ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ ᠤᠨ | | ᠨᠢᠭᠲᠠ ᠣᠶᠢᠷᠠᠲᠤᠭᠰᠠᠳ ᠲᠠᠢ ᠵᠠᠮ ᠮᠥᠷ ᠲᠠᠪᠬᠤᠴᠠᠭᠰᠠᠨ | ᠬᠦᠮᠦᠰ ᠢ ᠪᠠᠴᠢᠮ ᠡᠷᠢᠬᠦ ᠲᠤᠬᠠᠢ ᠵᠠᠷᠯᠠᠯ | ︵36 ᠳ᠋ᠤᠭᠠᠷ︶ | ᠨᠢᠭᠲᠠ ᠤᠶᠢᠷᠠᠳᠤᠭᠰᠠᠳ ᠤᠨ ᠬᠠᠯᠳᠠᠪᠤᠷᠢᠳᠤ ᠡᠪᠡᠳᠴᠢᠨ ᠤ ᠰᠤᠳᠤᠯᠭᠠᠨ ᠤ ᠪᠠᠶᠢᠴᠠᠭᠠᠯᠲᠠ ᠶᠢᠨ ᠮᠡᠳᠡᠭᠦᠯᠦᠯᠲᠡ ᠶᠢ | ᠦᠨᠳᠦᠰᠦᠯᠡᠨ᠂ ᠨᠢᠭᠲᠠ ᠤᠶᠢᠷᠠᠳᠤᠭᠰᠠᠳ ᠲᠠᠢ ᠵᠠᠮ ᠮᠦᠷ ᠳᠠᠪᠬᠤᠴᠠᠭᠰᠠᠨ ᠬᠥᠮᠥᠰ ᠢ ᠪᠠᠴᠢᠮ ᠡᠷᠢᠵᠦ ᠪᠠᠶᠢᠨ᠎ᠠ᠃ | ᠳᠤᠤᠷ᠎ᠠ ᠨᠢᠭᠲᠠ ᠤᠶᠢᠷᠠᠳᠤᠭᠰᠠᠳ ᠷᠧᠨ ᠤᠪᠤᠭᠳᠤ ᠶᠢᠨ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠬᠤ | ᠬᠤᠭᠤᠴᠠᠭᠠᠨ ᠳᠠᠬᠢ ᠠᠵᠢᠯᠯᠠᠭᠠᠨ ᠤ ᠵᠠᠮ ᠮᠦᠷ ᠢ ᠨᠡᠶᠢᠲᠡᠯᠡᠶ᠎ᠡ᠄ | 2022 ᠣᠨ ᠤ 10 ᠰᠠᠷ᠎ᠠ ᠶᠢᠨ 8 ᠤ ᠡᠳᠦᠷ ᠤᠨ 20᠄ 00 ᠠᠴᠠ 20᠄ 40 ᠪᠣᠯᠲᠠᠯ᠎ᠠ ᠪᠠᠷᠠᠭᠤᠨ | ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠺᠠᠩ ᠳ᠋ᠠ ᠪᠤᠳᠠᠰ ᠤᠨ ᠭᠦᠢᠯᠭᠡᠭᠡᠨ ᠤ ᠲᠣᠭᠤᠷᠢᠭ ᠤᠨ ︽ | ᠡᠭᠡᠴᠢ ᠳᠡᠭᠦᠦ ᠬᠤᠭᠤᠯᠠᠨ ᠭᠡᠷ︾ ᠲᠤ ᠬᠤᠭᠤᠯᠠᠯᠠᠪᠠ᠃ ᠳᠡᠭᠡᠷ᠎ᠡ ᠳᠤᠷᠠᠳᠤᠭᠰᠠᠨ ᠴᠠᠭ ᠬᠤᠭᠤᠴᠠᠭᠠᠨ ᠳᠤ ᠲᠤᠰ | ᠬᠤᠭᠤᠯᠠᠨ ᠭᠡᠷ ᠲᠤ ᠬᠦᠷᠦᠭᠰᠡᠨ ᠬᠥᠮᠥᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ᠂ | ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠪᠤᠶᠤ ᠬᠤᠰᠢᠭᠤ ᠵᠢᠯᠤᠭᠤᠳᠬᠤ ᠭᠡᠯᠳᠡᠰ ᠲᠤ | ᠮᠡᠳᠡᠭᠦᠯᠦᠨ ᠳᠠᠩᠰᠠᠯᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠬᠤ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃ ᠬᠡᠷᠪᠡ ᠮᠡᠳᠡᠭᠦᠯᠬᠦ ᠦᠭᠡᠢ ᠨᠢᠭᠤᠭᠰᠠᠨ ᠪᠠᠶᠢᠪᠠᠯ | ᠬᠤᠯᠪᠣᠭᠳᠠᠯ ᠪᠦᠬᠦᠢ ᠬᠥᠮᠥᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠥᠷᠭᠡᠨ ᠤᠯᠠᠨ | ᠰᠠᠭᠤᠭᠠᠯᠢ ᠠᠷᠠᠳ ᠤᠬᠠᠮᠰᠠᠷ ᠠᠴᠠ ᠪᠠᠨ ᠬᠠᠤᠯᠢ ᠴᠠᠭᠠᠵᠠ ᠳᠦᠷᠢᠮ ᠲᠣᠭᠲᠠᠭᠠᠯ ᠢ ᠵᠢᠷᠤᠮᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠤᠪᠢ ᠬᠥᠮᠥᠨ ᠤ ᠡᠷᠡᠭᠦᠯ | ᠮᠡᠨᠳᠤ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠤᠨ᠂ ᠠᠮᠠᠪᠴᠢ ᠵᠡᠭᠦᠵᠦ᠂ ᠭᠠᠷ ᠢᠶᠠᠨ | ᠰᠠᠶᠢᠲᠤᠷ ᠤᠬᠢᠶᠠᠵᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠬᠡᠷᠡᠭᠲᠡᠢ᠃ | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ ᠤᠨ ᠤᠲᠠᠰᠤ᠄ 0479 ︱ 6827397 | ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠲᠠᠰᠤ᠄ | 0479 ︱ 3529347 | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ | 2022 ᠣᠨ ᠤ 10 ᠰᠠᠷ᠎ᠠ ᠶᠢᠨ 12 ᠤᠨ ᠡᠳᠦᠷ | | | | | | | | | | |