ᠮᠠᠯᠴᠢᠨ ᠪᠦᠰᠡᠭᠦᠶᠢᠴᠦᠳ ᠤᠨ ᠤᠷ᠎ᠠ ᠤᠬᠠᠭᠠᠨ ᠢ ᠪᠠᠳᠠᠷᠠᠭᠤᠯᠤᠨ ᠦᠵᠡᠰᠬᠦᠯᠡᠩᠳᠦ ᠰᠠᠶᠢᠬᠠᠨ ᠭᠡᠷ ᠤᠷᠤᠨ ᠢᠶᠠᠨ | ᠪᠠᠶᠢᠭᠤᠯᠤᠨ᠎ᠠ | | ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠴᠠᠭᠠᠠᠪᠤᠭᠤᠳᠤ ᠭᠠᠴᠠᠭ᠎ᠠ ᠨᠢ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠲᠤᠮᠳᠠ ︽ᠡᠮᠡᠭᠳᠡᠶᠢᠴᠦᠳ ᠤᠨ ᠤᠷ᠎ᠠ ᠤᠬᠠᠭᠠᠨ ᠢ | ᠪᠠᠳᠠᠷᠠᠭᠤᠯᠤᠨ ᠬᠦᠴᠦᠨ ᠨᠡᠮᠡᠷᠢᠯᠡᠭᠦᠯᠬᠦ︾ ᠪᠠᠷ ᠬᠠᠷᠠᠯᠳᠠ ᠪᠤᠯᠭᠠᠨ ᠠᠵᠢᠯᠯᠠᠵᠦ᠂ ᠡᠮᠡᠭᠳᠡᠶᠢᠴᠦᠳ ᠤᠨ ᠬᠤᠯᠪᠤᠭᠠᠳᠤ | ᠬᠤᠷᠠᠯ ᠤᠨ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠬᠦ ᠪᠠᠷ ᠲᠠᠮᠵᠢᠭᠤᠯᠤᠨ ᠮᠠᠯᠵᠢᠬᠤ ᠤᠷᠤᠨ ᠤ ᠤᠶᠤᠨ ᠤ | ᠪᠤᠯᠪᠠᠰᠤᠨ ᠤ ᠪᠠᠶᠢᠭᠤᠯᠤᠯᠳᠠ᠂ ᠤᠷᠴᠢᠨ ᠠᠬᠤᠢ ᠶᠢᠨ ᠬᠠᠮᠠᠭᠠᠯᠠᠯᠳᠠ᠂ ᠭᠡᠷ ᠪᠦᠯᠢ ᠶᠢᠨ ᠶᠤᠰᠤ ᠰᠤᠷᠳᠠᠬᠤᠨ ᠤ | ᠬᠦᠮᠦᠵᠢᠯ ᠢ ᠶᠡᠭᠡ ᠪᠠᠷ ᠲᠡᠭᠡᠭᠰᠢᠯᠡᠬᠦᠯᠦᠨ ᠪᠤᠯᠪᠠᠰᠤᠨ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠵᠤ ᠪᠠᠶᠢᠨ᠎ᠠ | ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠡᠯᠭᠡᠳᠡᠨ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠠᠵᠢᠯ ᠢ ᠤᠯᠠᠮ ᠠᠬᠢᠭᠤᠯᠬᠤ ᠶᠢᠨ ᠲᠤᠰᠠᠳᠠ᠂ ᠴᠠᠭᠠᠠᠪᠤᠭᠤᠳᠤ ᠭᠠᠴᠠᠭᠠᠨ ᠤ | ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠤᠶᠢᠷ᠎ᠠ ᠳᠤ ︽ᠦᠵᠡᠰᠬᠦᠯᠡᠩᠳᠦ ᠰᠠᠶᠢᠬᠠᠨ ᠭᠡᠷ ᠤᠷᠤᠨ︾ ᠢ | ᠡᠭᠦᠳᠦᠨ ᠪᠠᠶᠢᠭᠤᠯᠬᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠪᠠ᠃ | ᠲᠤᠰ ᠠᠵᠢᠯᠯᠠᠭ᠎ᠠ ᠳᠤ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠭᠠᠴᠠᠭᠠᠨ ᠤ | ᠡᠭᠦᠷ ᠵᠦᠪᠯᠡᠯ ᠤᠨ ᠢᠶᠠᠨ ᠬᠠᠪᠰᠤᠷᠤᠯᠭ᠎ᠠ ᠲᠤᠤᠷ᠎ᠠ ︽ᠵᠢᠷᠭᠤᠭᠠᠨ ᠴᠡᠪᠡᠷ ᠲᠤᠯᠤᠭᠠᠨ ᠦᠭᠡᠢ ᠨᠢᠭᠡ ᠵᠤᠬᠢᠰᠳᠠᠢ | ᠪᠠᠶᠢᠬᠤ︾ ᠱᠠᠭᠠᠷᠳᠠᠯᠭ᠎ᠠ ᠶᠤᠰᠤᠭᠠᠷ᠂ ᠤᠷᠢᠳᠴᠢᠯᠠᠨ ᠤᠬᠠᠭᠤᠯᠬᠤ᠂ ᠡᠷᠦᠬᠡ ᠳᠤ ᠤᠷᠤᠵᠤ ᠠᠳᠠᠯᠢᠳᠬᠠᠨ | ᠰᠢᠯᠭᠠᠷᠠᠭᠤᠯᠬᠤ᠂ ᠬᠦᠬᠢᠭᠦᠯᠦᠨ ᠱᠠᠩᠨᠠᠬᠤ ᠵᠡᠷᠭᠡ ᠠᠯᠬᠤᠮ ᠢᠶᠠᠷ ᠡᠮᠡᠭᠳᠠᠶᠢᠴᠦᠳ ᠪᠤᠯᠤᠨ ᠭᠡᠷ ᠪᠦᠯᠢ ᠶᠢ ᠨᠢ | ᠲᠠᠶᠢᠴᠢᠯᠠᠨ ︽ᠦᠵᠡᠰᠬᠦᠯᠡᠩᠳᠦ ᠰᠠᠶᠢᠬᠠᠨ ᠭᠡᠷ ᠤᠷᠤᠨ︾ ᠢᠶᠠᠨ ᠡᠭᠦᠳᠦᠨ ᠪᠠᠶᠢᠭᠤᠯᠬᠤ ᠠᠵᠢᠯᠯᠠᠭ᠎ᠠ ᠳᠤ | ᠢᠳᠡᠪᠬᠢᠯᠡᠨ ᠤᠷᠤᠯᠴᠠᠭᠤᠯᠵᠤ᠂ ᠴᠡᠪᠡᠷ ᠲᠤᠬᠢᠯᠢᠭ ᠭᠡᠷ ᠤᠷᠤᠨ ᠢ ᠪᠠᠶᠢᠭᠤᠯᠤᠨ ᠂ ᠨᠤᠭᠤᠭᠠᠨ ᠪᠠᠶᠢᠭᠠᠯᠢ ᠪᠠᠨ | ᠬᠠᠮᠠᠭᠠᠯᠠᠵᠦ᠂ ᠪᠤᠯᠪᠠᠰᠤᠨ ᠰᠢᠨ᠎ᠡ ᠰᠤᠷᠳᠠᠯ ᠢ ᠰᠤᠷᠳᠠᠯᠴᠢᠯᠠᠨ ᠠᠮᠢᠳᠤᠷᠠᠬᠤᠢ ᠶᠢᠨ ᠦᠭᠡᠳᠡᠷᠭᠡᠭ ᠦᠵᠡᠯ ᠢ | ᠬᠦᠮᠦᠵᠢᠭᠦᠯᠬᠦ ᠶᠢ ᠵᠤᠷᠢᠵᠦ ᠰᠢᠨ᠎ᠡ ᠮᠠᠯᠵᠢᠬᠤ ᠤᠷᠤᠨ ᠢ ᠪᠠᠶᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | ᠴᠠᠭᠠᠠᠪᠤᠭᠤᠳᠤ ᠭᠠᠴᠠᠭ᠎ᠠ ᠨᠢ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠢ ᠰᠢᠨ᠎ᠡ ᠮᠠᠯᠵᠢᠬᠤ | ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠴᠢᠬᠤᠯᠠ ᠬᠦᠴᠦᠨ ᠪᠤᠯᠭᠠᠨ ᠠᠳᠬᠤᠵᠤ᠂ | ᠲᠡᠭᠡᠳᠦ ᠱᠠᠳᠤᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠤᠨ ᠪᠠᠶᠢᠷᠢᠯᠠᠭᠤᠯᠤᠯᠳᠠ ᠪᠠᠷ ᠡᠯ᠎ᠡ | ᠲᠠᠯ᠎ᠠ ᠶᠢᠨ ᠠᠵᠢᠯ ᠢᠶᠠᠨ ᠰᠠᠶᠢᠳᠤᠷ ᠬᠦᠢᠴᠡᠳᠬᠡᠵᠦ ᠢᠷᠡᠪᠡ᠃ ᠲᠤᠰ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ | ᠬᠤᠷᠠᠯ ᠨᠢ ᠡᠯ᠎ᠡ ᠪᠠᠶᠠᠷ ᠲᠤᠷᠠᠰᠬᠠᠯ ᠤᠨ ᠡᠳᠦᠷ ᠪᠤᠶᠤ ᠭᠤᠤᠯ ᠰᠡᠳᠦᠪᠳᠦ ᠠᠵᠢᠯᠯᠠᠭ᠎ᠠ ᠪᠠᠷ ᠲᠠᠮᠵᠢᠭᠤᠯᠤᠨ ᠰᠤᠶᠤᠯ | ᠲᠠᠮᠢᠷ ᠤᠨ ᠠᠵᠢᠯᠯᠠᠭ᠎ᠠ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠰᠤᠷᠳᠠᠯᠴᠢᠯᠠᠭ᠎ᠠ᠂ ᠭᠡᠷ | ᠪᠦᠯᠢ ᠶᠢᠨ ᠬᠦᠮᠦᠵᠢᠯ᠂ ᠡᠮᠡᠭᠳᠡᠶᠢᠴᠦᠳ ᠤᠨ ᠤᠷ᠎ᠠ ᠮᠡᠷᠭᠡᠵᠢᠯ ᠤᠨ ᠪᠤᠯᠪᠠᠰᠤᠷᠠᠯ ᠵᠡᠷᠭᠡ ᠠᠵᠢᠯ ᠢ ᠵᠤᠬᠢᠶᠠᠨ | ᠪᠠᠶᠢᠭᠤᠯᠤᠨ ᠬᠢᠵᠦ᠂ ᠮᠠᠯᠴᠢᠨ ᠲᠦᠮᠡᠨ ᠤ ᠲᠤᠮᠳᠠ ︽ᠴᠡᠪᠡᠷ ᠠᠶᠢᠯ︾᠂ ︽ᠭᠤᠶᠤ ᠰᠠᠶᠢᠬᠠᠨ ᠭᠡᠷ ᠪᠦᠯᠢ︾᠂ ︽ | ᠦᠵᠡᠰᠬᠦᠯᠡᠩᠳᠦ ᠰᠠᠶᠢᠬᠠᠨ ᠭᠡᠷ ᠤᠷᠤᠨ︾᠂ ︽ᠰᠠᠶᠢᠨ ᠪᠡᠷᠢ︾ ᠵᠡᠷᠭᠡ ᠶᠢ ᠰᠤᠩᠭᠤᠨ ᠰᠢᠯᠭᠠᠷᠠᠭᠤᠯᠵᠤ ᠵᠢᠱᠢᠶᠡᠴᠢ | ᠪᠠᠷ ᠲᠠᠶᠢᠴᠢᠯᠠᠨ ᠲᠠᠭᠠᠭᠤᠯᠵᠤ᠂ ᠡᠮᠡᠭᠳᠡᠶᠢᠴᠦᠳ ᠤᠨ ᠡᠷᠭᠡ ᠠᠰᠢᠭ ᠢ ᠬᠠᠮᠠᠭᠠᠯᠠᠨ ᠡᠶ᠎ᠡ ᠨᠠᠶᠢᠷᠠᠮᠳᠠᠭᠤ ᠭᠡᠷ ᠪᠦᠯᠢ ᠶᠢ | ᠪᠠᠶᠢᠭᠤᠯᠬᠤ ᠳᠤ ᠴᠢᠬᠤᠯᠠ ᠦᠢᠯᠡᠳᠦᠯ ᠭᠠᠷᠭᠠᠭᠰᠠᠨ ᠲᠡᠳᠦᠢ ᠦᠭᠡᠢ᠂ ᠠᠴᠢ ᠡᠨᠡᠷᠢᠯ᠂ ᠠᠵᠢᠯ ᠬᠦᠳᠡᠯᠮᠦᠷᠢ᠂ ᠡᠶ᠎ᠡ | ᠪᠦᠯᠬᠦᠮᠳᠡᠯ ᠲᠠᠢ ᠪᠠᠶᠢᠬᠤ ᠰᠢᠯᠢᠳᠡᠭ ᠰᠠᠶᠢᠬᠠᠨ ᠪᠤᠯᠪᠠᠰᠤᠨ ᠰᠤᠷᠳᠠᠯ ᠢ ᠲᠦᠭᠡᠭᠡᠨ ᠲᠡᠯᠭᠡᠷᠡᠭᠦᠯᠪᠡ᠃ | ᠡᠭᠦᠨ ᠤ ᠬᠠᠮᠳᠤ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ | ᠡᠮᠡᠭᠳᠡᠶᠢᠴᠦᠳ ᠢᠶᠠᠨ ᠲᠠᠶᠢᠴᠢᠯᠠᠨ ᠭᠠᠴᠠᠭᠠᠨ ᠤ ᠪᠠᠨ ᠤᠯᠠᠨ ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ᠂ ᠬᠢᠵᠢᠭ | ᠰᠡᠷᠭᠡᠶᠢᠯᠡᠬᠦ ᠪᠠ ᠤᠯᠠᠨ ᠲᠠᠯ᠎ᠠ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠭᠠᠷᠳᠠᠨ ᠬᠦᠢᠴᠡᠳᠬᠡᠵᠦ | ᠬᠦᠳᠡᠯᠮᠦᠷᠢᠴᠢᠨ ᠡᠮᠡᠭᠳᠡᠶᠢᠴᠦᠳ ᠤᠨ ᠦᠢᠯᠡᠳᠦᠯ ᠢᠳᠡᠪᠬᠢᠵᠢᠯ ᠢ ᠬᠦᠢᠴᠡᠳ ᠪᠠᠳᠠᠷᠠᠭᠤᠯᠤᠨ ᠰᠢᠨ᠎ᠡ ᠮᠠᠯᠵᠢᠬᠤ | ᠤᠷᠤᠨ ᠢᠶᠠᠨ ᠪᠦᠳᠦᠭᠡᠨ ᠪᠠᠶᠢᠭᠤᠯᠵᠤ ᠪᠠᠶᠢᠨ᠎ᠠ᠃ | | | |