᠶᠠᠷᠤᠯᠲᠠ᠂ ᠭᠠᠯ ᠤᠨᠲᠠᠷᠠᠭᠠᠬᠤ ᠳᠦᠬᠦᠭᠡᠷᠦᠮᠵᠢ ᠨᠢ ᠬᠡᠪ ᠶᠣᠰᠣᠭᠠᠷ ᠠᠵᠢᠯᠯᠠᠵᠤ ᠴᠢᠳᠠᠬᠤ ᠡᠰᠡᠬᠦ᠂ ᠭᠠᠯ | ᠤᠨᠲᠠᠷᠠᠭᠠᠬᠤ ᠪᠠᠭᠠᠵᠢ ᠬᠡᠷᠡᠭᠰᠡᠯ ᠪᠦᠷᠢᠨ ᠡᠰᠡᠬᠦ ᠵᠡᠷᠭᠡ ᠠᠮᠤᠷ ᠳᠥᠪᠰᠢᠨ ᠡᠵᠡᠩᠨᠡᠯᠲᠡ ᠶᠢᠨ ᠪᠠᠶᠢᠳᠠᠯ᠂ ᠬᠦᠮᠦᠰ ᠤᠨ | ᠪᠡᠶ᠎ᠡ ᠶᠢᠨ ᠬᠠᠯᠠᠭᠤᠨ ᠢ ᠬᠡᠮᠵᠢᠭᠰᠡᠨ ᠪᠠᠶᠢᠳᠠᠯ᠂ ᠡᠮᠦᠨ᠎ᠡ ᠹᠷᠦᠨᠲ ᠤᠨ ᠠᠵᠢᠯᠴᠢᠳ ᠤᠨ ᠪᠥᠭᠡᠮ ᠬᠦᠴᠢᠯ ᠤᠨ | ᠪᠠᠶᠢᠴᠠᠭᠠᠯᠲᠠ᠂ ᠬᠤᠪᠢ ᠬᠦᠮᠦᠨ ᠤ ᠰᠡᠷᠭᠡᠶᠢᠯᠡᠯᠲᠡ ᠶᠢᠨ ᠠᠷᠭ᠎ᠠ ᠬᠡᠯᠪᠡᠷᠢ᠂ ᠭᠠᠳᠠᠨ᠎ᠠ ᠣᠷᠣᠨ ᠠᠴᠠ ᠢᠷᠡᠭᠰᠡᠨ | ᠬᠦᠮᠦᠰ ᠤᠨ ᠬᠠᠮᠢᠶᠠᠷᠤᠯᠲᠠ ᠪᠠ ᠭᠤᠪᠢᠭᠤᠯᠭ᠎ᠠ ᠪᠣᠳᠠᠰ ᠤᠨ ᠭᠦᠢᠯᠭᠡᠭᠡᠨ ᠤ ᠠᠷᠢᠭᠤᠳᠬᠠᠯ ᠵᠡᠷᠭᠡ ᠬᠢᠵᠢᠭ ᠢ | ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠣᠳᠠᠲᠠᠢ ᠪᠠᠶᠢᠳᠠᠯ ᠢ ᠪᠠᠶᠢᠴᠠᠭᠠᠪᠠ᠃ | ᠬᠠᠢ ᠱᠠᠨ ᠵᠢᠭᠠᠬᠤ ᠳᠠᠭᠠᠨ᠂ ᠴᠠᠭᠠᠨ ᠰᠠᠷ᠎ᠠ ᠣᠶᠢᠷᠠᠳᠬᠤ ᠲᠤᠰᠤᠮ ᠠᠶᠤᠯᠭᠦᠢ ᠦᠢᠯᠡᠳᠪᠦᠷᠢᠯᠡᠯ ᠤᠨ | ᠡᠷᠴᠢᠮ ᠢ ᠴᠢᠩᠭᠠᠳᠬᠠᠬᠤ ᠬᠡᠷᠡᠭᠲᠡᠢ᠂ ᠴᠠᠭᠠᠨ ᠰᠠᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠣᠯᠣᠨ | ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠠᠳᠬᠤᠬᠤ ᠪᠣᠯ ᠪᠦᠬᠦ ᠬᠤᠰᠢᠭᠤᠨ ᠤ ᠨᠡᠶᠢᠭᠡᠮ ᠤᠨ ᠠᠮᠤᠷ | ᠲᠣᠭᠲᠠᠭᠤᠨ ᠪᠣᠯᠣᠨ ᠠᠷᠠᠳ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠳᠥᠪᠰᠢᠨ ᠲᠠᠢ | ᠬᠤᠯᠪᠣᠭᠳᠠᠬᠤ ᠲᠣᠮᠣ ᠶᠠᠪᠤᠳᠠᠯ ᠪᠣᠯᠣᠨ᠎ᠠ᠂ ᠡᠯ᠎ᠡ ᠰᠠᠯᠠᠭ᠎ᠠ ᠮᠥᠴᠢᠷ ᠨᠢ ᠠᠶᠤᠯᠭᠦᠢ ᠶᠢᠨ ᠤᠬᠠᠮᠰᠠᠷ ᠪᠣᠯᠣᠨ | ᠬᠠᠷᠢᠭᠤᠴᠠᠯᠭᠠᠲᠤ ᠣᠬᠠᠮᠰᠠᠷ ᠢᠶᠠᠨ ᠡᠷᠬᠡᠪᠰᠢ ᠴᠢᠩᠭᠠᠳᠬᠠᠵᠤ᠂ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠵᠢᠵᠢᠭᠦᠷ ᠡᠭᠡᠯᠵᠢ ᠪᠠᠨ ᠴᠢᠩᠭᠠᠳᠬᠠᠵᠤ᠂ ᠡᠯ᠎ᠡ ᠠᠵᠢᠯ ᠲᠥᠷᠥᠯ ᠤᠨ ᠵᠠᠩᠭᠢᠯᠠᠭ᠎ᠠ ᠶᠢᠨ | ᠭᠤᠭᠴᠤᠭ᠎ᠠ ᠨᠤᠭᠤᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃ | ᠬᠠᠢ ᠱᠠᠨ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠨᠢ ᠠᠮᠤᠷ ᠳᠥᠪᠰᠢᠨ ᠤ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠭᠤᠣᠯᠳᠠᠯᠭ᠎ᠠ ᠶᠢ ᠳᠣᠪᠣᠶᠢᠯᠭᠠᠨ᠂ ᠠᠮᠤᠷ | ᠳᠥᠪᠰᠢᠨ ᠤ ᠳᠠᠯᠳᠠ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠬᠦᠴᠦᠯᠡᠴᠡ ᠪᠠᠨ ᠨᠡᠮᠡᠭᠳᠡᠭᠦᠯᠦᠨ᠂ | ᠴᠠᠭᠠᠨ ᠰᠠᠷ᠎ᠠ ᠶᠢᠨ ᠬᠤᠭᠤᠴᠠᠭᠠᠨ ᠤ ᠲᠡᠮᠦᠷ ᠵᠠᠮ᠂ ᠵᠠᠮ ᠲᠡᠭᠡᠭᠡᠪᠦᠷᠢ᠂ ᠴᠢᠯᠦᠭᠡᠲᠦ ᠳᠡᠯᠭᠡᠭᠦᠷ ᠤᠨ ᠢᠳᠡᠭᠡᠨ ᠤ | ᠠᠮᠤᠷ ᠳᠥᠪᠰᠢᠨ ᠪᠣᠯᠣᠨ ᠰᠢᠲᠠᠮᠠᠬᠠᠢ ᠬᠢᠯᠪᠠᠷᠬᠠᠨ ᠳᠡᠯᠪᠡᠷᠡᠬᠦ ᠠᠶᠤᠯᠲᠠᠢ ᠪᠣᠳᠠᠰ᠂ ᠠᠶᠤᠯᠲᠠᠢ ᠬᠢᠮᠢ ᠶᠢᠨ ᠪᠣᠳᠠᠰ ᠤᠨ | ᠬᠠᠮᠢᠶᠠᠷᠤᠯᠲᠠ ᠵᠡᠷᠭᠡ ᠪᠠᠷ ᠭᠤᠣᠯᠳᠠᠯᠭ᠎ᠠ ᠪᠣᠯᠭᠠᠨ᠂ ᠪᠠᠶᠢᠴᠠᠭᠠᠬᠤ ᠬᠦᠴᠦᠯᠡᠴᠡ ᠪᠠᠨ ᠨᠡᠮᠡᠭᠳᠡᠭᠦᠯᠦᠨ᠂ ᠠᠮᠤᠷ | ᠳᠥᠪᠰᠢᠨ ᠤ ᠳᠠᠯᠳᠠ ᠭᠡᠮ ᠰᠣᠭᠤᠭ ᠢ ᠠᠷᠢᠯᠭᠠᠬᠤ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ ᠤᠨ ᠠᠮᠤᠷ | ᠳᠥᠪᠰᠢᠨ ᠢ ᠦᠨᠡᠨᠬᠦ ᠴᠢᠩᠭᠠᠳᠬᠠᠵᠤ᠂ ᠭᠠᠯ ᠤᠨ ᠠᠶᠤᠯ ᠬᠢᠯᠪᠠᠷᠬᠠᠨ ᠡᠭᠦᠰᠴᠦ ᠮᠡᠳᠡᠬᠦ ᠭᠠᠵᠠᠷ ᠢ | ᠪᠠᠶᠢᠴᠠᠭᠠᠯᠲᠠ ᠶᠢᠨ ᠭᠤᠣᠯ ᠴᠡᠭ ᠪᠣᠯᠭᠠᠵᠤ᠂ ᠠᠮᠤᠷ ᠳᠥᠪᠰᠢᠨ ᠤ ᠬᠠᠷᠢᠭᠤᠴᠠᠯᠭ᠎ᠠ᠂ ᠬᠠᠮᠢᠶᠠᠷᠤᠭᠴᠢ ᠶᠢ | ᠲᠣᠳᠣᠷᠬᠠᠶᠢᠯᠠᠨ᠂ ᠠᠮᠤᠷ ᠳᠥᠪᠰᠢᠨ ᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠬᠢᠵᠢᠭ ᠢ ᠰᠡᠷᠭᠡᠶᠢᠯᠡᠨ ᠬᠤᠷᠢᠭᠯᠠᠬᠤ ᠪᠠ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠦᠨ᠂ ᠡᠮᠦᠨ᠎ᠡ | ᠹᠷᠦᠨᠲ ᠲᠤ ᠠᠵᠢᠯᠯᠠᠵᠤ ᠪᠠᠶᠢᠭ᠎ᠠ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠪᠣᠯᠣᠨ ᠰᠡᠷᠭᠡᠶᠢᠯᠡᠯᠲᠡ ᠶᠢᠨ | ᠲᠠᠷᠢᠯᠭ᠎ᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠢᠷᠡᠵᠦ ᠪᠤᠴᠠᠬᠤ ᠬᠦᠮᠦᠰ ᠤᠨ ᠪᠡᠶ᠎ᠡ ᠶᠢᠨ ᠬᠠᠯᠠᠭᠤᠨ ᠢ | ᠬᠡᠮᠵᠢᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠭᠠᠳᠠᠨ᠎ᠠ ᠣᠷᠣᠨ ᠠᠴᠠ ᠢᠷᠡᠭᠰᠡᠨ ᠬᠦᠮᠦᠰ᠂ ᠣᠨᠴᠠᠭᠠᠶᠢᠯᠠᠨ | ᠲᠡᠭᠡᠭᠡᠪᠦᠷᠢ ᠶᠢᠨ ᠠᠵᠢᠯᠴᠢᠨ ᠤ ᠬᠠᠮᠢᠶᠠᠷᠤᠯᠲᠠ ᠶᠢᠨ ᠬᠦᠴᠦᠯᠡᠴᠡ ᠪᠠᠨ ᠨᠡᠮᠡᠭᠳᠡᠭᠦᠯᠬᠦ ᠶᠢᠨ ᠬᠠᠮᠲᠤ ᠬᠤᠪᠢ ᠬᠦᠮᠦᠨ ᠤ | ᠰᠤᠷᠠᠭ ᠵᠠᠩᠭᠢ ᠶᠢᠨ ᠳᠠᠩᠰᠠᠯᠠᠯᠲᠠ ᠶᠢᠨ ᠳᠦᠷᠢᠮᠵᠢᠭᠦᠨ ᠬᠠᠮᠢᠶᠠᠷᠤᠯᠲᠠ ᠶᠢ ᠴᠢᠩᠭᠠᠳᠬᠠᠵᠤ᠂ ᠬᠤᠪᠢ ᠬᠦᠮᠦᠨ ᠤ | ᠰᠤᠷᠠᠭ ᠵᠠᠩᠭᠢ ᠶᠢ ᠵᠠᠳᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃ ᠲᠦᠷᠭᠡᠨ ᠭᠤᠪᠢᠭᠤᠯᠭ᠎ᠠ ᠪᠣᠳᠠᠰ ᠤᠨ | ᠭᠦᠢᠯᠭᠡᠭᠡᠨ ᠤ ᠠᠵᠢᠯᠴᠢᠳ ᠤᠨ ᠬᠠᠮᠢᠶᠠᠷᠤᠯᠲᠠ ᠪᠣᠯᠣᠨ ᠡᠳ᠋ ᠪᠣᠳᠠᠰ ᠤᠨ ᠠᠷᠢᠭᠤᠳᠬᠠᠯ ᠢ ᠦᠷᠭᠦᠯᠵᠢᠯᠡᠨ ᠰᠠᠶᠢᠲᠤᠷ | ᠬᠢᠵᠦ᠂ ᠭᠤᠪᠢᠭᠤᠯᠭ᠎ᠠ ᠶᠢᠨ ᠲᠠᠯ᠎ᠠ ᠢᠶᠠᠷ ᠬᠢ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠵᠦ᠂ | ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠲᠠᠯ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ | ᠃ ᠴᠠᠭᠠᠨ ᠰᠠᠷ᠎ᠠ ᠶᠢᠨ ᠬᠤᠭᠤᠴᠠᠭᠠᠨ ᠤ ᠵᠢᠵᠢᠭᠦᠷ ᠡᠭᠡᠯᠵᠢ ᠶᠢ ᠴᠢᠩᠭᠠᠳᠬᠠᠨ᠂ ᠠᠳᠡᠯ ᠬᠡᠷᠡᠭ ᠢ ᠰᠡᠷᠭᠡᠶᠢᠯᠡᠬᠦ ᠪᠠ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠠᠰᠠᠭᠤᠳᠠᠯ ᠢ ᠢᠯᠡᠷᠡᠭᠦᠯᠪᠡᠯ ᠳᠠᠷᠤᠶᠢᠬᠠᠨ ᠳᠡᠭᠡᠭᠰᠢ ᠮᠡᠳᠡᠭᠦᠯᠵᠦ | ᠂ ᠳᠠᠷᠤᠶᠢᠬᠠᠨ ᠰᠢᠢᠳᠪᠦᠷᠢᠯᠡᠨ᠂ ᠠᠷᠠᠳ ᠣᠯᠠᠨ ᠲᠦᠮᠡᠨ ᠤ ᠠᠮᠤᠷ ᠲᠠᠶᠢᠪᠣᠩ ᠪᠠᠶᠠᠷ ᠪᠠᠶᠠᠰᠤᠯ ᠲᠠᠢ ᠪᠠᠷ ᠴᠠᠭᠠᠨ | ᠰᠠᠷ᠎ᠠ ᠪᠠᠨ ᠪᠡᠯᠭᠡᠯᠡᠬᠦ ᠶᠢ ᠪᠠᠲᠤᠯᠠᠬᠤ ᠬᠡᠷᠡᠭᠲᠡᠢ ᠭᠡᠪᠡ᠃ | |