| | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2021 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠢ ᠪᠡᠶᠡᠯᠡᠭᠦᠯᠦᠭᠰᠡᠨ ᠪᠠᠶᠢᠳᠠᠯ ᠵᠢᠴᠢ 2022 ᠤᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠰᠡᠨ ᠲᠥᠷᠥᠯ ᠵᠤᠶᠢᠯ ᠤᠨ ᠪᠠᠶᠢᠳᠠᠯ ᠤᠨ ᠲᠤᠬᠠᠢ | ᠮᠡᠳᠡᠭᠦᠯᠦᠯᠲᠡ | — 2022 ᠤᠨ ᠤ 1 ᠰᠠᠷ᠎ᠠ ᠶᠢᠨ 7 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ | ᠳᠡᠭᠡᠷ᠎ᠡ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠲᠡᠳ᠋ ᠲᠠᠷᠤᠭ᠎ᠠ | ᠬᠠᠢ ᠱᠠᠨ | ᠲᠥᠯᠥᠭᠡᠯᠡᠭᠴᠢᠳ ᠡ᠄ | ᠣᠲᠣ ᠪᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ | ᠬᠤᠷᠠᠯ ᠳᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠪᠡᠶᠡᠯᠡᠭᠦᠯᠦᠭᠰᠡᠨ | ᠪᠠᠶᠢᠳᠠᠯ ᠪᠠ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠰᠡᠨ ᠲᠥᠷᠥᠯ ᠵᠤᠶᠢᠯ ᠤᠨ | ᠪᠠᠶᠢᠳᠠᠯ ᠢ ᠬᠠᠷᠢᠭᠤ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃ | ᠨᠢᠭᠡ᠂ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠣᠶᠢᠯ ᠢ ᠪᠡᠶᠡᠯᠡᠭᠦᠯᠦᠭᠰᠡᠨ | ᠪᠠᠶᠢᠳᠠᠯ | 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠶᠢᠵᠦ᠂ ᠮᠦᠨᠴᠦ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠮᠦᠷᠳᠡᠭᠡᠨ ᠡᠭᠦᠷᠭᠡ ᠬᠠᠷᠢᠭᠤᠴᠠᠯᠭ᠎ᠠ ᠬᠦᠨᠳᠦ | ᠶᠤᠮ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠦᠷ᠎ᠡ ᠪᠦᠳᠦᠮᠵᠢᠳᠡᠢ ᠰᠠᠶᠢᠲᠤᠷ | ᠪᠡᠶᠡᠯᠡᠬᠦᠯᠵᠦ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠠᠶᠢᠯᠭᠠᠬᠤ ᠶᠢᠨ ᠲᠤᠯᠠᠳᠠ᠂ ᠬᠤᠰᠢᠭᠤ ᠵᠠᠰᠠᠭ ᠤᠨ ᠤᠷᠳᠤᠨ ᠨᠢ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠪᠠ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠯᠥᠭᠡᠯᠡᠭᠴᠢᠳ ᠤᠨ ᠫᠢᠶᠤᠤ ᠥᠭᠬᠦ ᠳᠦᠷᠢᠮ ᠤᠨ ︽ᠭᠤᠷᠪᠠᠨ ᠱᠠᠲᠤ᠂ ᠵᠢᠷᠭᠤᠭᠠᠨ ᠭᠤᠭᠴᠤᠭ᠎ᠠ︾ ᠶᠢᠨ | ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠳᠡ ᠶᠢ | ᠪᠠᠷᠢᠮᠲᠠᠯᠠᠵᠤ᠂ ᠬᠠᠤᠯᠢ ᠶᠣᠰᠣᠭᠠᠷ ᠠᠯᠬᠤᠮ ᠳᠠᠷᠠᠭ᠎ᠠ ᠲᠠᠢ ᠪᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠨ᠂ ᠦᠨᠡᠨ ᠠᠴᠠ | ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠨᠠᠷᠢᠯᠢᠭ ᠤᠨᠤᠪᠴᠢᠳᠠᠢ ᠪᠠᠷ ᠲᠤᠬᠢᠷᠠᠭᠤᠯᠤᠨ ᠪᠠᠶᠢᠷᠢᠯᠠᠭᠤᠯᠵᠦ᠂ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 4 ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠰ ᠵᠢᠯ ᠳᠡᠭᠡᠨ ᠲᠡᠭᠦᠰ ᠠᠮᠵᠢᠯᠲᠠ ᠲᠠᠢ ᠪᠡᠶᠡᠯᠡᠭᠦᠯᠵᠦ᠂ | ᠶᠡᠷᠤᠩᠬᠡᠢ ᠪᠡᠯᠡ ᠤᠷᠤᠭᠤᠯᠤᠯᠳᠠ ᠨᠢ 1.1 ᠳ᠋ᠦᠩᠰᠢᠭᠤᠷ ᠳᠦᠭᠦᠷᠢᠭ ᠲᠤ ᠬᠦᠷᠴᠦ᠂ ᠡᠭᠦᠨ ᠳᠤ ᠭᠠᠵᠠᠷ ᠤᠷᠤᠨ ᠤ | ᠡᠳ᠋ ᠤᠨ ᠵᠠᠰᠠᠭ ᠠᠴᠠ 3440.8 ᠲᠦᠮᠡᠨ ᠳᠦᠭᠦᠷᠢᠭ ᠤᠨ ᠪᠡᠯᠡ ᠮᠦᠩᠭᠦ ᠲᠤᠬᠢᠷᠠᠭᠤᠯᠪᠠ᠃ 2021 ᠣᠨ ᠳᠤ 3 | ᠲᠦᠷᠦᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠤᠨ᠂ 1 ᠲᠦᠷᠦᠯ ᠵᠦᠢᠯ ᠤᠨ | ᠪᠠᠷᠢᠯᠭ᠎ᠠ ᠶᠢᠨ ᠭᠤᠣᠯ ᠴᠤᠭᠴᠠ ᠶᠢ ᠨᠢᠭᠡᠨᠲᠡ ᠪᠠᠶᠢᠭᠤᠯᠵᠤ᠂ ᠣᠬᠢ ᠰᠠᠶᠢᠨ ᠨᠡᠶᠢᠭᠡᠮ ᠤᠨ ᠦᠷ᠎ᠡ ᠠᠰᠢᠭ ᠪᠠ ᠠᠷᠠᠳ ᠤᠨ | ᠠᠮᠢᠳᠤᠷᠠᠯ ᠤᠨ ᠦᠷ᠎ᠡ ᠠᠰᠢᠭ ᠢ ᠤᠯᠪᠠ᠃ | ︵ᠨᠢᠭᠡ︶ ᠰᠢᠨᠡᠭᠤᠣᠯ ᠭᠠᠴᠠᠭ᠎ᠠ ᠠᠴᠠ ᠭᠤᠷᠤᠬᠠᠨ ᠪᠠᠯᠭᠠᠰᠤ ᠬᠥᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠢᠨᠵᠧᠨᠧᠷᠢᠩ᠃ ᠲᠥᠷᠥᠯ ᠵᠦᠢᠯ ᠳᠤ ᠨᠡᠶᠢᠲᠡ 4323 ᠲᠦᠮᠡᠨ ᠲᠥᠭᠦᠷᠢᠭ ᠤᠨ ᠪᠡᠯᠡ ᠮᠦᠩᠭᠦ ᠤᠷᠤᠭᠤᠯᠵᠦ᠂ | ᠡᠭᠦᠨ ᠳᠤ ᠭᠠᠵᠠᠷ ᠤᠷᠤᠨ ᠤ ᠡᠳ᠋ ᠤᠨ ᠵᠠᠰᠠᠭ ᠠᠴᠠ 1140.8 ᠳᠦᠮᠡᠨ ᠳᠦᠭᠦᠷᠢᠭ ᠤᠨ ᠪᠡᠯᠡ ᠮᠥᠩᠭᠦ ᠲᠤᠬᠢᠷᠠᠭᠤᠯᠪᠠ᠃ | ᠲᠣᠰ ᠳᠦᠷᠦᠯ ᠵᠦᠢᠯ ᠳᠤ 6.65 ᠺᠢᠯᠣᠮᠧᠲᠷ ᠵᠠᠮ ᠤᠨ ᠭᠠᠳᠠᠷᠭᠤ᠂ 71.67 ᠺᠢᠯᠣᠮᠧᠲᠷ ᠪᠠᠷᠤᠭᠰᠢᠨ ᠤ ᠭᠠᠳᠠᠷᠭᠤ ᠶᠢ | ᠰᠡᠯᠪᠢᠨ ᠵᠠᠰᠠᠪᠠ᠃ 2021 ᠣᠨ ᠤ 7 ᠰᠠᠷ᠎ᠠ ᠳᠤ ᠠᠵᠢᠯ ᠡᠬᠢᠯᠡᠭᠦᠯᠵᠦ᠂ 2021 ᠣᠨ ᠤ 10 ᠰᠠᠷ᠎ᠠ ᠳᠤ | ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠪᠡ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠨᠢ ᠤᠯᠠᠭᠠᠨ | ᠬᠠᠭᠠᠯᠭ᠎ᠠ ᠰᠤᠮᠤ ᠪᠣᠯᠤᠨ ᠭᠤᠷᠤᠬᠠᠨ ᠪᠠᠯᠭᠠᠰᠤᠨ ᠤ ᠰᠠᠭᠤᠭᠠᠯᠢ ᠳᠤᠭᠤᠷᠢᠭ ᠪᠠ ᠵᠠᠮ ᠳᠠᠭᠠᠤ ᠶᠢᠨ 5 ᠭᠠᠴᠠᠭᠠᠨ ᠤ ᠵᠠᠮ | ᠬᠠᠷᠢᠯᠴᠠᠭᠠᠨ ᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠯᠴᠢᠨ ᠲᠦᠮᠡᠨ ᠤ ᠶᠠᠪᠤᠵᠤ ᠰᠠᠭᠤᠬᠤ ᠳᠤ | ᠬᠦᠴᠢᠷᠲᠡᠶ ᠠᠰᠠᠭᠤᠳᠠᠯ ᠢ ᠦᠨᠡᠨᠬᠦ ᠰᠢᠢᠳᠪᠦᠷᠢᠯᠡᠪᠡ᠃ | ︵ᠬᠤᠶᠠᠷ︶ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠳᠤᠭᠤᠷᠢᠭ ᠢ | ᠰᠢᠨ᠎ᠡ ᠪᠠᠷ ᠪᠠᠶᠢᠭᠤᠯᠬᠤ ᠢᠨᠵᠧᠨᠧᠷᠢᠩ᠃ ᠲᠦᠷᠦᠯ ᠵᠤᠶᠢᠯ ᠳᠤ ᠨᠠᠶᠢᠳᠠ 3650 ᠲᠦᠮᠡᠨ ᠲᠥᠭᠦᠷᠢᠭ ᠤᠨ ᠪᠡᠯᠡ | ᠤᠷᠤᠭᠤᠯᠵᠦ᠂ ᠡᠭᠦᠨ ᠳᠤ ᠭᠠᠵᠠᠷ ᠤᠷᠤᠨ ᠤ ᠡᠳ᠋ ᠤᠨ ᠵᠠᠰᠠᠭ ᠠᠴᠠ 900 ᠳᠦᠮᠡᠨ ᠳᠦᠭᠦᠷᠢᠭ ᠤᠨ ᠪᠡᠯᠡ ᠮᠥᠩᠭᠦ | ᠲᠤᠬᠢᠷᠠᠭᠤᠯᠪᠠ᠃ ᠲᠤᠰ ᠳᠦᠷᠦᠯ ᠵᠦᠢᠯ ᠤᠨ ᠡᠵᠡᠯᠡᠬᠦ ᠲᠠᠯᠠᠪᠠᠶ ᠨᠢ 15300 ᠲᠡᠭᠰᠢ ᠳᠥᠷᠪᠡᠯᠵᠢᠨ ᠮᠧᠲᠷ᠂ | ᠪᠠᠷᠢᠯᠭ᠎ᠠ ᠶᠢᠨ ᠲᠠᠯᠠᠪᠠᠶ ᠨᠢ 4148 ᠲᠡᠭᠰᠢ ᠳᠥᠷᠪᠡᠯᠵᠢᠨ ᠮᠧᠲᠷ ᠪᠠᠶᠢᠵᠤ᠂ ᠡᠮᠴᠢᠯᠡᠭᠡᠨ ᠤ ᠲᠣᠭᠤᠷᠢᠭ ᠪᠠ ᠠᠮᠢᠳᠤᠷᠠᠯ ᠤᠨ | ᠲᠣᠭᠤᠷᠢᠭ ᠢ ᠪᠠᠶᠢᠭᠤᠯᠤᠨ᠂ ᠬᠠᠮᠢᠶᠠᠷᠤᠯᠲᠠ ᠳᠤ ᠬᠡᠷᠡᠭᠯᠡᠬᠦ ᠭᠡᠷ᠂ ᠭᠠᠯ ᠤᠨᠲᠠᠷᠠᠭᠠᠬᠤ ᠳᠦᠬᠦᠭᠡᠷᠦᠮᠵᠢ᠂ ᠲᠡᠷᠭᠡ | ᠵᠣᠭᠰᠣᠭᠠᠬᠤ ᠭᠠᠵᠠᠷ᠂ ᠭᠦᠷᠢᠶ᠎ᠠ ᠵᠡᠷᠭᠡ ᠲᠦᠭᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ ᠲᠦᠷᠦᠯ | ᠵᠤᠶᠢᠯ ᠢ 2021 ᠤᠨ ᠤ 3 ᠰᠠᠷ᠎ᠠ ᠳᠤ ᠠᠵᠢᠯ ᠡᠬᠢᠯᠡᠭᠦᠯᠵᠤ᠂ 2021 ᠣᠨ ᠤ 12 ᠰᠠᠷ᠎ᠠ ᠳᠤ ᠪᠠᠶᠢᠭᠤᠯᠵᠤ | ᠳᠠᠭᠤᠰᠬᠠᠨ ᠠᠰᠢᠭᠯᠠᠯᠳᠠ ᠳᠤ ᠤᠷᠤᠭᠤᠯᠪᠠ᠃ ᠲᠤᠰ ᠲᠥᠷᠥᠯ ᠵᠤᠶᠢᠯ ᠢ ᠠᠰᠢᠭᠯᠠᠯᠳᠠ ᠳᠤ ᠤᠷᠤᠭᠤᠯᠤᠭᠰᠠᠨ ᠨᠢ ᠮᠠᠨ ᠤ | ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠡᠪᠡᠳᠴᠢᠨ ᠡᠮᠭᠡᠭ ᠢ ᠡᠮᠨᠡᠨ ᠵᠠᠰᠠᠬᠤ | ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠲᠡᠨ ᠤ ᠡᠮᠴᠢᠯᠡᠭᠦᠯᠭᠦ ᠱᠠᠭᠠᠷᠳᠠᠯᠭ᠎ᠠ ᠶᠢ | ᠨᠡᠩ ᠰᠠᠶᠢᠳᠤᠷ ᠬᠠᠩᠭᠠᠪᠠ᠃ | ︵ᠭᠤᠷᠪᠠ︶ ᠵᠡᠮᠳᠡᠭᠴᠦᠳ ᠤᠨ ᠡᠷᠡᠭᠦᠯᠵᠢᠯ ᠤᠨ ᠲᠥᠪ ᠵᠢᠴᠢ ᠶᠡᠷᠦᠩᠬᠡᠶᠢᠯᠡᠭᠰᠡᠨ ᠤᠶᠢᠯᠡᠴᠢᠯᠡᠭᠡᠨ ᠤ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ᠃ ᠲᠥᠷᠥᠯ ᠵᠦᠢᠯ ᠳᠤ ᠨᠠᠶᠢᠳᠠ 2642 ᠲᠦᠮᠡᠨ | ᠲᠥᠭᠦᠷᠢᠭ ᠤᠨ ᠪᠡᠯᠡ ᠤᠷᠤᠭᠤᠯᠵᠦ᠂ ᠡᠭᠦᠨ ᠳᠤ ᠭᠠᠵᠠᠷ ᠤᠷᠤᠨ ᠤ ᠡᠳ᠋ ᠤᠨ ᠵᠠᠰᠠᠭ ᠠᠴᠠ 1400 ᠳᠦᠮᠡᠨ | ᠳᠦᠭᠦᠷᠢᠭ ᠤᠨ ᠪᠡᠯᠡ ᠮᠥᠩᠭᠦ ᠲᠤᠬᠢᠷᠠᠭᠤᠯᠪᠠ᠃ ᠲᠤᠰ ᠳᠦᠷᠦᠯ ᠵᠦᠢᠯ ᠤᠨ ᠡᠵᠡᠯᠡᠭᠦ ᠲᠠᠯᠠᠪᠠᠢ ᠨᠢ 5000 ᠲᠡᠭᠰᠢ | ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 5000 ᠲᠡᠭᠰᠢ ᠲᠦᠷᠪᠡᠯᠵᠢᠨ ᠮᠧᠲᠷ ᠪᠠᠶᠢᠵᠤ᠂ ᠬᠤᠶᠠᠳᠤᠭᠠᠷ | ᠳᠡᠰ ᠤᠨ ᠵᠡᠮᠳᠡᠭᠴᠦᠳ ᠤᠨ ᠡᠷᠡᠭᠦᠯᠵᠢᠯ ᠤᠨ ᠲᠥᠪ ᠵᠢᠴᠢ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠦᠭᠦᠭᠡᠷᠦᠮᠵᠢ ᠶᠢᠨ | ᠠᠰᠠᠷ ᠢ ᠪᠠᠶᠢᠭᠤᠯᠤᠨ᠂ ᠭᠠᠯ ᠤᠨᠲᠠᠷᠠᠭᠠᠬᠤ᠂ ᠳᠤᠯᠠᠭᠠᠯᠠᠭ᠎ᠠ ᠬᠠᠩᠭᠠᠬᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ | ᠤᠰᠤ ᠵᠠᠯᠠᠬᠤ ᠵᠢᠴᠢ ᠭᠠᠯ ᠤᠨᠲᠠᠷᠠᠭᠠᠬᠤ ᠳᠤ ᠬᠡᠷᠡᠭᠯᠡᠬᠦ ᠤᠰᠤ ᠬᠠᠳᠠᠭᠠᠯᠠᠬᠤ ᠴᠥᠭᠦᠷᠥᠮ ᠵᠡᠷᠭᠡ ᠶᠢ ᠢᠵᠢ ᠪᠥᠷᠢᠳᠦᠭᠦᠯᠦᠨ | ᠪᠥᠲᠥᠭᠡᠨ ᠪᠠᠶᠢᠭᠤᠯᠤᠨ᠎ᠠ᠃ ᠲᠤᠰ ᠲᠦᠷᠦᠯ ᠵᠦᠢᠯ ᠢ 2021 ᠣᠨ ᠤ 4 ᠰᠠᠷ᠎ᠠ ᠳᠤ ᠠᠵᠢᠯ ᠡᠬᠢᠯᠡᠭᠦᠯᠵᠦ᠂ ᠪᠠᠷᠢᠯᠭ᠎ᠠ ᠶᠢᠨ | ᠭᠤᠣᠯ ᠴᠤᠭᠴᠠ ᠶᠢ ᠨᠢᠭᠡᠨᠲᠡ ᠪᠠᠶᠢᠭᠤᠯᠵᠤ ᠳᠠᠭᠤᠰᠬᠠᠪᠠ᠃ ᠵᠢᠱᠢᠯᠲᠡ ᠪᠠᠷ 2022 ᠣᠨ ᠤ 10 ᠰᠠᠷ᠎ᠠ ᠳᠤ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠵᠡᠮᠳᠡᠭᠴᠦᠳ ᠤᠨ ᠤᠶᠢᠯᠡᠰ ᠤᠨ ᠬᠥᠭᠵᠢᠯᠲᠡ ᠶᠢ ᠠᠬᠢᠭᠤᠯᠤᠨ᠂ ᠮᠠᠨ ᠤ ᠬᠤᠰᠢᠭᠤᠨ ᠤ ᠵᠡᠮᠳᠡᠭᠴᠦᠳ ᠤᠨ ᠡᠷᠡᠭᠦᠯᠵᠢᠯ ᠤᠨ | ᠪᠠᠶᠢᠳᠠᠯ ᠢ ᠰᠠᠶᠢᠵᠢᠷᠠᠭᠤᠯᠵᠤ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠨ᠂ ᠡᠷᠡᠭᠦᠯᠵᠢᠯ᠂ ᠰᠤᠷᠭᠠᠨ ᠭᠦᠮᠦᠵᠢᠯ᠂ | ᠠᠵᠢᠯ ᠤᠯᠭᠤᠯᠳᠠ ᠵᠡᠷᠭᠡ ᠵᠡᠮᠳᠡᠭ ᠭᠦᠮᠦᠰ ᠤᠨ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠣᠳᠠᠲᠠᠶ ᠠᠰᠠᠭᠤᠳᠠᠯ ᠢ ᠪᠦᠳᠦᠮᠵᠢᠳᠡᠢ ᠰᠢᠢᠳᠪᠤᠷᠢᠯᠡᠨ᠎ᠠ᠃ | ︵ᠲᠦᠷᠪᠡ︶ ᠰᠦᠢᠳᠦᠭᠰᠡᠨ ᠮᠠᠯ ᠢ ᠪᠤᠬᠢᠷᠳᠤᠯ ᠦᠭᠡᠢ ᠰᠢᠢᠳᠪᠤᠷᠢᠯᠡᠭᠦ ᠦᠢᠯᠡᠳᠪᠦᠷᠢ ᠶᠢᠨ ᠪᠦᠳᠦᠭᠡᠨ ᠪᠠᠶᠢᠭᠤᠯᠤᠯᠳᠠ | ᠶᠢᠨ ᠲᠥᠷᠥᠯ ᠵᠦᠢᠯ᠃ ᠲᠥᠷᠥᠯ ᠵᠦᠢᠯ ᠳᠤ ᠨᠠᠶᠢᠳᠠ 500 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠴᠦᠮ | ᠲᠥᠪ ᠠᠴᠠ ᠰᠢᠭᠤᠳ ᠪᠠᠭᠤᠯᠭᠠᠭᠰᠠᠨ ᠪᠡᠯᠡ ᠮᠦᠩᠭᠦ ᠪᠤᠯᠤᠨ᠎ᠠ᠃ ᠲᠤᠰ ᠳᠦᠷᠦᠯ ᠵᠦᠢᠯ ᠤᠨ ᠡᠵᠡᠯᠡᠬᠦ ᠲᠠᠯᠠᠪᠠᠶ ᠨᠢ | 5000 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 1773 ᠲᠡᠭᠰᠢ ᠳᠥᠷᠪᠡᠯᠵᠢᠨ ᠮᠧᠲᠷ᠂ ᠡᠳᠦᠷ ᠲᠤ | ᠬᠠᠮᠤᠭ ᠤᠨ ᠶᠡᠭᠡ ᠰᠢᠢᠳᠪᠤᠷᠢᠯᠡᠭᠦ ᠴᠢᠳᠠᠪᠤᠷᠢ ᠨᠢ 4.5 ᠲᠣᠨ᠂ ᠵᠢᠯ ᠳᠤ ᠬᠠᠮᠤᠭ ᠤᠨ ᠶᠡᠭᠡ ᠰᠢᠢᠳᠪᠤᠷᠢᠯᠡᠭᠦ ᠴᠢᠳᠠᠪᠤᠷᠢ ᠨᠢ | 1350 ᠲᠣᠨ ᠪᠣᠯᠤᠨ᠎ᠠ᠃ ᠲᠥᠷᠥᠯ ᠵᠤᠶᠢᠯ ᠢ 2021 ᠤᠨ ᠤ 6 ᠰᠠᠷ᠎ᠠ ᠠᠴᠠ ᠠᠵᠢᠯ ᠡᠬᠢᠯᠡᠭᠦᠯᠵᠤ᠂ 10 ᠰᠠᠷ᠎ᠠ ᠳᠤ | ᠬᠢᠨᠠᠨ ᠰᠢᠯᠭᠠᠬᠤ ᠠᠵᠢᠯ ᠢ ᠳᠠᠭᠤᠰᠬᠠᠪᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠮᠠᠨ ᠤ | ᠬᠤᠰᠢᠭᠤᠨ ᠤ ᠬᠢᠵᠢᠭ ᠡᠪᠡᠳᠴᠢᠨ ᠢᠶᠠᠷ ᠦᠬᠦᠵᠦ ᠰᠦᠢᠳᠦᠭᠰᠡᠨ ᠮᠠᠯ ᠢ ᠪᠤᠬᠢᠷᠳᠤᠯ ᠦᠭᠡᠢ ᠰᠢᠢᠳᠪᠤᠷᠢᠯᠡᠭᠦ ᠠᠵᠢᠯ ᠢ ᠪᠥᠬᠦ | ᠲᠠᠯ᠎ᠠ ᠪᠠᠷ ᠠᠬᠢᠭᠤᠯᠵᠤ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠠᠷᠭ᠎ᠠ ᠠᠪᠴᠠᠯ ᠢ ᠲᠡᠭᠦᠯᠳᠡᠷᠵᠢᠭᠦᠯᠦᠨ | ᠂ ᠠᠮᠢ ᠠᠬᠤᠶ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠳᠤᠯᠠᠵᠤ᠂ ᠮᠠᠯ ᠠᠵᠤ ᠠᠬᠤᠶ ᠶᠢᠨ | ᠡᠷᠡᠭᠦᠯ ᠭᠦᠭᠵᠢᠯᠳᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠢ ᠦᠵᠡᠭᠦᠯᠦᠨ᠎ᠡ᠃ | ᠬᠤᠶᠠᠷ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠰᠡᠨ ᠲᠥᠷᠥᠯ ᠵᠤᠶᠢᠯ ᠤᠨ ᠪᠤᠢ | ᠪᠤᠯᠤᠭᠰᠠᠨ ᠪᠠᠶᠢᠳᠠᠯ | 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠵᠢᠯ ᠤᠨ ᠲᠤᠷᠰᠢᠯᠭ᠎ᠠ ᠪᠠᠨ | ᠰᠠᠶᠢᠳᠤᠷ ᠳ᠋ᠦᠩᠨᠡᠭᠰᠡᠨ ᠤ ᠰᠠᠭᠤᠷᠢᠨ ᠳᠡᠭᠡᠷ᠎ᠡ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠤᠶᠢᠯ ᠢ ᠨᠠᠩ ᠪᠣᠳᠠᠲᠠᠶ ᠮᠦᠷᠳᠡᠭᠡᠨ ᠠᠷᠠᠳ ᠣᠯᠠᠨ ᠳᠤ ᠨᠡᠩ ᠬᠠᠨᠤᠮᠵᠢᠲᠠᠶ ᠰᠠᠶᠢᠨ ᠬᠢᠭᠦ ᠶᠢᠨ ᠲᠥᠯᠥᠭᠡ᠂ | ᠬᠤᠰᠢᠭᠤ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥᠯ ᠵᠦᠢᠯ ᠢ ᠡᠯᠰᠡᠬᠦ | ᠠᠩᠬᠠᠨ ᠤ ᠱᠠᠲᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ 2021 ᠣᠨ ᠤ 11 | ᠰᠠᠷ᠎ᠠ ᠠᠴᠠ ᠡᠬᠢᠯᠡᠨ ᠲᠦᠷᠦᠯ ᠵᠤᠶᠢᠯ ᠡᠯᠰᠡᠨ ᠴᠤᠭᠯᠠᠭᠤᠯᠬᠤ ᠲᠥᠰᠦᠯ ᠢ ᠰᠤᠳᠤᠯᠤᠨ ᠲᠤᠭᠲᠠᠭᠠᠬᠤ ᠶᠢᠨ ᠬᠠᠮᠲᠤ ᠪᠦᠬᠦ | ᠬᠤᠰᠢᠭᠤᠨ ᠤ ᠬᠡᠪᠴᠢᠶᠡᠨ ᠳᠤ ᠲᠥᠷᠥᠯ ᠵᠤᠶᠢᠯ ᠢ ᠡᠯᠰᠡᠨ ᠴᠤᠭᠯᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠭᠦᠨᠵᠡᠭᠡᠢ | ᠦᠷᠨᠢᠭᠦᠯᠪᠠ᠃ ᠲᠥᠷᠥᠯ ᠵᠤᠶᠢᠯ ᠢ ᠭᠤᠤᠯᠳᠠᠭᠤ ᠨᠡᠶᠢᠭᠡᠮ ᠨᠡᠶᠢᠲᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ | ᠪᠠᠶᠢᠭᠤᠯᠭ᠎ᠠ ᠨᠢᠭᠡᠴᠠ ᠠᠴᠠ ᠥᠷᠭᠡᠨ ᠲᠡᠯᠭᠡᠷᠡᠩᠭᠦᠢ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠠᠷᠠᠳ ᠤᠨ ᠠᠮᠢᠳᠤᠷᠠᠯ ᠤᠨ | ᠪᠤᠳᠠᠳᠤ ᠶᠠᠪᠤᠳᠠᠯ ᠤᠨ ᠵᠢᠱᠢᠭᠰᠡᠨ ᠲᠦᠷᠦᠯ ᠵᠤᠶᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠶᠢᠳᠠ 500 ᠭᠠᠷᠤᠢ ᠵᠤᠷᠪᠤᠰ | ᠬᠤᠷᠢᠶᠠᠪᠠ᠃ ᠬᠤᠰᠢᠭᠤ ᠵᠠᠰᠠᠭ ᠤᠨ ᠤᠷᠳᠤᠨ ᠠᠴᠠ ᠰᠠᠨᠠᠯ ᠰᠠᠨᠠᠭᠤᠯᠭ᠎ᠠ ᠶᠢᠨ ᠳᠦᠪᠯᠡᠷᠡᠭᠰᠡᠨ ᠪᠠᠶᠢᠳᠠᠯ᠂ ᠲᠥᠷᠥᠯ | ᠵᠤᠶᠢᠯ ᠤᠨ ᠪᠠᠯᠠ ᠮᠥᠩᠭᠦ ᠶᠢᠨ ᠢᠷᠡᠯᠲᠡ ᠪᠠ ᠬᠡᠷᠡᠭᠵᠢᠭᠦᠯᠬᠦ ᠨᠥᠬᠦᠴᠡᠯ ᠵᠡᠷᠭᠡ ᠶᠢ ᠶᠡᠷᠤᠩᠬᠡᠶᠢᠯᠡᠨ ᠪᠤᠳᠤᠯᠬᠢᠯᠠᠭᠰᠠᠨ ᠤ | ᠳ᠋ᠦᠩ ᠳᠤ ᠠᠩᠬ᠎ᠠ ᠠᠯᠬᠤᠮ 8 ᠲᠦᠷᠦᠯ ᠵᠤᠶᠢᠯ ᠢ ᠰᠤᠩᠭᠤᠨ ᠦᠯᠡᠳᠡᠭᠡᠵᠦ᠂ ᠬᠤᠰᠢᠭᠤ ᠵᠠᠰᠠᠭ ᠤᠨ ᠣᠷᠳᠣᠨ ᠤ ᠨᠠᠮ ᠤᠨ | ᠳᠤᠭᠤᠶᠢᠯᠠᠩ ᠤᠨ ᠬᠤᠷᠠᠯ ᠪᠣᠯᠤᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠤᠨ ᠬᠤᠷᠠᠯ ᠳᠤ | ᠳᠡᠪᠰᠢᠬᠦᠯᠦᠨ 5 ᠵᠢᠱᠢᠭᠰᠡᠨ ᠲᠥᠷᠥᠯ ᠵᠦᠢᠯ ᠢ | ︵ᠳᠦᠷᠦᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 6603 ᠲᠦᠮᠡᠨ ᠲᠥᠭᠦᠷᠢᠭ ᠪᠣᠯᠤᠨ᠎ᠠ︶ ᠰᠤᠳᠤᠯᠤᠨ | ᠲᠤᠭᠲᠠᠭᠠᠬᠤ ᠶᠢᠨ ᠬᠠᠮᠳᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠠᠢᠮᠠᠳᠤᠭᠠᠷ ᠤᠳᠠᠭᠠᠨ ᠤ ᠬᠤᠷᠠᠯᠳᠤᠭᠠᠨ | ᠳᠤ ᠲᠡᠪᠰᠢᠭᠦᠯᠦᠨ ᠬᠢᠨᠡᠨ ᠵᠦᠪᠯᠡᠭᠰᠡᠨ ᠤ ᠲᠠᠷᠠᠭ᠎ᠠ᠂ ᠬᠠᠮᠤᠭ ᠰᠡᠭᠦᠯ ᠳᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ ᠳᠦᠯᠦᠭᠡᠯᠡᠭᠴᠢᠳ ᠫᠢᠶᠤᠤ ᠦᠭᠴᠦ ᠲᠤᠭᠳᠠᠭᠠᠵᠦ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ | ᠤᠨ ᠵᠢᠱᠢᠭᠰᠡᠨ ᠲᠦᠷᠦᠯ ᠵᠤᠶᠢᠯ ᠢ ᠪᠦᠷᠢᠯᠳᠦᠬᠦᠯᠪᠡ᠃ | ᠲᠦᠷᠦᠯ ᠵᠦᠢᠯ ᠢ ᠰᠣᠩᠭᠤᠬᠤ ᠶᠠᠪᠤᠴᠠ ᠳᠤ ᠪᠢᠳᠡ ᠳᠣᠣᠷᠠᠬᠢ ᠭᠤᠷᠪᠠᠨ ᠲᠠᠯ᠎ᠠ ᠶᠢ ᠤᠨᠴᠠᠭᠠᠶᠢᠯᠠᠨ ᠴᠢᠬᠤᠯᠠᠴᠢᠯᠠᠪᠠ᠃ | ᠨᠢᠭᠡ ᠳᠤ᠂ ᠠᠷᠠᠳ ᠤᠨ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠠᠷᠠᠳ ᠤᠯᠠᠨ ᠳᠤ ᠨᠡᠶᠢᠳᠡᠮ ᠠᠰᠢᠭ ᠬᠦᠷᠳᠡᠭᠡᠬᠦ ᠶᠢ | ᠴᠢᠬᠤᠯᠠᠴᠢᠯᠠᠪᠠ᠃ ᠰᠠᠨᠠᠯ ᠰᠠᠨᠠᠭᠤᠯᠭ᠎ᠠ ᠬᠤᠷᠢᠶᠠᠬᠤ ᠶᠠᠪᠤᠴᠠ ᠳᠤ᠂ ᠨᠡᠶᠢᠭᠡᠮ ᠤᠨ ᠣᠯᠠᠨ ᠨᠡᠶᠢᠲᠡ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ︽ᠰᠠᠨᠠᠯ | ᠰᠠᠨᠠᠭᠤᠯᠭ᠎ᠠ ᠳᠤᠷᠠᠳᠬᠤ︾ ᠳᠤ ᠢᠳᠡᠪᠬᠢᠲᠡᠶ ᠣᠷᠣᠯᠴᠠᠬᠤ ᠶᠢ ᠬᠥᠲᠥᠯᠥᠨ ᠵᠢᠯᠤᠭᠤᠳᠴᠦ᠂ ᠠᠷᠠᠳ ᠤᠨ ᠠᠮᠢᠳᠤᠷᠠᠯ ᠤᠨ | ᠪᠤᠳᠠᠳᠤ ᠶᠠᠪᠤᠳᠠᠯ ᠤᠨ ᠵᠢᠱᠢᠭᠰᠡᠨ ᠳᠦᠷᠦᠯ ᠵᠦᠢᠯ ᠢ ︽ᠰᠠᠯᠠᠭ᠎ᠠ ᠮᠥᠴᠢᠷ ᠠᠴᠠ ᠳᠤᠷᠠᠳᠴᠤ︾ ᠪᠠᠶᠢᠭᠰᠠᠨ ᠢ ︽ | ᠣᠯᠠᠨ ᠢᠶᠠᠷ ᠢᠶᠠᠨ ᠳᠤᠷᠠᠳᠬᠤ︾ ᠪᠣᠯᠭᠠᠨ ᠬᠤᠪᠢᠷᠠᠭᠤᠯᠵᠤ᠂ ᠳᠦᠷᠦᠯ ᠵᠦᠢᠯ ᠢ ᠠᠷᠠᠳ ᠤᠨ ᠬᠡᠷᠡᠭᠴᠡᠭᠡ ᠳᠤ ᠨᠠᠩ | ᠣᠶᠢᠷᠠᠲᠤᠭᠤᠯᠵᠤ᠂ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ ᠪᠤᠯᠭᠠᠨ᠂ ᠠᠯᠢ ᠴᠢᠳᠠᠬᠤ ᠪᠠᠷ ᠨᠠᠩ ᠣᠯᠠᠨ ᠬᠥᠮᠦᠨ ᠳᠤ | ᠠᠰᠢᠭ ᠬᠦᠷᠳᠡᠭᠡᠵᠦ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠳᠦᠷᠦᠯ ᠵᠦᠢᠯ ᠤᠨ ᠲᠦᠭᠡᠮᠡᠯ ᠬᠠᠷᠠᠭᠠᠯᠵᠠᠯ ᠤᠨ | ᠴᠢᠨᠠᠷ ᠢ ᠦᠨᠡᠨᠬᠦ ᠢᠯᠡᠷᠡᠭᠦᠯᠦᠭᠰᠡᠨ ᠪᠠᠶᠢᠨ᠎ᠠ᠃ ᠬᠤᠶᠠᠷ ᠲᠤ᠂ ᠲᠤᠬᠠᠶ ᠶᠢᠨ ᠵᠢᠯ ᠳᠡᠭᠡᠨ ᠪᠡᠶᠡᠯᠡᠭᠦᠯᠵᠦ᠂ ᠲᠤᠬᠠᠶ ᠶᠢᠨ | ᠵᠢᠯ ᠳᠡᠭᠡᠨ ᠠᠰᠢᠭ ᠬᠦᠷᠳᠡᠭᠡᠬᠦ ᠶᠢ ᠴᠢᠬᠤᠯᠠᠴᠢᠯᠠᠪᠠ᠃ ᠠᠷᠠᠳ ᠤᠨ ᠠᠮᠢᠳᠤᠷᠠᠯ ᠤᠨ ᠳᠦᠷᠦᠯ ᠵᠦᠢᠯ ᠢ ᠡᠷᠬᠡᠪᠰᠢ ᠲᠤᠰ | ᠵᠢᠯ ᠳᠤ ᠪᠡᠶᠡᠯᠡᠬᠦᠯᠬᠦ ᠪᠠᠷ ᠲᠤᠭᠲᠠᠭᠠᠭᠰᠠᠨ ᠲᠣᠳᠣᠷᠬᠠᠶ ᠬᠠᠷᠠᠯᠲᠠ ᠬᠡᠮᠵᠢᠶ᠎ᠡ ᠲᠠᠢ ᠪᠠᠶᠢᠬᠤ ᠮᠦᠷᠳᠡᠭᠡᠨ ᠵᠠᠰᠠᠭ ᠤᠨ | ᠤᠷᠳᠤᠨ ᠤ ᠡᠳ᠋ ᠤᠨ ᠵᠠᠰᠠᠭ ᠤᠨ ᠴᠢᠨᠠᠷᠳᠠᠢ ᠪᠡᠯᠡ ᠤᠷᠤᠭᠤᠯᠤᠭᠰᠨ ᠳᠦᠷᠦᠯ ᠵᠦᠢᠯ ᠢᠶᠠᠷ ᠭᠤᠣᠯ ᠪᠤᠯᠭᠠᠬᠤ ᠶᠢ ᠱᠠᠭᠠᠷᠳᠠᠵᠦ | ᠂ ᠬᠡᠷᠡᠭᠰᠡᠬᠦ ᠪᠡᠯᠡ ᠮᠦᠩᠭᠦ ᠶᠢ ᠨᠢᠭᠡᠨᠳᠡ 2022 ᠣᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂ ᠳᠦᠷᠦᠯ | ᠵᠦᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠪᠠ᠃ ᠪᠦᠳᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ | ᠡᠵᠡᠮᠳᠡᠵᠦ ᠪᠣᠯᠬᠤ ᠴᠢᠨᠠᠷ ᠲᠠᠢ ᠪᠠᠶᠢᠬᠤ ᠶᠢ ᠴᠢᠬᠤᠯᠠᠴᠢᠯᠠᠨ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠠᠴᠠ ᠪᠤᠰᠤᠳ ᠢ ᠨᠢ ᠴᠥᠮ 2022 ᠣᠨ ᠤ | ᠰᠡᠭᠦᠯᠴᠢ ᠪᠠᠷ ᠠᠵᠢᠯ ᠳᠠᠭᠤᠰᠬᠠᠬᠤ ᠶᠢᠨ ᠬᠠᠮᠳᠣ ᠠᠰᠢᠭᠯᠠᠯᠳᠠ ᠳᠤ ᠤᠷᠤᠭᠤᠯᠤᠨ᠂ ᠠᠷᠠᠳ ᠤᠯᠠᠨ ᠤ ᠬᠦᠰᠡᠯ ᠡᠷᠡᠮᠡᠯᠵᠡᠯ ᠢ | ᠪᠣᠳᠠᠲᠤ ᠶᠠᠪᠤᠳᠠᠯ ᠪᠣᠯᠭᠠᠵᠤ᠂ ᠬᠦᠷᠲᠡᠮᠵᠢ ᠶᠢᠨ ᠲᠦᠷᠦᠭᠳᠡᠯ ᠢ ᠨᠢ ᠨᠡᠮᠡᠭᠳᠡᠭᠦᠯᠦᠨ᠎ᠡ᠃ ᠭᠤᠷᠪᠠ ᠳᠤ᠂ ᠭᠤᠣᠯᠳᠠᠯᠭ᠎ᠠ ᠶᠢ | ᠳᠤᠪᠤᠶᠢᠯᠭᠠᠵᠤ᠂ ᠣᠨᠴᠠᠯᠢᠭ ᠢ ᠢᠯᠡᠷᠡᠬᠦᠯᠬᠦ ᠶᠢ ᠴᠢᠬᠤᠯᠠᠴᠢᠯᠠᠪᠠ᠃ ᠥᠩᠭᠡᠷᠡᠭᠰᠡᠨ ᠵᠢᠯ ᠤᠳ ᠤᠨ ᠲᠤᠷᠰᠢᠯᠭ᠎ᠠ ᠲᠠᠢ ᠪᠠᠨ | ᠤᠶᠠᠯᠳᠤᠭᠤᠯᠤᠨ᠂ ᠣᠯᠠᠨ ᠲᠦᠮᠡᠨ ᠤ ᠡᠯ᠎ᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠲᠤᠩᠭᠠᠨ ᠪᠤᠳᠤᠯᠬᠢᠯᠠᠵᠦ᠂ | ᠲᠥᠷᠥᠯ ᠵᠦᠢᠯ ᠤᠨ ᠰᠡᠳᠦᠪ ᠰᠣᠩᠭᠤᠬᠤ ᠳᠠᠭᠠᠨ ᠲᠥᠷᠥᠯ ᠵᠦᠢᠯ ᠢ ᠬᠡᠮᠵᠢᠶᠡᠯᠡᠵᠦ ᠪᠣᠯᠬᠤ ᠪᠠ ᠣᠯᠠᠨ ᠲᠦᠮᠡᠨ ᠳᠤ | ᠮᠡᠳᠡᠷᠡᠭᠳᠡᠬᠦ ᠵᠡᠷᠭᠡ ᠣᠨᠴᠠᠯᠢᠭ ᠢ ᠨᠠᠩ ᠢᠯᠡᠭᠦᠤ ᠴᠢᠬᠤᠯᠠᠴᠢᠯᠠᠭᠰᠠᠨ ᠪᠠᠶᠢᠨ᠎ᠠ᠃ ᠡᠭᠦᠨ ᠤ ᠬᠠᠮᠲᠤ᠂ ᠭᠤᠤᠯᠳᠠᠯᠭ᠎ᠠ ᠲᠠᠢ | ᠠᠷᠠᠳ ᠤᠨ ᠠᠮᠢᠳᠤᠷᠠᠯ ᠤᠨ ᠳᠦᠷᠦᠯ ᠵᠦᠢᠯ ᠪᠣᠯᠤᠨ ᠰᠠᠯᠠᠭ᠎ᠠ ᠮᠥᠴᠢᠷ ᠤᠨ ᠡᠩ ᠤᠨ ᠠᠵᠢᠯ ᠤᠨ ᠢᠯᠭᠠᠭ᠎ᠠ ᠶᠢ ᠨᠠᠷᠢᠨ | ᠬᠢᠨᠠᠮᠠᠭᠠᠶ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠨᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠳᠤ ᠤᠷᠤᠬᠤ ᠠᠴᠠ ᠵᠠᠶᠢᠯᠠᠰᠬᠢᠪᠠ᠃ | ︵ᠨᠢᠭᠡ︶ 2022 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ᠃ | ᠲᠥᠷᠥᠯ ᠵᠦᠢᠯ ᠢ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ 1026 ᠲᠦᠮᠡᠨ ᠲᠥᠭᠦᠷᠢᠭ ᠤᠨ ᠪᠡᠯᠡ | ᠤᠷᠤᠭᠤᠯᠬᠤ ᠪᠠᠷ ᠳᠦᠯᠦᠪᠯᠡᠵᠦ ᠪᠤᠢ᠃ ᠣᠣᠯ ᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠵᠢᠯᠳᠠᠨ ᠤ ᠠᠰᠠᠷ᠂ | ᠣᠣᠯ ᠤᠨ ᠤᠰᠤᠨ ᠠᠰᠢᠭᠯᠠᠯᠲᠠ ᠶᠢᠨ ᠲᠤᠪᠴᠢᠶᠠᠨ ᠤ ᠠᠵᠢᠯᠳᠠᠨ ᠤ ᠠᠰᠠᠷ᠂ ᠣᠣᠯ ᠤᠨ ᠣᠶ ᠰᠢᠭᠤᠶ ᠶᠢᠨ ᠲᠣᠪᠴᠢᠶᠠᠨ ᠤ | ᠵᠡᠭᠡᠯᠢ ᠨᠢᠭᠤᠷᠯᠠᠭᠰᠠᠨ ᠠᠰᠠᠷ᠂ ᠣᠣᠯ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠲᠤᠪᠴᠢᠶᠠᠨ ᠤ ᠠᠵᠢᠯᠳᠠᠨ ᠤ ᠠᠰᠠᠷ᠂ | ᠣᠣᠯ ᠤᠨ ᠴᠠᠭᠠᠨ ᠢᠳᠡᠭᠡᠨ ᠤ ᠦᠢᠯᠡᠳᠪᠦᠷᠢ ᠶᠢᠨ ᠠᠵᠢᠯᠳᠠᠨ ᠤ ᠠᠰᠠᠷ᠂ ᠰᠢ ᠬᠤ᠋ ᠰᠠᠭᠤᠭᠠᠯᠢ ᠳᠤᠭᠤᠷᠢᠭ ᠵᠡᠷᠭᠡ 6 | ᠰᠠᠭᠤᠭᠠᠯᠢ ᠲᠣᠭᠤᠷᠢᠭ ᠤᠨ ᠰᠠᠭᠤᠷᠢ ᠳᠦᠬᠦᠭᠡᠷᠦᠮᠵᠢ ᠶᠢ ᠵᠠᠰᠠᠨ ᠰᠠᠶᠢᠵᠢᠷᠠᠭᠤᠯᠤᠨ᠎ᠠ᠃ 2022 ᠣᠨ ᠤ 5 ᠰᠠᠷ᠎ᠠ ᠶᠢᠨ | ᠳᠤᠮᠳᠠᠴᠢ ᠪᠠᠷ ᠠᠵᠢᠯ ᠡᠬᠢᠯᠡᠭᠦᠯᠵᠦ᠂ 9 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠬᠤ ᠪᠠᠷ ᠳᠦᠯᠦᠪᠯᠡᠵᠦ ᠪᠠᠶᠢᠨ᠎ᠠ᠃ | ᠲᠤᠰ ᠲᠥᠷᠥᠯ ᠵᠦᠢᠯ ᠢ ᠬᠡᠷᠡᠭᠵᠢᠬᠦᠯᠬᠦ ᠨᠢ ᠬᠠᠭᠤᠴᠢᠨ ᠰᠠᠭᠤᠭᠠᠯᠢ ᠲᠣᠭᠤᠷᠢᠭ ᠤᠨ ᠡᠯ᠎ᠡ ᠵᠦᠢᠯ ᠤᠨ ᠴᠢᠳᠠᠮᠵᠢ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠤᠨ᠂ ᠠᠮᠤᠷ ᠲᠦᠪᠰᠢᠨ ᠤ ᠳᠠᠯᠳᠠ ᠬᠡᠮ ᠰᠣᠭᠤᠭ ᠢ ᠠᠷᠢᠯᠭᠠᠵᠦ᠂ 188 ᠰᠠᠭᠤᠭᠠᠯᠢ | ᠡᠷᠦᠬᠡ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠤᠨ᠂ ᠬᠤᠲᠠ ᠪᠠᠯᠭᠠᠰᠤᠨ ᠤ ᠪᠦᠬᠦᠯᠢ ᠴᠣᠭᠴᠠ ᠶᠢᠨ | ᠳᠦᠷᠢ ᠲᠥᠷᠬᠦ ᠶᠢ ᠳᠡᠭᠡᠭᠰᠢᠯᠡᠭᠦᠯᠬᠦ ᠪᠤᠯᠤᠨ᠎ᠠ᠃ | ︵ᠬᠤᠶᠠᠷ︶ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠢ ᠰᠢᠨ᠎ᠡ ᠪᠠᠷ | ᠪᠠᠶᠢᠭᠤᠯᠬᠤ ᠲᠥᠷᠥᠯ ᠵᠦᠢᠯ᠃ ᠲᠥᠷᠥᠯ ᠵᠦᠢᠯ ᠢ ᠬᠤᠰᠢᠭᠤ ᠮᠣᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠠᠴᠠ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠪᠤᠯᠤᠨ᠎ᠠ᠃ | ᠡᠵᠡᠯᠡᠬᠦ ᠲᠠᠯᠠᠪᠠᠶ ᠨᠢ 1600 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 7367.45 ᠲᠡᠭᠰᠢ | ᠳᠥᠷᠪᠡᠯᠵᠢᠨ ᠮᠧᠲᠷ ᠪᠠᠶᠢᠵᠤ᠂ 1 ᠰᠠᠭᠤᠷᠢ 5 ᠲᠠᠪᠬᠤᠷᠭ᠎ᠠ ᠶᠢᠨ ᠵᠢᠭᠠᠨ ᠰᠤᠷᠭᠠᠯᠲᠠ ᠶᠢᠨ ᠠᠰᠠᠷ ᠢ ᠪᠠᠶᠢᠭᠤᠯᠤᠨ᠎ᠠ᠃ | 2022 ᠣᠨ ᠤ 5 ᠰᠠᠷ᠎ᠠ ᠳᠤ ᠠᠵᠢᠯ ᠡᠬᠢᠯᠡᠭᠦᠯᠵᠦ᠂ 2023 ᠣᠨ ᠤ 8 ᠰᠠᠷ᠎ᠠ ᠶᠢᠨ ᠰᠡᠭᠦᠯᠴᠢ ᠪᠠᠷ ᠪᠠᠶᠢᠭᠤᠯᠵᠤ | ᠳᠠᠭᠤᠰᠬᠠᠬᠤ ᠪᠠᠷ ᠳᠦᠯᠦᠪᠯᠡᠵᠦ ᠪᠤᠢ᠃ ᠲᠤᠰ ᠲᠥᠷᠥᠯ ᠵᠦᠢᠯ ᠢ ᠬᠡᠷᠡᠭᠵᠢᠭᠦᠯᠬᠦ ᠨᠢ ᠮᠣᠩᠭᠤᠯ ᠦᠨᠳᠦᠰᠦᠲᠡᠨ ᠤ ᠳᠤᠮᠳᠠᠳᠤ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠯᠠᠨ ᠲᠦᠮᠡᠨ ᠤ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ ᠶᠢ ᠬᠠᠩᠭᠠᠬᠤ ᠪᠣᠯᠤᠨ᠎ᠠ᠃ | ︵ᠭᠤᠷᠪᠠ︶ ᠪᠠᠯᠭᠠᠷᠭᠤᠤᠯ ᠪᠠᠯᠭᠠᠰᠤᠨ ᠤ ᠤᠰᠤ ᠬᠠᠩᠭᠠᠬᠤ ᠰᠢᠰᠲ᠋ᠧᠮ ᠤᠨ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠬᠦ | ᠢᠨᠵᠧᠨᠧᠷᠢᠩ᠃ ᠲᠥᠷᠥᠯ ᠵᠦᠢᠯ ᠢ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ 700 ᠲᠦᠮᠡᠨ ᠲᠥᠭᠦᠷᠢᠭ ᠤᠨ | ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠪᠥᠲᠥᠭᠡᠨ ᠪᠠᠶᠢᠭᠤᠯᠬᠤ ᠠᠭᠤᠯᠭ᠎ᠠ ᠳᠤ ᠤᠰᠤ ᠬᠠᠩᠭᠠᠬᠤ ᠦᠢᠯᠡᠳᠪᠦᠷᠢ ᠶᠢᠨ | ᠬᠡᠰᠡᠭ ᠬᠠᠭᠤᠴᠢᠨ ᠲᠥᠬᠦᠭᠡᠷᠦᠮᠵᠢ᠂ ᠬᠤᠭᠤᠯᠠᠶ ᠶᠢᠨ ᠲᠣᠤᠷ ᠤᠨ ᠳᠤᠮᠳᠠ ᠳᠠᠷᠤᠯᠲᠠᠲᠤ ᠬᠥᠭᠡᠷᠭᠡ ᠶᠢᠨ ᠥᠷᠲᠡᠭᠡ ᠶᠢ | ᠵᠠᠳᠠᠯᠵᠤ ᠪᠠᠭᠤᠯᠭᠠᠨ ᠰᠣᠯᠢᠬᠤ᠂ ᠤᠤᠯ ᠤᠨ ᠬᠥᠭᠡᠷᠭᠡ ᠶᠢᠨ ᠥᠷᠲᠡᠭᠡ ᠳᠤ 550 ᠪᠣᠰᠤᠭ᠎ᠠ ᠳᠥᠷᠪᠡᠯᠵᠢᠨ ᠮᠧᠲᠷ ᠤᠨ | ᠤᠰᠤ ᠬᠠᠳᠠᠭᠠᠯᠠᠬᠤ ᠴᠥᠭᠦᠷᠥᠮ ᠵᠢᠴᠢ 96 ᠲᠡᠭᠰᠢ ᠳᠥᠷᠪᠡᠯᠵᠢᠨ ᠮᠧᠲᠷ ᠤᠨ ᠠᠷᠢᠭᠤᠳᠬᠠᠬᠤ ᠲᠠᠰᠤᠭ ᠢ ᠰᠢᠨ᠎ᠡ ᠪᠠᠷ | ᠪᠠᠶᠢᠭᠤᠯᠬᠤ᠂ ᠠᠷᠢᠭᠤᠳᠬᠠᠬᠤ ᠲᠥᠬᠦᠭᠡᠷᠦᠮᠵᠢ ᠵᠡᠷᠭᠡ ᠬᠠᠮᠢᠶ᠎ᠠ ᠪᠦᠬᠦᠢ ᠳᠠᠭᠠᠯᠲᠠ ᠳᠦᠬᠦᠭᠡᠷᠦᠮᠵᠢ ᠶᠢ ᠨᠡᠮᠡᠵᠦ ᠪᠠᠶᠢᠭᠤᠯᠬᠤ | ᠵᠡᠷᠭᠡ ᠠᠭᠤᠯᠭ᠎ᠠ ᠪᠠᠭᠲᠠᠨ᠎ᠠ᠃ 2022 ᠣᠨ ᠤ 5 ᠰᠠᠷ᠎ᠠ ᠶᠢᠨ ᠡᠬᠢ ᠪᠠᠷ ᠠᠵᠢᠯ ᠡᠬᠢᠯᠡᠭᠦᠯᠵᠦ᠂ 12 ᠰᠠᠷ᠎ᠠ ᠶᠢᠨ | ᠰᠡᠭᠦᠯᠴᠢ ᠪᠠᠷ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠤᠢ᠃ ᠲᠤᠰ ᠳᠦᠷᠦᠯ ᠵᠦᠢᠯ ᠢ ᠬᠡᠷᠡᠭᠵᠢᠬᠦᠯᠬᠦ ᠨᠢ ᠰᠠᠭᠤᠭᠠᠯᠢ | ᠠᠷᠠᠳ ᠤᠨ ᠠᠮᠢᠳᠤᠷᠠᠯ ᠤᠨ ᠤᠤᠭᠤᠬᠤ ᠤᠰᠤᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠯᠭᠠᠷᠭᠤᠤᠯ | ᠪᠠᠯᠭᠠᠰᠤᠨ ᠤ ᠶᠠᠩ ᠭᠤᠸᠠᠩ ᠰᠠᠭᠤᠭᠠᠯᠢ ᠠᠷᠠᠳ ᠤᠨ ᠲᠣᠭᠤᠷᠢᠭ᠂ ᠷᠦᠢ ᠰᠢᠨ ᠰᠠᠭᠤᠭᠠᠯᠢ ᠠᠷᠠᠳ ᠤᠨ ᠲᠣᠭᠤᠷᠢᠭ ᠵᠡᠷᠭᠡ | ᠭᠠᠵᠠᠷ ᠤᠨ ᠪᠠᠶᠢᠴᠠ ᠥᠨᠳᠥᠷ ᠤᠷᠤᠨ ᠭᠡᠰᠡᠭ ᠤᠨ ᠤᠰᠤᠨ ᠤ ᠬᠡᠮᠵᠢᠶ᠎ᠡ ᠪᠠ ᠤᠰᠤᠨ ᠤ ᠳᠠᠷᠤᠯᠲᠠ ᠶᠢ ᠪᠠᠳᠤᠯᠠᠨ᠂ ᠠᠷᠠᠳ | ᠤᠯᠠᠨ ᠤ ᠤᠤᠭᠤᠬᠤ ᠤᠰᠤᠨ ᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠎ᠠ᠃ | ︵ᠳᠥᠷᠪᠡ︶ ᠰᠤᠮᠤ ᠪᠠᠯᠭᠠᠰᠤᠨ ᠤ ᠵᠠᠮ ᠤᠨ 261 ᠱᠤᠭᠤᠮ ︵ᠭᠤᠷᠣᠬᠠᠨ ᠪᠠᠯᠭᠠᠰᠤ ᠠᠴᠠ ᠪᠠᠶᠠᠨᠬᠤᠸᠠ ᠬᠥᠷᠬᠦ ᠬᠡᠰᠡᠭ︶ | ᠤᠨ ᠵᠠᠰᠠᠮᠠᠯ ᠵᠠᠮ ᠢ ᠰᠡᠯᠪᠢᠨ ᠵᠠᠰᠠᠬᠤ ᠪᠠ ᠥᠭᠡᠷᠡᠴᠢᠯᠡᠨ ᠵᠠᠰᠠᠬᠤ ᠢᠨᠵᠧᠨᠧᠷᠢᠩ᠃ ᠲᠥᠷᠥᠯ ᠵᠦᠢᠯ ᠢ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ 1147 ᠲᠦᠮᠡᠨ | ᠲᠥᠭᠦᠷᠢᠭ ᠤᠨ ᠪᠡᠯᠡ ᠤᠷᠤᠭᠤᠯᠬᠤ ᠪᠠᠷ ᠳᠦᠯᠦᠪᠯᠡᠵᠦ ᠪᠤᠢ᠃ ᠶᠡᠷᠤᠩᠬᠡᠢ ᠤᠷᠲᠦ ᠨᠢ 45.7 ᠺᠢᠯᠤᠮᠧᠲᠷ᠂ ᠡᠭᠦᠨ ᠳᠤ | ᠨᠢᠭᠡᠨᠲᠡ ᠵᠠᠰᠠᠭᠰᠠᠨ 41.6 ᠺᠢᠯᠣᠮᠧᠲᠷ ᠵᠠᠰᠠᠮᠠᠯ ᠵᠠᠮ ᠢ ᠦᠷᠭᠦᠯᠵᠢᠯᠡᠨ ᠰᠡᠯᠪᠢᠨ ᠵᠠᠰᠠᠵᠤ᠂ ᠣᠣᠯ ᠤᠨ ᠪᠠᠶᠢᠭᠰᠠᠨ 4.1 | ᠺᠢᠯᠣᠮᠧᠲᠷ ᠬᠠᠶᠢᠷ ᠴᠢᠯᠠᠭᠤᠨ ᠵᠠᠰᠠᠮᠠᠯ ᠵᠠᠮ ᠢ ᠵᠠᠰᠠᠨ ᠰᠠᠶᠢᠵᠢᠷᠠᠭᠤᠯᠤᠨ᠎ᠠ᠃ 2022 ᠣᠨ ᠤ 5 ᠰᠠᠷ᠎ᠠ ᠶᠢᠨ | ᠳᠤᠮᠳᠠᠴᠢ ᠪᠠᠷ ᠠᠵᠢᠯ ᠡᠬᠢᠯᠡᠭᠦᠯᠵᠦ᠂ 11 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠬᠤ ᠪᠠᠷ ᠳᠦᠯᠦᠪᠯᠡᠵᠦ ᠪᠤᠢ᠃ | ᠲᠤᠰ ᠲᠦᠷᠦᠯ ᠵᠦᠢᠯ ᠢ ᠬᠡᠷᠡᠭᠵᠢᠭᠦᠯᠬᠦ ᠨᠢ ᠭᠤᠷᠤᠬᠠᠨ ᠪᠠᠯᠭᠠᠰᠤ᠂ ᠪᠠᠶᠠᠨᠬᠤᠸᠠ ᠪᠠᠯᠭᠠᠰᠤᠨ ᠤ ᠵᠠᠮ ᠳᠠᠭᠠᠤ ᠶᠢᠨ ᠡᠯ᠎ᠡ | ᠭᠠᠴᠠᠭᠠᠨ ᠤ ᠵᠠᠮ ᠬᠠᠷᠢᠯᠴᠠᠭᠠᠨ ᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠯᠴᠢᠨ ᠲᠦᠮᠡᠨ ᠤ ᠶᠠᠪᠤᠵᠤ | ᠰᠠᠭᠤᠬᠤ ᠳᠤ ᠬᠦᠴᠢᠷᠳᠡᠵᠦ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠪᠣᠯᠤᠨ᠎ᠠ᠃ | ︵ᠲᠠᠪᠤ︶ ᠠᠮᠢᠳᠠᠨ ᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠲᠥᠪ ᠤᠨ ᠲᠥᠷᠥᠯ ᠵᠦᠢᠯ᠃ ᠲᠥᠷᠥᠯ ᠵᠦᠢᠯ ᠢ | ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ 730 ᠲᠦᠮᠡᠨ ᠲᠥᠭᠦᠷᠢᠭ ᠤᠨ ᠪᠡᠯᠡ ᠤᠷᠤᠭᠤᠯᠬᠤ ᠪᠠᠷ ᠳᠦᠯᠦᠪᠯᠡᠵᠦ ᠪᠤᠢ᠃ ᠳᠦᠷᠦᠯ | ᠵᠦᠢᠯ ᠤᠨ ᠡᠵᠡᠯᠡᠬᠦ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 1000 ᠲᠡᠭᠰᠢ | ᠳᠥᠷᠪᠡᠯᠵᠢᠨ ᠮᠧᠲᠷ᠂ ᠪᠥᠲᠥᠭᠡᠨ ᠪᠠᠶᠢᠭᠤᠯᠤᠯᠲᠠ ᠶᠢᠨ ᠠᠯᠪᠠᠯᠠᠬᠤ ᠲᠣᠭᠤᠷᠢᠭ ᠤᠨ ᠠᠯᠪᠠᠨ ᠬᠡᠷ 5 ᠲᠠᠰᠤᠯᠭ᠎ᠠ᠂ ᠡᠮᠨᠡᠨ | ᠤᠨᠤᠰᠢᠯᠠᠬᠤ ᠲᠣᠭᠤᠷᠢᠭ ᠤᠨ ᠠᠯᠪᠠᠨ ᠬᠡᠷ 12 ᠲᠠᠰᠤᠯᠭ᠎ᠠ ᠪᠠᠭᠲᠠᠨ᠎ᠠ᠃ 2022 ᠣᠨ ᠤ 6 ᠰᠠᠷ᠎ᠠ ᠶᠢᠨ ᠳᠤᠮᠳᠠᠴᠢ ᠪᠠᠷ | ᠠᠵᠢᠯ ᠡᠬᠢᠯᠡᠭᠦᠯᠵᠦ᠂12 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠬᠤ ᠪᠠᠷ ᠳᠦᠯᠦᠪᠯᠡᠵᠦ ᠪᠤᠢ᠃ ᠲᠤᠰ ᠲᠥᠷᠥᠯ | ᠵᠦᠢᠯ ᠢ ᠬᠡᠷᠡᠭᠵᠢᠭᠦᠯᠬᠦ ᠨᠢ ᠮᠠᠨ ᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠡᠮᠨᠡᠨ ᠵᠠᠰᠠᠬᠤ ᠨᠥᠬᠦᠴᠡᠯ ᠢ ᠰᠠᠶᠢᠵᠢᠷᠠᠭᠤᠯᠤᠨ | ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ ᠰᠠᠶᠢᠲᠤᠷ ᠬᠡᠷᠡᠭᠵᠢᠭᠦᠯᠬᠦ ᠨᠢ ᠵᠠᠰᠠᠭ ᠤᠨ ᠣᠷᠳᠣᠨ ᠤ | ᠤᠯᠤᠰ ᠲᠦᠷᠦ ᠶᠢᠨ ᠬᠠᠷᠢᠭᠤᠴᠠᠯᠭ᠎ᠠ ᠪᠠ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠬᠤ ᠪᠠᠷ ᠪᠠᠷᠠᠬᠤ | ᠦᠭᠡᠢ ᠨᠡᠩ ᠴᠤ ᠠᠷᠠᠳ ᠲᠦᠮᠡᠨ ᠳᠤ ᠦᠢᠯᠡᠴᠢᠯᠡᠬᠦ ᠰᠢᠭᠤᠳ ᠠᠵᠢᠯ ᠤᠨ ᠢᠯᠡᠷᠡᠯ ᠮᠥᠨ᠃ ᠲᠠᠷᠠᠭᠠᠴᠢ ᠶᠢᠨ ᠠᠯᠬᠤᠮ ᠳᠤ | ᠂ ᠬᠤᠰᠢᠭᠤ ᠵᠠᠰᠠᠭ ᠤᠨ ᠣᠷᠳᠣᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ | ᠦᠷᠭᠦᠯᠵᠢᠯᠡᠨ ᠪᠠᠲᠤ ᠪᠠᠬᠢ ᠪᠤᠶ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠬᠤ ᠶᠢ ᠢᠮᠠᠭᠲᠠ ᠪᠠᠷᠢᠮᠳᠠᠯᠠᠨ᠂ ᠠᠷᠠᠳ ᠤᠨ ᠠᠮᠢᠳᠤᠷᠠᠯ ᠢ ᠳᠠᠶᠢᠴᠢᠯᠠᠬᠤ | ᠰᠢᠢᠳᠪᠦᠷᠢᠳᠤ ᠪᠣᠳᠣᠯᠭ᠎ᠠ ᠶᠢᠨ ᠰᠡᠳᠬᠢᠬᠦᠶ ᠪᠠ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠠᠵᠢᠯ ᠤᠨ | ᠤᠳᠤᠷᠢᠳᠤᠮᠵᠢ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠨᠠᠷᠢᠯᠢᠭ ᠤᠨᠤᠪᠴᠢᠳᠠᠢ ᠳᠦᠪᠰᠢᠨ ᠢ | ᠳᠡᠭᠡᠭᠰᠢᠯᠡᠬᠦᠯᠦᠨ᠂ ᠠᠷᠠᠳ ᠤᠨ ᠲᠥᠯᠥᠭᠡ ᠪᠤᠳᠠᠳᠤ ᠠᠵᠢᠯ ᠬᠢᠬᠦ ᠶᠢ ᠦᠷᠭᠦᠯᠵᠢᠯᠡᠨ ᠪᠥᠬᠦ ᠲᠠᠯ᠎ᠠ ᠶᠢᠨ ᠠᠵᠢᠯ ᠤᠨ | ᠲᠣᠪᠤᠶᠢᠮ᠎ᠠ ᠪᠠᠶᠢᠷᠢᠨ ᠳᠤ ᠲᠠᠯᠪᠢᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠨᠠᠷᠢᠯᠢᠭ ᠤᠨᠤᠪᠴᠢᠳᠠᠢ ᠪᠠᠷ | ᠵᠤᠬᠢᠴᠠᠭᠤᠯᠤᠨ ᠲᠤᠬᠢᠷᠠᠭᠤᠯᠵᠦ᠂ 2022 ᠣᠨ ᠤ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ | ᠲᠥᠷᠥᠯ ᠵᠦᠢᠯ ᠢ ᠴᠢᠨᠠᠷᠯᠢᠭ ᠠᠬᠢᠭᠤᠯᠤᠨ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ | ᠳᠦᠪᠡᠭᠳᠡᠢ ᠠᠰᠠᠭᠤᠳᠠᠯ ᠢ ᠦᠨᠡᠨᠬᠦ ᠰᠢᠢᠳᠪᠦᠷᠢᠯᠡᠨ᠂ ︽ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠣᠳᠠᠲᠠᠶ | ᠶᠠᠪᠤᠳᠠᠯ ᠢ ᠦᠨᠡᠨᠬᠦ ᠪᠣᠳᠠᠲᠠᠶ ᠪᠠᠷ ᠬᠢᠵᠦ︾᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠨᠢᠭᠡ | ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃ | |