ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠦᠴᠦᠨ ᠤ ᠺᠣᠮᠫᠠᠨᠢ ᠪᠠᠭ᠎ᠠ ᠵᠢᠵᠢᠭ ᠠᠵᠤ ᠠᠬᠤᠶᠢᠯᠠᠯ ᠳᠤ ᠰᠠᠶᠢᠳᠤᠷ | ᠦᠢᠯᠡᠴᠢᠯᠡᠵᠦ ᠪᠠᠶᠢᠨ᠎ᠠ | | ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠨᠢ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠶᠢ ᠴᠢᠬᠤᠯᠠᠴᠢᠯᠠᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠤᠨ ᠠᠵᠤ | ᠠᠬᠤᠢ ᠶᠢᠨ ᠬᠥᠭᠵᠢᠯᠲᠡ ᠳᠤ ᠦᠢᠯᠡᠴᠢᠯᠡᠵᠦ᠂ ᠦᠢᠯᠡᠴᠢᠯᠡᠭᠡᠨ ᠤ ᠬᠡᠯᠪᠡᠷᠢ ᠶᠢᠨ ᠨᠠᠮ ᠤᠨ ᠶᠡᠷᠦᠩᠬᠡᠢ ᠡᠭᠦᠷ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠪᠦᠬᠦ ᠬᠤᠰᠢᠭᠤᠨ ᠤ ᠵᠢᠵᠢᠭ ᠪᠠᠭ᠎ᠠ ᠠᠵᠤ ᠠᠬᠤᠶᠢᠯᠠᠯ ᠤᠨ | ᠬᠥᠭᠵᠢᠯᠲᠡ ᠳᠤ ᠬᠠᠮᠤᠭ ᠤᠨ ᠰᠢᠯᠢᠳᠡᠭ᠂ ᠳᠥᠭᠦᠮ ᠳᠥᠲᠡ᠂ ᠪᠣᠳᠠᠲᠠᠢ ᠦᠢᠯᠡᠴᠢᠯᠡᠭᠡ ᠬᠠᠩᠭᠠᠵᠦ ᠪᠠᠶᠢᠨ᠎ᠠ᠃ | ᠪᠠᠯᠭᠠᠷᠭᠤᠤᠯ ᠪᠠᠯᠭᠠᠰᠤᠨ ᠤ ᠰᠠᠭᠤᠭᠠᠯᠢ ᠨᠠᠷᠠᠨ ᠡᠨᠡ ᠵᠢᠯ ᠤᠨ 7 ᠰᠠᠷ᠎ᠠ ᠶᠢᠨ ᠡᠬᠢ ᠪᠠᠷ ᠭᠡᠷ ᠤᠨ ᠡᠳ᠋ᠯᠡᠯ ᠬᠡᠷᠡᠭᠰᠡᠯ ᠤᠨ | ᠬᠤᠳᠠᠯᠳᠤᠭᠠᠨ ᠤ ᠡᠵᠡᠩᠨᠡᠯᠳᠡ ᠪᠠᠨ ᠡᠬᠢᠯᠡᠭᠦᠯᠪᠡ᠃ ᠡᠳᠡᠨ ᠤ ᠬᠤᠳᠠᠯᠳᠤᠭᠠᠨ ᠤ ᠠᠰᠠᠷ ᠨᠢ ᠬᠤᠶᠠᠷ ᠹᠠᠰ ᠤᠨ | ᠴᠠᠬᠢᠯᠭᠠᠨ ᠲᠥᠬᠦᠭᠡᠷᠦᠮᠵᠢ ᠪᠠᠶᠢᠭᠰᠠᠨ ᠢᠶᠠᠨ ᠡᠨᠡ ᠵᠤᠨ ᠪᠠᠷᠠᠭᠤᠨ ᠦᠵᠦᠮᠦᠴᠢᠨ ᠴᠠᠬᠢᠯᠭᠠᠨ ᠬᠠᠩᠭᠠᠬᠤ ᠺᠣᠮᠫᠠᠨᠢ ᠨᠢ | ᠭᠤᠷᠪᠠᠨ ᠹᠠᠰ ᠤᠨ ᠴᠠᠬᠢᠯᠭᠠᠨ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠤᠠᠠᠰᠠᠷᠠᠵᠦ ᠦᠭᠭᠦᠭᠰᠡᠨ ᠪᠠᠶᠢᠯ᠎ᠠ᠃ | | ᠭᠡᠷ ᠤᠨ ᠡᠳ᠋ᠯᠡᠯ ᠬᠡᠷᠡᠭᠰᠡᠯ ᠤᠨ ᠬᠤᠳᠠᠯᠳᠤᠭ᠎ᠠ ᠡᠵᠡᠩᠨᠡᠭᠴᠢ ᠨᠠᠷᠠᠠ᠄ ︽ᠭᠤᠷᠪᠠᠨ ᠹᠠᠰ ᠤᠨ ᠴᠠᠬᠢᠯᠭᠠᠨ ᠲᠥᠬᠦᠭᠡᠷᠦᠮᠵᠢ | ᠤᠠᠠᠰᠠᠷᠠᠭᠰᠠᠨ ᠢᠶᠠᠷ ᠭᠡᠷ ᠤᠨ ᠡᠳ᠋ᠯᠡᠯ ᠬᠡᠷᠡᠭᠰᠡᠯ ᠪᠠᠭᠤᠯᠭᠠᠵᠦ ᠵᠦᠭᠡᠭᠡᠪᠦᠷᠢᠯᠡᠬᠦ ᠡᠯᠳᠡᠪ ᠮᠠᠰᠢᠨ ᠲᠤᠨᠤᠭ ᠢ ᠠᠵᠢᠯᠯᠠᠭᠤᠯᠵᠤ | ᠴᠢᠳᠠᠬᠤ ᠪᠤᠯᠤᠭᠰᠠᠨ ᠪᠠᠶᠢᠨ᠎ᠠ᠂ ᠲᠤᠩ ᠰᠠᠶᠢᠨ ᠪᠤᠯᠵᠠᠢ︾ ᠭᠡᠯᠡ᠃ | ᠪᠠᠷᠠᠭᠤᠨ ᠦᠵᠦᠮᠦᠴᠢᠨ ᠴᠠᠬᠢᠯᠭᠠᠨ ᠬᠠᠩᠭᠠᠬᠤ ᠺᠣᠮᠫᠠᠨᠢ ᠨᠢ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠦ᠂ ᠨᠠᠮ ᠤᠨ ᠭᠡᠰᠢᠭᠦᠨ ︽ᠬᠤᠣᠰ ᠳᠠᠭᠠᠭᠠᠮᠠᠯ︾ ᠤᠨ ᠬᠠᠷᠢᠭᠤᠴᠠᠯᠭ᠎ᠠ ᠶᠢᠨ ᠳᠦᠷᠢᠮ ᠢ ᠬᠦᠢᠴᠡᠳᠬᠡᠨ | ᠬᠡᠷᠡᠭᠵᠢᠬᠦᠯᠵᠦ᠂ ᠡᠨᠡ ᠵᠢᠯ᠂ ᠲᠤᠰ ᠺᠣᠮᠫᠠᠨᠢ ᠨᠢ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠢᠨᠠᠨ ᠪᠠᠶᠢᠴᠠᠭᠠᠯᠳᠠ ᠬᠢᠵᠦ ᠡᠵᠡᠩᠨᠡᠯᠳᠡ ᠪᠠᠨ | ᠦᠷᠭᠡᠳᠬᠡᠬᠦ ᠵᠡᠷᠭᠡ ᠠᠵᠢᠯ ᠢᠶᠠᠨ ᠶᠠᠪᠤᠭᠳᠠᠭᠤᠯᠬᠤ ᠲᠤᠮᠳᠠ ᠠᠵᠤ ᠠᠬᠤᠶᠢᠯᠠᠯ ᠢ ᠬᠠᠪᠰᠤᠷᠤᠨ ᠴᠠᠬᠢᠯᠭᠠᠨ ᠬᠡᠷᠡᠭᠯᠡᠬᠦ ᠡᠨᠧᠷᠭᠢ | ᠶᠢᠨ ᠠᠰᠢᠭᠯᠠᠮᠵᠢ ᠶᠢᠨ ᠵᠠᠳᠠᠯᠤᠯᠲᠠ ᠬᠢᠵᠦ᠂ ᠴᠠᠬᠢᠯᠭᠠᠨ ᠬᠡᠷᠡᠭᠯᠡᠬᠦ ᠳᠠᠭᠠᠭᠠᠴᠠ᠂ ᠬᠡᠮᠵᠢᠶ᠎ᠡ ᠵᠡᠷᠭᠡ ᠲᠤᠭ᠎ᠠ ᠪᠠᠷᠢᠮᠲᠠ ᠶᠢᠨ | ᠵᠠᠳᠠᠯᠤᠯᠲᠠ ᠶᠢ ᠬᠢᠵᠦ ᠦᠭᠪᠡ᠃ ᠡᠭᠦᠨ ᠤ ᠬᠠᠮᠳᠤ᠂ ᠴᠠᠬᠢᠯᠭᠠᠨ ᠬᠠᠩᠭᠠᠬᠤ ᠦᠢᠯᠡᠴᠢᠯᠡᠭᠡᠨ ᠤ ᠠᠵᠢᠯ ᠲᠤᠮᠳᠠ | ᠬᠡᠷᠡᠭᠯᠡᠭᠴᠢᠳ ᠤᠨ ᠴᠠᠬᠢᠯᠭᠠᠨ ᠤᠷᠤᠭᠤᠯᠬᠤ ᠭᠤᠭᠴᠤᠭ᠎ᠠ ᠶᠢ ᠬᠠᠮᠤᠭ ᠤᠨ ᠴᠥᠭᠡᠨ᠂ ᠳᠡᠰ ᠳᠠᠷᠠᠭ᠎ᠠ ᠨᠢ ᠳᠥᠭᠦᠮ ᠠᠪᠰᠠᠷ᠂ | ᠴᠠᠭ ᠬᠤᠭᠤᠴᠠᠭ᠎ᠠ ᠨᠢ ᠣᠬᠤᠷ᠂ ᠦᠷ᠎ᠡ ᠪᠦᠲᠦᠮᠵᠢ ᠨᠢ ᠥᠨᠳᠥᠷ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠪᠠᠭ᠎ᠠ ᠵᠢᠵᠢᠭ | ᠠᠵᠤ ᠠᠬᠤᠶᠢᠯᠠᠯ ᠤᠨ ᠴᠠᠬᠢᠯᠭᠠᠨ ᠦᠢᠯᠡᠴᠢᠯᠡᠭᠡ ᠳᠤ ᠦᠢᠯᠡᠴᠢᠯᠡᠭᠡᠨ ᠤ ᠲᠢᠩᠬᠢᠮ ᠳᠤ ᠬᠦᠷᠬᠦ ᠴᠢᠬᠤᠯᠠ ᠦᠭᠡᠢ᠂ ᠬᠢᠨᠠᠨ | ᠰᠢᠯᠭᠠᠬᠤ ᠲᠡᠰ ᠲᠠᠷᠠᠭᠠᠯᠠᠯ ᠢ ᠲᠠᠮᠵᠢᠬᠤ ᠦᠭᠡᠢ᠂ ᠪᠡᠯᠡ ᠤᠷᠤᠭᠤᠯᠤᠯᠳᠠ ᠪᠠᠶᠢᠬᠤ ᠦᠭᠡᠢ ᠬᠡᠬᠦ ︽ᠭᠤᠷᠪᠠᠨ ᠲᠦᠭᠦᠮ | ᠦᠢᠯᠡᠴᠢᠯᠡᠭᠡ︾ ᠶᠢ ᠬᠡᠷᠡᠭᠵᠢᠬᠦᠯᠦᠨ᠂ ᠲᠤᠮᠤ ᠲᠤᠮᠳᠠ ᠬᠡᠯᠪᠡᠷᠢ ᠶᠢᠨ ᠠᠵᠤ ᠠᠬᠤᠶᠢᠯᠠᠯ ᠤᠨ ᠴᠠᠬᠢᠯᠭᠠᠨ ᠦᠢᠯᠡᠴᠢᠯᠡᠭᠡ ᠳᠤ | ᠬᠦᠴᠦ ᠬᠦᠳᠡᠯᠮᠦᠷᠢ᠂ ᠴᠠᠭ ᠬᠤᠭᠤᠴᠠᠭ᠎ᠠ᠂ ᠰᠦᠢᠳᠬᠡᠯ ᠵᠠᠷᠤᠳᠠᠯ ᠳᠤ ᠭᠠᠮᠳᠠᠢ ᠪᠠᠶᠢᠬᠤ ︽ᠭᠤᠷᠪᠠᠨ ᠲᠦᠳᠡ | ᠦᠢᠯᠡᠴᠢᠯᠡᠭᠡ︾ ᠶᠢ ᠬᠡᠷᠡᠭᠵᠢᠬᠦᠯᠦᠨ᠂ ᠠᠵᠤ ᠠᠬᠤᠶᠢᠯᠠᠯ ᠳᠤ ᠰᠢᠯᠢᠳᠡᠭ ᠦᠢᠯᠡᠴᠢᠯᠡᠭᠡ ᠬᠠᠩᠭᠠᠨ ᠣᠷᠣᠨ ᠨᠤᠲᠤᠭ ᠤᠨ | ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | ᠪᠠᠷᠠᠭᠤᠨ ᠦᠵᠦᠮᠦᠴᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋ ᠲᠠᠭᠠᠭᠠᠮᠠᠯ ᠶᠦᠨ ᠫᠧᠩ: ︽ᠴᠠᠬᠢᠯᠭᠠᠨ | ᠬᠠᠩᠭᠠᠬᠤ ᠳᠤ ᠲᠦᠭᠦᠮ ᠨᠦᠬᠦᠴᠡᠯ ᠬᠠᠩᠭᠠᠵᠦ᠂ ᠨᠡᠶᠢᠭᠡᠮ ᠠᠵᠤ ᠠᠬᠤᠢ ᠶᠢᠨ ᠬᠦᠭᠵᠢᠯᠳᠡ ᠳᠤ ᠰᠠᠶᠢᠳᠤᠷ ᠦᠢᠯᠡᠴᠢᠯᠡᠬᠦ | ᠶᠢᠨ ᠲᠦᠯᠦᠭᠡ ᠮᠠᠨ ᠤ ᠺᠤᠮᠫᠠᠨᠢ ᠨᠢ ᠲᠦᠪ᠂ ᠤᠷᠤᠨ ᠪᠤᠯᠤᠨ ᠠᠶᠢᠮᠠᠭ ᠬᠤᠰᠢᠭᠤᠨ ᠤ ᠬᠤᠳᠠᠯᠳᠤᠭ᠎ᠠ ᠡᠵᠡᠩᠨᠡᠬᠦ ᠤᠷᠴᠢᠨ | ᠨᠦᠬᠦᠴᠡᠯ ᠢ ᠰᠠᠶᠢᠵᠢᠷᠠᠭᠤᠯᠬᠤ ᠰᠢᠢᠳᠪᠤᠷᠢ ᠶᠢ ᠰᠠᠶᠢᠳᠤᠷ ᠨᠠᠶᠢᠳᠠᠪᠤᠷᠢᠵᠢᠭᠤᠯᠵᠤ ᠢᠷᠡᠵᠡᠢ᠃ ᠴᠠᠬᠢᠯᠭᠠᠨ ᠦᠢᠯᠡᠴᠢᠯᠡᠭᠡ ᠶᠢᠨ | ᠭᠠᠷ ᠬᠦᠢᠴᠡᠳᠬᠡᠯ ᠨᠢ ᠬᠤᠷᠳᠤᠨ ᠲᠦᠷᠭᠡᠨ᠂ ᠠᠪᠰᠠᠷ ᠲᠦᠭᠦᠮ ᠪᠠᠶᠢᠬᠤ᠂ ᠠᠵᠤ ᠠᠬᠤᠶᠢᠯᠠᠯ ᠳᠤ ᠬᠦᠷᠴᠦ ᠬᠢᠨᠠᠨ | ᠰᠢᠯᠭᠠᠬᠤ᠂ ᠴᠠᠬᠢᠯᠭᠠᠨ ᠤ ᠵᠠᠷᠤᠳᠠᠯ ᠰᠦᠢᠳᠬᠡᠯ ᠢᠯᠡ ᠲᠤᠳᠤ ᠪᠠᠶᠢᠬᠤ ᠵᠡᠷᠭᠡ ᠶᠢ ᠪᠡᠶᠡᠯᠡᠭᠦᠯᠦᠭᠰᠡᠨ ᠪᠠᠶᠢᠨ᠎ᠠ︾ ᠭᠡᠯᠡ᠃ | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠤ ᠴᠠᠬᠢᠯᠭᠠᠨ ᠬᠠᠩᠭᠠᠬᠤ ᠺᠣᠮᠫᠠᠨᠢ ᠨᠢ ᠠᠵᠢᠯ ᠢᠶᠠᠨ ᠥᠷᠭᠡᠳᠬᠡᠨ | ᠴᠠᠬᠢᠯᠭᠠᠨ ᠤᠭᠰᠠᠷᠠᠬᠤ᠂ ᠡᠵᠡᠩᠨᠡᠨ ᠪᠤᠷᠤᠯᠠᠭᠤᠯᠵᠤ ᠨᠡᠶᠢᠳᠡᠮ ᠪᠠᠶᠢᠴᠠᠭᠠᠯᠲᠠ ᠬᠢᠬᠦ ᠵᠡᠷᠭᠡ ᠡᠳᠦᠷ ᠲᠤᠲᠤᠮ ᠤᠨ ᠠᠵᠢᠯ | ᠲᠤᠮᠳᠠ ᠨᠠᠮ ᠤᠨ ᠭᠡᠰᠢᠭᠦᠨ ᠪᠤᠯᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢᠶᠠᠨ ᠲᠠᠶᠢᠴᠢᠯᠠᠨ᠂ ᠲᠤᠬᠠᠢ ᠶᠢᠨ | ᠲᠠᠯᠠᠪᠠᠢ ᠳᠤ ᠬᠦᠷᠴᠦ ᠠᠵᠤ ᠠᠬᠤᠶᠢᠯᠠᠯ ᠳᠤ ᠡᠨᠧᠷᠭᠢ ᠠᠷᠪᠢᠯᠠᠬᠤ ᠵᠢᠯᠣᠭᠤᠳᠤᠯᠭ᠎ᠠ᠂ ᠴᠠᠬᠢᠯᠭᠠᠨ ᠠᠰᠢᠭᠯᠠᠮᠵᠢ ᠶᠢᠨ | ᠵᠠᠳᠠᠯᠤᠯᠲᠠ ᠬᠢᠵᠦ᠂ ᠪᠠᠶᠢᠳᠠᠯ ᠳᠠᠭᠠᠨ ᠲᠣᠬᠢᠷᠠᠭᠤᠯᠤᠨ ᠴᠠᠬᠢᠯᠭᠠᠨ ᠬᠡᠷᠡᠭᠯᠡᠬᠦ ᠲᠥᠰᠥᠯ ᠲᠤᠭᠳᠠᠭᠠᠨ ᠦᠭᠴᠦ᠂ ᠡᠨᠧᠷᠭᠢ | ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠠᠶᠢᠵᠢᠷᠠᠭᠤᠯᠵᠤ | ᠪᠠᠶᠢᠨ᠎ᠠ᠃ | |