ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠵᠠᠷᠯᠠᠯ | ︵41 ᠳ᠋ᠤᠭᠡᠷ ᠲᠤᠭᠠᠲᠦ︶ | 2022 ᠣᠨ ᠤ 10 ᠰᠠᠷ᠎ᠠ ᠶᠢᠨ 21 ᠤ ᠡᠳᠦᠷ᠂ ᠰᠢᠯᠢ ᠶᠢᠨ ᠬᠤᠲᠠ ᠶᠢᠨ ︽ᠰᠧ ᠣᠪᠣᠭᠲᠤ ᠶᠢᠨ ᠬᠠᠯᠠᠭᠤᠨ | ᠲᠤᠭᠤᠭ᠎ᠠ︾ ᠬᠤᠭᠤᠯᠠᠨ ᠭᠡᠷ ᠠᠴᠠ ᠠᠷᠭ᠎ᠠ ᠴᠢᠨᠠᠷ ᠢᠯᠡᠷᠡᠭᠰᠡᠨ ᠡᠪᠡᠳᠴᠢᠳᠡᠨ ᠲᠠᠢ ᠨᠢᠭᠡ ᠴᠠᠭ ᠤᠷᠴᠢᠨ ᠳᠤ | ᠪᠠᠶᠢᠭᠰᠠᠨ ᠬᠦᠮᠦᠰ ᠲᠤ ᠪᠦᠭᠡᠮ ᠬᠦᠴᠢᠯ ᠤᠨ ᠪᠠᠶᠢᠴᠠᠭᠠᠯᠲᠠ ᠬᠢᠬᠦ ᠳᠤᠮᠳᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠠᠷᠭ᠎ᠠ ᠴᠢᠨᠠᠷᠲᠠᠢ 1 ᠬᠥᠮᠥᠨ ᠢ ᠢᠯᠡᠷᠡᠭᠦᠯᠪᠡ᠃ ᠣᠳᠣᠬᠠᠨ ᠳᠤ ᠨᠡᠶᠢᠭᠡᠮ ᠤᠨ ᠬᠠᠮᠢᠶᠠᠷᠤᠨ | ᠡᠵᠡᠮᠳᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠲᠣᠰ ᠠᠷᠭ᠎ᠠ ᠴᠢᠨᠠᠷᠲᠠᠢ ᠬᠠᠯᠳᠠᠪᠤᠷᠢᠯᠠᠭᠰᠠᠳ | ᠪᠣᠯ ᠰᠢᠯᠢ ᠶᠢᠨ ᠬᠤᠲᠠ ᠠᠴᠠ ᠮᠠᠨ ᠤ ᠬᠤᠰᠢᠭᠤᠨ ᠳᠤ ᠪᠤᠴᠠᠵᠦ ᠢᠷᠡᠭᠰᠡᠨ ᠬᠦᠮᠦᠨ ᠪᠣᠯᠣᠨ᠎ᠠ᠃ ᠵᠠᠮ | ᠬᠠᠷᠢᠯᠴᠠᠭᠠᠨ ᠤ ᠪᠠᠶᠢᠴᠠᠭᠠᠯᠳᠠ ᠶᠢᠨ ᠴᠡᠭ ᠲᠤ ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ ᠤ ᠬᠠᠮᠲᠤ ︽ | ᠴᠡᠭ ᠠᠴᠠ ᠴᠡᠭ ᠲᠤ ᠬᠦᠷᠭᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠪᠦᠬᠦ ᠶᠠᠪᠤᠴᠠ ᠳᠤ | ᠴᠢᠩᠭ᠎ᠠ ᠬᠠᠮᠢᠶᠠᠷᠤᠨ ᠡᠵᠡᠮᠳᠡᠪᠡ᠃ ᠣᠳᠣᠬᠠᠨ ᠳᠤ ᠲᠣᠰ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠨᠢᠭᠡᠨᠲᠡ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠨ ᠡᠮᠨᠡᠭᠦᠯᠵᠦ ᠪᠠᠶᠢᠨ᠎ᠠ᠃ ᠰᠢᠯᠢ ᠶᠢᠨ ᠬᠤᠲᠠ᠂ ᠠᠪᠠᠭ᠎ᠠ | ᠬᠤᠰᠢᠭᠤ ᠵᠢᠴᠢ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠳᠤ ᠪᠠᠶᠢᠭᠰᠠᠨ ᠬᠠᠮᠢᠶ᠎ᠠ ᠪᠦᠬᠦᠢ ᠵᠠᠮ | ᠮᠦᠷ ᠤᠨ ᠶᠠᠪᠤᠴᠠ ᠶᠢ ᠨᠢ ᠲᠡᠷᠡ ᠲᠠᠷᠤᠢ ᠳᠤ ᠨᠢ ᠲᠤᠬᠠᠢ ᠶᠢᠨ ᠭᠠᠵᠠᠷ ᠲᠤ ᠨᠢ ᠮᠡᠳᠡᠬᠦᠯᠵᠦ᠂ ᠮᠠᠨ ᠤ | ᠬᠤᠰᠢᠭᠤᠨ ᠤ ᠬᠢᠵᠢᠭ ᠤᠨ ᠬᠠᠯᠳᠠᠪᠤᠷᠢᠯᠠᠯ ᠤᠨ ᠲᠦᠭᠰᠢᠭᠦᠷᠢ ᠲᠠᠢ ᠬᠥᠮᠥᠰ ᠲᠤ ᠪᠦᠲᠦᠮᠵᠢᠲᠡᠶ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠨᠢᠭᠲᠠ ᠤᠶᠢᠷᠠᠳᠤᠭᠰᠠᠳ ᠢ ᠵᠢᠭᠰᠠᠭᠠᠨ | ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠨᠠᠷᠢᠨ ᠪᠤᠳᠠᠳᠠᠢ ᠰᠠᠶᠢᠳᠤᠷ ᠬᠢᠬᠦ ᠶᠢᠨ | ᠲᠥᠯᠥᠭᠡ᠂ 10 ᠰᠠᠷ᠎ᠠ ᠶᠢᠨ 16 ᠤ ᠡᠳᠦᠷ ᠠᠴᠠ ᠨᠠᠰᠢ ᠰᠢᠯᠢ ᠶᠢᠨ ᠬᠤᠲᠠ ᠶᠢᠨ ︽ᠰᠧ ᠣᠪᠣᠭᠲᠤ ᠶᠢᠨ | ᠬᠠᠯᠠᠭᠤᠨ ᠲᠣᠭᠤᠭ᠎ᠠ︾ ᠬᠤᠭᠤᠯᠠᠨ ᠭᠡᠷ ᠲᠤ ︵ᠬᠠᠶ᠋ᠢᠭ᠄ ᠡᠷᠳᠡᠨᠢ ᠵᠡᠭᠡᠯᠢ ᠶᠢᠨ ᠰᠢᠶᠤᠤ ᠺᠠᠩ ᠰᠠᠭᠤᠭᠠᠯᠢ | ᠠᠷᠠᠳ ᠤᠨ ᠳᠤᠭᠤᠷᠢᠭ ᠤᠨ ᠡᠮᠦᠨ᠎ᠡ ᠡᠭᠦᠳᠡᠨ ᠤ ᠪᠠᠷᠠᠭᠤᠨ ᠲᠠᠯ᠎ᠠ᠂ ᠪᠦᠯᠬᠦᠮᠳᠡᠯ ᠵᠡᠭᠡᠯᠢ ᠶᠢᠨ 253 ᠳ᠋ᠤᠭᠠᠷ ᠨᠣᠮᠧᠷ | ︶ ᠤᠴᠢᠭᠰᠠᠨ ᠬᠥᠮᠥᠰ ᠳᠠᠷᠤᠶᠢᠬᠠᠨ ᠪᠠᠶᠢᠭ᠎ᠠ ᠰᠤᠮᠤ ᠪᠠᠯᠭᠠᠰᠤ ︵ᠬᠠᠮᠢᠶᠠᠷᠤᠯᠲᠠ ᠶᠢᠨ ᠵᠥᠪᠯᠡᠯ︶᠂ ᠨᠡᠶᠢᠭᠡᠮ | ᠲᠣᠭᠤᠷᠢᠭ ︵ᠭᠠᠴᠠᠭ᠎ᠠ︶ ᠪᠤᠶᠤ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠲᠤ | ᠮᠡᠳᠡᠭᠦᠯᠬᠦ ᠶᠢᠨ ᠬᠠᠮᠲᠤ᠂ ᠪᠦᠭᠡᠮ ᠬᠦᠴᠢᠯ ᠤᠨ ᠪᠠᠶᠢᠴᠠᠭᠠᠯᠳᠠ ᠬᠢᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ | ᠡᠷᠡᠭᠦᠯ ᠮᠡᠨᠳᠦ ᠶᠢᠨ ᠬᠢᠨᠠᠨ ᠬᠡᠮᠵᠢᠯᠳᠡ ᠬᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ | ᠠᠴᠠ ᠪᠠᠨ ᠬᠠᠮᠵᠢᠯᠴᠠᠬᠤ ᠬᠡᠷᠡᠭᠲᠡᠢ᠃ | ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ ᠪᠠᠶᠢᠨ᠎ᠠ᠂ | ᠥᠷᠭᠡᠨ ᠣᠯᠠᠨ ᠰᠠᠭᠤᠭᠠᠯᠢ ᠠᠷᠠᠳ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠨ᠂ | ᠬᠤᠪᠢ ᠬᠥᠮᠥᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠤᠨᠴᠠᠭᠠᠢ ᠴᠢᠬᠤᠯᠠ ᠤᠴᠢᠷ ᠦᠭᠡᠢ ᠪᠣᠯ ᠭᠠᠳᠠᠭᠰᠢ | ᠭᠠᠷᠬᠤ ᠦᠭᠡᠢ᠂ ᠴᠤᠭᠯᠠᠷᠠᠬᠤ ᠦᠭᠡᠢ᠂ ᠬᠤᠰᠢᠭᠤᠨ ᠠᠴᠠ ᠪᠠᠨ ᠭᠠᠷᠬᠤ ᠦᠭᠡᠢ ᠪᠠᠶᠢᠵᠤ᠂ ᠨᠡᠶᠢᠭᠡᠮ ᠤᠨ | ᠠᠵᠢᠯᠯᠠᠭ᠎ᠠ ᠶᠢ ᠪᠠᠭᠠᠰᠬᠠᠬᠤ ᠬᠡᠷᠡᠭᠳᠡᠢ᠃ ᠥᠷᠭᠡᠨ ᠣᠯᠠᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ | ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ | ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ | ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ | ᠢᠯᠡᠷᠡᠪᠡᠯ᠂ ᠪᠠᠶᠢᠭ᠎ᠠ ᠰᠤᠮᠤ ᠪᠠᠯᠭᠠᠰᠤ ︵ᠬᠠᠮᠢᠶᠠᠷᠤᠯᠲᠠ ᠶᠢᠨ ᠵᠥᠪᠯᠡᠯ︶᠂ ᠨᠡᠶᠢᠭᠡᠮ ᠲᠣᠭᠤᠷᠢᠭ ︵ᠭᠠᠴᠠᠭ᠎ᠠ︶ ᠪᠠ | ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠲᠤ ᠮᠡᠳᠡᠭᠦᠯᠬᠦ ᠶᠢᠨ ᠬᠠᠮᠲᠤ ᠳᠠᠷᠤᠶᠢᠬᠠᠨ | ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ | ᠡᠮᠨᠡᠬᠦᠯᠬᠦ ᠬᠡᠷᠡᠭᠳᠡᠢ᠃ ᠡᠮᠨᠡᠭᠦᠯᠬᠦ ᠶᠠᠪᠤᠴᠠ ᠳᠤ ᠠᠮᠠᠪᠴᠢ ᠵᠡᠭᠦᠵᠦ᠂ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ | ᠰᠠᠭᠤᠬᠤ ᠠᠴᠠ ᠵᠠᠶᠢᠯᠠᠰᠬᠢᠬᠦ ᠬᠡᠷᠡᠭᠲᠡᠢ᠃ ᠣᠳᠣᠬᠠᠨ ᠳᠤ᠂ ᠮᠠᠨ ᠤ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠤᠨ | ᠡᠮᠬᠢ ᠳᠢᠭᠯᠢᠮ ᠲᠣᠭᠲᠠᠭᠤᠨ᠂ ᠡᠳ᠋ ᠪᠣᠳᠠᠰ ᠤᠨ ᠨᠥᠭᠡᠴᠡ ᠭᠦᠢᠴᠡᠳ ᠪᠠᠶᠢᠨ᠎ᠠ ᠃ ᠥᠷᠭᠡᠨ ᠣᠯᠠᠨ ᠰᠠᠭᠤᠭᠠᠯᠢ | ᠠᠷᠠᠳ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ ᠤᠨ | ᠨᠡᠶᠢᠲᠡᠯᠡᠭᠰᠡᠨ ᠠᠯᠪᠠᠨ ᠲᠠᠯ᠎ᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠢ ᠢᠲᠡᠭᠡᠬᠦ ᠦᠭᠡᠢ᠂ | ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠡᠷᠤᠳᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠶᠢ | ᠬᠦᠰᠡᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠯᠴᠠᠬᠤ | ᠤᠲᠠᠰᠤ᠄ | ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠤᠨ ᠵᠢᠯᠣᠭᠤᠳᠬᠤ ᠬᠡᠯᠲᠡᠰ᠄ 0479—6827397 | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0479— 3522876 | ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ 0479— 3529347 | ᠬᠤᠰᠢᠭᠤ ᠬᠠᠯᠠᠭᠤᠷᠠᠭᠰᠠᠨ ᠡᠪᠡᠳᠴᠢᠲᠡᠨ ᠢ ᠡᠮᠨᠡᠬᠦ ᠡᠭᠦᠳᠡᠨ ᠡᠮᠨᠡᠯᠭᠡ᠄ 15647980537 | ᠪᠠᠯᠭᠠᠷᠭᠤᠤᠯ ᠪᠠᠯᠭᠠᠰᠤ᠄ 0479— 3520668 | ᠪᠠᠯᠭᠠᠷᠭᠤᠤᠯ ᠪᠠᠯᠭᠠᠰᠤᠨ ᠤ ᠪᠣᠷᠣᠲᠤᠯᠣᠭᠠᠶ ᠨᠡᠶᠢᠭᠡᠮ ᠲᠣᠭᠤᠷᠢᠭ᠄ 0479— 6978077 | ᠪᠠᠯᠭᠠᠷᠭᠤᠤᠯ ᠪᠠᠯᠭᠠᠰᠤᠨ ᠤ ᠪᠠᠯᠠᠭᠠᠷ ᠨᠡᠶᠢᠭᠡᠮ ᠲᠣᠭᠤᠷᠢᠭ᠄ 0479— 3918393 | ᠪᠠᠯᠭᠠᠷᠭᠤᠤᠯ ᠪᠠᠯᠭᠠᠰᠤᠨ ᠤ ᠪᠠᠶᠠᠨ ᠠᠭᠤᠯᠠ ᠨᠡᠶᠢᠭᠡᠮ ᠲᠣᠭᠤᠷᠢᠭ᠄ 15504793534 | ᠪᠠᠯᠭᠠᠷᠭᠤᠤᠯ ᠪᠠᠯᠭᠠᠰᠤᠨ ᠤ ᠪᠠᠶᠠᠨᠬᠤᠰᠢᠭᠤ ᠨᠡᠶᠢᠭᠡᠮ ᠲᠣᠭᠤᠷᠢᠭ᠄ 0479— 3528373 | ᠪᠠᠯᠭᠠᠷᠭᠤᠤᠯ ᠪᠠᠯᠭᠠᠰᠤᠨ ᠤ ᠬᠠᠨ ᠠᠭᠤᠯᠠ ᠨᠡᠶᠢᠭᠡᠮ ᠲᠣᠭᠤᠷᠢᠭ᠄ 0479— 2438611 | ᠪᠠᠯᠭᠠᠷᠭᠤᠤᠯ ᠪᠠᠯᠭᠠᠰᠤᠨ ᠤ ᠪᠠᠶᠠᠨᠭᠤᠤᠯ ᠨᠡᠶᠢᠭᠡᠮ ᠲᠣᠭᠤᠷᠢᠭ᠄ 0479— 3520400 | ᠪᠠᠶᠠᠨᠬᠤᠸᠠ ᠪᠠᠯᠭᠠᠰᠤ᠄ 0479— 2771103 | ᠪᠠᠶᠠᠨᠬᠤᠸᠠ ᠪᠠᠯᠭᠠᠰᠤᠨ ᠤ ᠪᠠᠶᠠᠨᠬᠤᠸᠠ ᠨᠡᠶᠢᠭᠡᠮ ᠲᠣᠭᠤᠷᠢᠭ᠄ 18647609718 | ᠪᠠᠶᠠᠨᠬᠤᠰᠢᠭᠤ ᠰᠤᠮᠤ᠄ 0479— 3823008 | ᠣᠯᠠᠭᠠᠨᠬᠠᠭᠠᠯᠭ᠎ᠠ ᠰᠤᠮᠤ᠄ 15624620298 | ᠭᠤᠷᠣᠬᠠᠨ ᠪᠠᠯᠭᠠᠰᠤ᠄ 13848496893 | ᠵᠢᠷ ᠤᠨ ᠭᠤᠣᠯ ᠪᠠᠯᠭᠠᠰᠤ᠄ 0479— 6820299 | ᠬᠤᠭᠤᠯᠠᠳᠤ ᠶᠢᠨ ᠭᠤᠤᠯ ᠪᠠᠯᠭᠠᠰᠤ᠄ 0479— 3910081 | ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠄ 13614794678 | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠤᠭᠤᠳᠬᠤ ᠭᠡᠯᠳᠡᠰ | 2022 ᠣᠨ ᠤ 10 ᠰᠠᠷ᠎ᠠ ᠶᠢᠨ 21 ᠤ ᠡᠳᠦᠷ |