ᠴᠠᠭᠠᠠᠪᠤᠭᠤᠳᠤ ᠭᠠᠴᠠᠭ᠎ᠠ᠄ ᠮᠠᠯᠴᠢᠨ ᠪᠦᠰᠡᠭᠦᠶᠢᠴᠦᠳ ᠤᠨ ᠤᠷ᠎ᠠ ᠤᠬᠠᠭᠠᠨ ᠢ ᠪᠠᠳᠠᠷᠠᠭᠤᠯᠤᠨ ᠦᠵᠡᠰᠬᠦᠯᠡᠩᠳᠦ | ᠰᠠᠶᠢᠬᠠᠨ ᠭᠡᠷ ᠤᠷᠤᠨ ᠢᠶᠠᠨ ᠪᠠᠶᠢᠭᠤᠯᠤᠨ᠎ᠠ | | ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠴᠠᠭᠠᠠᠪᠤᠭᠤᠳᠤ ᠭᠠᠴᠠᠭ᠎ᠠ ᠨᠢ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠲᠤᠮᠳᠠ ︽ᠡᠮᠡᠭᠳᠡᠶᠢᠴᠦᠳ ᠤᠨ ᠤᠷ᠎ᠠ ᠤᠬᠠᠭᠠᠨ ᠢ ᠪᠠᠳᠠᠷᠠᠭᠤᠯᠤᠨ | ᠬᠦᠴᠦᠨ ᠨᠡᠮᠡᠷᠢᠯᠡᠭᠦᠯᠬᠦ︾ ᠪᠠᠷ ᠬᠠᠷᠠᠯᠳᠠ ᠪᠤᠯᠭᠠᠨ ᠠᠵᠢᠯᠯᠠᠵᠦ᠂ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠡᠯ᠎ᠡ | ᠲᠠᠯ᠎ᠠ ᠶᠢᠨ ᠠᠵᠢᠯ ᠢ ᠰᠠᠶᠢᠳᠤᠷ ᠬᠢᠬᠦ ᠪᠠᠷ ᠲᠠᠮᠵᠢᠭᠤᠯᠤᠨ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ᠂ | ᠤᠷᠴᠢᠨ ᠠᠬᠤᠢ ᠶᠢᠨ ᠬᠠᠮᠠᠭᠠᠯᠠᠯᠳᠠ᠂ ᠭᠡᠷ ᠪᠦᠯᠢ ᠶᠢᠨ ᠶᠤᠰᠤ ᠰᠤᠷᠳᠠᠬᠤᠨ ᠤ ᠬᠦᠮᠦᠵᠢᠯ ᠢ ᠶᠡᠭᠡ ᠪᠠᠷ ᠲᠡᠭᠡᠭᠰᠢᠯᠡᠬᠦᠯᠦᠨ | ᠪᠤᠯᠪᠠᠰᠤᠨ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠵᠤ ᠪᠠᠶᠢᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠡᠯᠭᠡᠳᠡᠨ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠠᠵᠢᠯ ᠢ ᠤᠯᠠᠮ ᠠᠬᠢᠭᠤᠯᠬᠤ ᠶᠢᠨ ᠲᠤᠰᠠᠳᠠ᠂ ᠴᠠᠭᠠᠠᠪᠤᠭᠤᠳᠤ ᠭᠠᠴᠠᠭᠠᠨ ᠤ | ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠤᠶᠢᠷ᠎ᠠ ᠳᠤ ︽ᠦᠵᠡᠰᠬᠦᠯᠡᠩᠳᠦ ᠰᠠᠶᠢᠬᠠᠨ ᠭᠡᠷ ᠤᠷᠤᠨ︾ ᠢ ᠡᠭᠦᠳᠦᠨ | ᠪᠠᠶᠢᠭᠤᠯᠬᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠪᠠ᠃ ᠲᠤᠰ ᠠᠵᠢᠯᠯᠠᠭ᠎ᠠ | ᠳᠤ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠭᠠᠴᠠᠭᠠᠨ ᠤ ᠡᠭᠦᠷ ᠵᠦᠪᠯᠡᠯ ᠤᠨ ᠢᠶᠠᠨ | ᠬᠠᠪᠰᠤᠷᠤᠯᠭ᠎ᠠ ᠲᠤᠤᠷ᠎ᠠ ︽ᠵᠢᠷᠭᠤᠭᠠᠨ ᠴᠡᠪᠡᠷ ᠲᠤᠯᠤᠭᠠᠨ ᠦᠭᠡᠢ ᠨᠢᠭᠡ ᠵᠤᠬᠢᠰᠳᠠᠢ ᠪᠠᠶᠢᠬᠤ︾ ᠱᠠᠭᠠᠷᠳᠠᠯᠭ᠎ᠠ ᠶᠤᠰᠤᠭᠠᠷ᠂ | ᠤᠷᠢᠳᠴᠢᠯᠠᠨ ᠤᠬᠠᠭᠤᠯᠬᠤ᠂ ᠡᠷᠦᠬᠡ ᠳᠤ ᠤᠷᠤᠵᠤ ᠠᠳᠠᠯᠢᠳᠬᠠᠨ ᠰᠢᠯᠭᠠᠷᠠᠭᠤᠯᠬᠤ᠂ ᠬᠦᠬᠢᠭᠦᠯᠦᠨ ᠱᠠᠩᠨᠠᠬᠤ ᠵᠡᠷᠭᠡ | ᠠᠯᠬᠤᠮ ᠢᠶᠠᠷ ᠡᠮᠡᠭᠳᠠᠶᠢᠴᠦᠳ ᠪᠤᠯᠤᠨ ᠭᠡᠷ ᠪᠦᠯᠢ ᠶᠢ ᠨᠢ ᠲᠠᠶᠢᠴᠢᠯᠠᠨ ︽ᠦᠵᠡᠰᠬᠦᠯᠡᠩᠳᠦ ᠰᠠᠶᠢᠬᠠᠨ ᠭᠡᠷ ᠤᠷᠤᠨ︾ ᠢᠶᠠᠨ | ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠯᠡᠨ ᠤᠷᠤᠯᠴᠠᠭᠤᠯᠵᠤ᠂ ᠴᠡᠪᠡᠷ ᠲᠤᠬᠢᠯᠢᠭ ᠭᠡᠷ ᠤᠷᠤᠨ ᠢ ᠪᠠᠶᠢᠭᠤᠯᠤᠨ ᠂ | ᠨᠤᠭᠤᠭᠠᠨ ᠪᠠᠶᠢᠭᠠᠯᠢ ᠪᠠᠨ ᠬᠠᠮᠠᠭᠠᠯᠠᠵᠦ᠂ ᠪᠤᠯᠪᠠᠰᠤᠨ ᠰᠢᠨ᠎ᠡ ᠰᠤᠷᠳᠠᠯ ᠢ ᠰᠤᠷᠳᠠᠯᠴᠢᠯᠠᠨ ᠠᠮᠢᠳᠤᠷᠠᠬᠤᠢ ᠶᠢᠨ ᠦᠭᠡᠳᠡᠷᠭᠡᠭ | ᠦᠵᠡᠯ ᠢ ᠬᠦᠮᠦᠵᠢᠭᠦᠯᠬᠦ ᠶᠢ ᠵᠤᠷᠢᠵᠦ ᠰᠢᠨ᠎ᠡ ᠮᠠᠯᠵᠢᠬᠤ ᠤᠷᠤᠨ ᠢ ᠪᠠᠶᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | ᠴᠠᠭᠠᠠᠪᠤᠭᠤᠳᠤ ᠭᠠᠴᠠᠭ᠎ᠠ ᠨᠢ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠢ ᠰᠢᠨ᠎ᠡ ᠮᠠᠯᠵᠢᠬᠤ ᠤᠷᠤᠨ ᠤ | ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠴᠢᠬᠤᠯᠠ ᠬᠦᠴᠦᠨ ᠪᠤᠯᠭᠠᠨ ᠠᠳᠬᠤᠵᠤ᠂ ᠲᠡᠭᠡᠳᠦ ᠱᠠᠳᠤᠨ ᠤ | ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠤᠨ ᠪᠠᠶᠢᠷᠢᠯᠠᠭᠤᠯᠤᠯᠳᠠ ᠪᠠᠷ ᠡᠯ᠎ᠡ ᠲᠠᠯ᠎ᠠ ᠶᠢᠨ ᠠᠵᠢᠯ ᠢᠶᠠᠨ ᠰᠠᠶᠢᠳᠤᠷ | ᠬᠦᠢᠴᠡᠳᠬᠡᠵᠦ ᠢᠷᠡᠪᠡ᠃ ᠲᠤᠰ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠡᠯ᠎ᠡ ᠪᠠᠶᠠᠷ ᠲᠤᠷᠠᠰᠬᠠᠯ ᠤᠨ | ᠡᠳᠦᠷ ᠪᠤᠶᠤ ᠭᠤᠤᠯ ᠰᠡᠳᠦᠪᠳᠦ ᠠᠵᠢᠯᠯᠠᠭ᠎ᠠ ᠪᠠᠷ ᠲᠠᠮᠵᠢᠭᠤᠯᠤᠨ ᠰᠤᠶᠤᠯ ᠲᠠᠮᠢᠷ ᠤᠨ ᠠᠵᠢᠯᠯᠠᠭ᠎ᠠ᠂ ᠬᠠᠤᠯᠢ ᠴᠠᠭᠠᠵᠠ᠂ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠰᠤᠷᠳᠠᠯᠴᠢᠯᠠᠭ᠎ᠠ᠂ ᠭᠡᠷ ᠪᠦᠯᠢ ᠶᠢᠨ ᠬᠦᠮᠦᠵᠢᠯ᠂ ᠡᠮᠡᠭᠳᠡᠶᠢᠴᠦᠳ ᠤᠨ ᠤᠷ᠎ᠠ | ᠮᠡᠷᠭᠡᠵᠢᠯ ᠤᠨ ᠪᠤᠯᠪᠠᠰᠤᠷᠠᠯ ᠵᠡᠷᠭᠡ ᠠᠵᠢᠯ ᠢ ᠵᠤᠬᠢᠶᠠᠨ ᠪᠠᠶᠢᠭᠤᠯᠤᠨ ᠬᠢᠵᠦ᠂ ᠮᠠᠯᠴᠢᠨ ᠲᠦᠮᠡᠨ ᠤ ᠲᠤᠮᠳᠠ ︽ᠴᠡᠪᠡᠷ ᠠᠶᠢᠯ︾ | ᠂ ︽ᠭᠤᠶᠤ ᠰᠠᠶᠢᠬᠠᠨ ᠭᠡᠷ ᠪᠦᠯᠢ︾᠂ ︽ ᠦᠵᠡᠰᠬᠦᠯᠡᠩᠳᠦ ᠰᠠᠶᠢᠬᠠᠨ ᠭᠡᠷ ᠤᠷᠤᠨ︾᠂ ︽ᠰᠠᠶᠢᠨ ᠪᠡᠷᠢ︾ ᠵᠡᠷᠭᠡ ᠶᠢ | ᠰᠤᠩᠭᠤᠨ ᠰᠢᠯᠭᠠᠷᠠᠭᠤᠯᠵᠤ ᠵᠢᠱᠢᠶᠡᠴᠢ ᠪᠠᠷ ᠲᠠᠶᠢᠴᠢᠯᠠᠨ ᠲᠠᠭᠠᠭᠤᠯᠵᠤ᠂ ᠡᠮᠡᠭᠳᠡᠶᠢᠴᠦᠳ ᠤᠨ ᠡᠷᠭᠡ ᠠᠰᠢᠭ ᠢ ᠬᠠᠮᠠᠭᠠᠯᠠᠨ | ᠡᠶ᠎ᠡ ᠨᠠᠶᠢᠷᠠᠮᠳᠠᠭᠤ ᠭᠡᠷ ᠪᠦᠯᠢ ᠶᠢ ᠪᠠᠶᠢᠭᠤᠯᠬᠤ ᠳᠤ ᠴᠢᠬᠤᠯᠠ ᠦᠢᠯᠡᠳᠦᠯ ᠭᠠᠷᠭᠠᠭᠰᠠᠨ ᠲᠡᠳᠦᠢ ᠦᠭᠡᠢ᠂ ᠠᠴᠢ ᠡᠨᠡᠷᠢᠯ᠂ | ᠠᠵᠢᠯ ᠬᠦᠳᠡᠯᠮᠦᠷᠢ᠂ ᠡᠶ᠎ᠡ ᠪᠦᠯᠬᠦᠮᠳᠡᠯ ᠲᠠᠢ ᠪᠠᠶᠢᠬᠤ ᠰᠢᠯᠢᠳᠡᠭ ᠰᠠᠶᠢᠬᠠᠨ ᠪᠤᠯᠪᠠᠰᠤᠨ ᠰᠤᠷᠳᠠᠯ ᠢ ᠲᠦᠭᠡᠭᠡᠨ ᠲᠡᠯᠭᠡᠷᠡᠭᠦᠯᠪᠡ | ᠃ | ᠡᠭᠦᠨ ᠤ ᠬᠠᠮᠳᠤ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠡᠮᠡᠭᠳᠡᠶᠢᠴᠦᠳ ᠢᠶᠠᠨ | ᠲᠠᠶᠢᠴᠢᠯᠠᠨ ᠭᠠᠴᠠᠭᠠᠨ ᠤ ᠪᠠᠨ ᠤᠯᠠᠨ ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ᠂ ᠬᠢᠵᠢᠭ ᠰᠡᠷᠭᠡᠶᠢᠯᠡᠬᠦ ᠪᠠ ᠤᠯᠠᠨ | ᠲᠠᠯ᠎ᠠ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠭᠠᠷᠳᠠᠨ ᠬᠦᠢᠴᠡᠳᠬᠡᠵᠦ ᠬᠦᠳᠡᠯᠮᠦᠷᠢᠴᠢᠨ ᠡᠮᠡᠭᠳᠡᠶᠢᠴᠦᠳ ᠤᠨ | ᠦᠢᠯᠡᠳᠦᠯ ᠢᠳᠡᠪᠬᠢᠵᠢᠯ ᠢ ᠬᠦᠢᠴᠡᠳ ᠪᠠᠳᠠᠷᠠᠭᠤᠯᠤᠨ ᠰᠢᠨ᠎ᠡ ᠮᠠᠯᠵᠢᠬᠤ ᠤᠷᠤᠨ ᠢᠶᠠᠨ ᠪᠦᠳᠦᠭᠡᠨ ᠪᠠᠶᠢᠭᠤᠯᠵᠤ ᠪᠠᠶᠢᠨ᠎ᠠ᠃ | | | |