ᠠᠮᠢᠳᠤᠷᠠᠯ ᠤᠨ ᠬᠡᠷᠡᠭᠯᠡᠭᠡᠨ ᠤ ᠵᠦᠢᠯᠠᠰ ᠤᠨ ᠬᠠᠩᠭᠠᠯᠭ᠎ᠠ | ᠭᠦᠢᠴᠡᠳ ᠦᠨ᠎ᠠ ᠬᠠᠩᠰᠢ ᠲᠤᠭᠳᠠᠪᠤᠷᠢᠳᠠᠢ ᠪᠠᠶᠢᠨ᠎ᠠ | | 10 ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ | ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ | ᠭᠦᠢᠴᠡᠳ᠂ ᠪᠠᠷᠠᠭᠠᠨ ᠤ ᠦᠨ᠎ᠡ ᠲᠣᠭᠲᠠᠭᠤᠨ ᠮᠦᠷᠳᠠᠬᠡᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠬᠦᠢᠴᠠᠳ | ᠪᠠᠶᠢᠨ᠎ᠠ᠃ | ᠣᠳᠣᠬᠠᠨ ᠪᠣᠯᠲᠠᠯ᠎ᠠ᠂ ᠪᠥᠬᠦ ᠬᠤᠰᠢᠭᠤᠨ ᠤ 18 ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠬᠠᠳᠠᠭᠠᠯᠠᠵᠤ ᠪᠠᠶᠢᠭ᠎ᠠ 14 ᠵᠦᠢᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠶᠢᠳᠠᠯ | ᠳᠣᠣᠷᠠᠬᠢ ᠮᠡᠲᠦ᠄ ᠲᠤᠲᠤᠷᠭ᠎ᠠ 23.98 ᠲᠣᠨ᠂ ᠭᠤᠯᠢᠷ 13.25 ᠲᠣᠨ᠂ ᠢᠳᠡᠰᠢᠨ ᠲᠣᠰᠣ 9.9 ᠲᠣᠨ᠂ ᠦᠬᠡᠷ | ᠬᠤᠨᠢᠨ ᠤ ᠮᠢᠬ᠎ᠠ 14.3 ᠲᠣᠨ᠂ ᠭᠠᠭ᠋ᠠᠢ ᠶᠢᠨ ᠮᠢᠬ᠎ᠠ 2.6 ᠲᠣᠨ᠂ ᠲᠠᠬᠢᠶᠠᠨ ᠥᠨᠳᠡᠭᠡ 9.9 ᠲᠣᠨ᠂ ᠢᠳᠡᠰᠢᠨ | ᠨᠣᠭᠤᠭ᠎ᠠ ᠵᠢᠮᠢᠰ 70.3 ᠲᠣᠨ᠂ ᠢᠳᠡᠰᠢᠨ ᠤ ᠳᠠᠪᠤᠰᠤ 4.69 ᠲᠣᠨ᠂ ᠲᠥᠬᠦᠮ ᠭᠤᠯᠢᠷ 61.52 ᠲᠣᠨ᠂ ᠬᠢᠮ᠎ᠠ | 28.9 ᠲᠣᠨ᠂ ᠷᠠᠰᠢᠶᠠᠨ ᠤᠰᠤ 808.05 ᠲᠣᠨ᠂ ᠦᠨᠢᠶᠡᠨ ᠰᠦ 93.7 ᠲᠣᠨ᠃ | ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠮᠢᠳᠤᠷᠠᠯ ᠤᠨ ᠬᠡᠷᠡᠭᠯᠠᠬᠡᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠪᠠᠷᠠᠭ᠎ᠠ ᠭᠦᠢᠴᠡᠳ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠡᠳᠦᠷ ᠪᠦᠷᠢ ᠠᠮᠤ ᠪᠤᠳᠠᠭ᠎ᠠ᠂ ᠭᠤᠯᠢᠷ᠂ ᠲᠣᠰᠣ᠂ ᠮᠢᠬ᠎ᠠ᠂ ᠥᠨᠳᠡᠭᠡ ᠰᠦ᠂ ᠢᠳᠡᠰᠢᠨ | ᠨᠣᠭᠤᠭ᠎ᠠ᠂ ᠲᠥᠬᠦᠮ ᠭᠤᠯᠢᠷ᠂ ᠷᠠᠰᠢᠶᠠᠨ ᠤᠰᠤ ᠵᠡᠷᠭᠡ 14 ᠲᠥᠷᠥᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ | ᠤᠨ ᠪᠠᠷᠠᠭᠠᠨ ᠤ ᠢᠷᠡᠯᠲᠡ᠂ ᠨᠦᠬᠡᠴᠠ᠂ ᠪᠣᠷᠤᠯᠠᠭᠤᠯᠭ᠎ᠠ ᠶᠢᠨ ᠬᠡᠮᠵᠢᠶ᠎ᠡ ᠪᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠪᠥᠬᠦ | ᠶᠠᠪᠤᠴᠠ ᠳᠤ ᠬᠢᠨᠠᠨ ᠪᠦᠷᠢᠳᠬᠡᠯ ᠬᠢᠵᠦ᠂ ᠭᠠᠷᠠᠭ ᠪᠦᠷᠢ ᠬᠠᠩᠭᠠᠯᠭ᠎ᠠ ᠶᠢᠨ ᠪᠠᠲᠤᠯᠠᠬᠤ ᠮᠡᠳᠡᠭᠡ ᠵᠠᠩᠭᠢ ᠶᠢ ᠢᠯᠡ | ᠨᠠᠶᠢᠳᠠᠯᠠᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠹᠧᠩ ᠶᠦᠩ᠄ ︽ᠮᠠᠨ ᠤ ᠲᠤᠪᠴᠢᠶ᠎ᠠ ᠨᠢ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠵᠣᠬᠢᠶᠠᠨ ᠪᠠᠶᠢᠭᠤᠯᠤᠯᠲᠠ᠂ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠵᠦ᠂ ᠪᠢᠲᠡᠭᠦᠦ | ᠤᠷᠴᠢᠯᠳᠣ ᠬᠠᠮᠢᠶᠠᠷᠤᠯᠲᠠ ᠶᠢ ᠬᠡᠷᠡᠭᠵᠢᠬᠦᠯᠦᠨ᠂ ᠬᠥᠮᠥᠷᠭᠡ ᠶᠢᠨ ᠨᠦᠬᠡᠴᠠ ᠳᠤ ᠪᠠᠶᠢᠴᠠᠭᠠᠯᠲᠠ ᠵᠢᠴᠢ ᠬᠢᠨᠠᠨ ᠬᠡᠮᠵᠢᠯᠲᠡ ᠢ | ᠪᠠᠶᠢᠩᠭᠤ ᠶᠢᠨ ᠴᠢᠨᠠᠷᠳᠠᠢ ᠦᠷᠨᠢᠬᠦᠯᠵᠦ ᠪᠠᠶᠢᠨ᠎ᠠ᠃ ᠪᠦᠬᠦ ᠬᠤᠰᠢᠭᠤᠨ ᠤ ᠠᠮᠢᠳᠤᠷᠠᠯ ᠤᠨ ᠬᠡᠷᠡᠭᠯᠠᠬᠡᠨ ᠤ ᠬᠠᠩᠭᠠᠯᠭ᠎ᠠ | ᠪᠠᠲᠤᠯᠠᠭ᠎ᠠ ᠲᠠᠢ᠂ ᠣᠯᠠᠨ ᠢᠶᠠᠷ ᠢᠶᠠᠨ ᠰᠠᠨᠠᠭ᠎ᠠ ᠠᠮᠤᠷ ᠦᠪᠡᠷ ᠤᠨᠬᠡᠷᠡᠭᠴᠡᠭᠡ ᠪᠠᠷ ᠢᠶᠠᠨ ᠬᠤᠳᠠᠯᠳᠤᠨ ᠠᠪᠴᠤ᠂ ᠡᠳ᠋ ᠪᠣᠳᠠᠰ | ᠬᠠᠳᠠᠭᠠᠯᠠᠬᠤ ᠴᠢᠬᠤᠯᠠ ᠦᠭᠡᠢ᠂ ᠰᠦᠯᠵᠢᠶᠡᠨ ᠳᠡᠭᠡᠷᠡᠬᠢ ᠲᠠᠪᠴᠠᠩ ᠢᠶᠠᠷ ᠪᠠᠷᠠᠭ᠎ᠠ ᠬᠤᠳᠠᠯᠳᠤᠨ ᠠᠪᠴᠦ᠂ ᠬᠡᠷᠡᠭᠯᠡᠭᠴᠢᠳ | ᠤᠨ ᠬᠥᠮᠥᠨ ᠣᠯᠠᠨ ᠴᠤᠭᠯᠠᠷᠠᠳᠠᠭ ᠲᠠᠯᠠᠪᠤᠷ ᠲᠤ ᠣᠷᠣᠵᠤ ᠭᠠᠷᠬᠤ ᠶᠢ ᠠᠯᠢ ᠴᠢᠳᠠᠬᠤ ᠪᠠᠷ ᠪᠠᠭᠠᠰᠬᠠᠨ᠂ ᠡᠯ᠎ᠡ ᠵᠦᠢᠯ ᠤᠨ | ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠣᠯᠠᠨ ᠢᠶᠠᠷ ᠢᠶᠠᠨ ᠰᠡᠳᠬᠢᠯ ᠨᠢᠭᠡᠳᠴᠦ᠂ ᠬᠢᠵᠢᠭ ᠤᠨ ᠪᠠᠶᠢᠳᠠᠯ ᠢ ᠰᠠᠷᠬᠡᠶᠢᠯᠠᠨ ᠬᠤᠷᠢᠭᠯᠠᠶ᠎ᠠ ︾ | ᠭᠡᠯᠡ᠃ | ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨ᠎ᠡ ᠬᠠᠩᠰᠢ | ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠴᠢᠩᠭᠠᠳᠬᠠᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ | ᠠᠮᠢᠳᠤᠷᠠᠯ ᠤᠨ ᠡᠳ᠋ ᠪᠣᠳᠠᠰ ᠤᠨ ᠶᠠᠰᠤ ᠴᠢᠨᠠᠷ ︵ᠦᠨ᠎ᠡ ᠬᠠᠩᠰᠢ︶ ᠤᠨ ᠠᠮᠤᠷ ᠲᠦᠪᠰᠢᠨ ᠳᠤ ᠬᠢᠨᠠᠯᠲᠠ ᠲᠠᠯᠪᠢᠨ᠂ | ᠬᠢᠵᠢᠭ ᠢ ᠰᠠᠷᠬᠡᠶᠢᠯᠠᠨ ᠬᠤᠷᠢᠭᠯᠠᠬᠤ ᠬᠤᠭᠤᠴᠠᠭᠠᠨ ᠳᠠᠬᠢ ᠭᠤᠣᠯ ᠠᠮᠢᠳᠤᠷᠠᠯ ᠤᠨ ᠡᠳ᠋ ᠪᠣᠳᠠᠰ ᠤᠨ ᠵᠠᠬ᠎ᠠ ᠳᠡᠯᠭᠡᠭᠦᠷ ᠤᠨ | ᠲᠣᠭᠲᠠᠭᠤᠨ ᠡᠮᠬᠢ ᠵᠢᠷᠦᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠳᠣᠯᠠᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶᠠᠨ ᠤ ᠬᠠᠤᠯᠢ | ᠬᠡᠷᠡᠭᠵᠢᠭᠦᠯᠦᠭᠴᠢ ᠶᠤᠸᠠᠨ ᠹᠧᠩ᠄ ︽ᠮᠠᠨ ᠤ ᠲᠤᠪᠴᠢᠶ᠎ᠠ ᠨᠢ ᠬᠢᠵᠢᠭ ᠢ ᠰᠠᠷᠬᠡᠶᠢᠯᠠᠨ ᠬᠤᠷᠢᠭᠯᠠᠬᠤ ᠬᠤᠭᠤᠴᠠᠭᠠᠨ ᠳᠠᠬᠢ | ᠵᠠᠬ᠎ᠠ ᠲᠠᠯᠬᠡᠭᠦᠷ ᠤᠨ ᠦᠨ᠎ᠠ ᠬᠠᠩᠰᠢ ᠶᠢᠨ ᠲᠤᠭᠳᠠᠭᠤᠨ ᠢ ᠪᠠᠳᠣᠯᠠᠬᠤ ᠶᠢᠨ ᠲᠤᠰᠠᠳᠠ᠂ ᠡᠵᠡᠩᠨᠡᠯᠳᠠ ᠶᠢᠨ ᠨᠢᠬᠡᠴᠠ ᠶᠢᠨ | ᠦᠨ᠎ᠠ ᠬᠠᠩᠰᠢ ᠶᠢᠨ ᠬᠠᠤᠯᠢ ᠴᠠᠭᠠᠵᠠ᠂ ᠦᠨ᠎ᠠ ᠬᠠᠩᠰᠢ ᠶᠢ ᠢᠯᠠ ᠨᠠᠭᠠᠬᠤ ᠲᠦᠷᠢᠮ ᠢ ᠬᠡᠷᠡᠭᠵᠢᠬᠦᠯᠬᠦ ᠶᠢ ᠴᠢᠩᠭ᠎ᠠ | ᠱᠠᠭᠠᠷᠳᠠᠵᠦ᠂ ᠵᠠᠬ᠎ᠠ ᠲᠠᠯᠬᠡᠭᠦᠷ ᠤᠨ ᠡᠮᠬᠢ ᠲᠢᠩᠯᠢᠮ ᠢ ᠵᠢᠷᠣᠮᠯᠠᠨ᠂ ᠨᠠᠶᠢᠬᠡᠮ ᠤᠨ ᠬᠠᠷᠢᠭᠤᠴᠠᠯᠭ᠎ᠠ ᠪᠠᠨ ᠵᠤᠷᠢᠭᠳᠠᠢ | ᠡᠭᠦᠷᠬᠡᠯᠠᠵᠦ᠂ ᠵᠠᠬ᠎ᠠ ᠲᠠᠯᠭᠡᠬᠦᠷ ᠤᠨ ᠦᠨ᠎ᠠ ᠬᠠᠩᠰᠢ ᠶᠢ ᠲᠤᠭᠳᠠᠭᠤᠨ ᠪᠠᠶᠢᠯᠭᠠᠬᠤ ᠶᠢ ᠤᠬᠠᠭᠤᠯᠤᠨ ᠲᠠᠶᠢᠴᠢᠯᠠᠵᠦ ᠪᠠᠶᠢᠨ᠎ᠠ᠃ | ᠬᠡᠷᠪᠡ ᠦᠨ᠎ᠠ ᠬᠠᠩᠰᠢᠨ ᠤ ᠬᠠᠤᠯᠢ ᠲᠦᠷᠢᠮ ᠢ ᠵᠦᠷᠢᠴᠡᠭᠰᠠᠨ ᠠᠵᠢᠯᠯᠠᠭ᠎ᠠ ᠪᠠᠶᠢᠪᠠᠯ 12315 ᠤᠳᠠᠰᠣ ᠪᠠᠷ ᠢᠯᠠᠴᠢᠯᠠᠨ | ᠮᠠᠳᠠᠬᠦᠯᠵᠦ ᠪᠤᠯᠤᠨ᠎ᠠ︾ ᠭᠡᠯᠡ᠃ | ᠪᠠᠷᠠᠭᠤᠨ ᠦᠵᠦᠮᠦᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠠᠮᠤ ᠪᠤᠳᠠᠭ᠎ᠠ᠂ ᠮᠢᠬ᠎ᠠ | ᠥᠨᠳᠡᠭᠡ᠂ ᠰᠦ᠂ ᠵᠢᠮᠢᠰ ᠨᠣᠭᠤᠭ᠎ᠠ᠂ ᠠᠮᠠᠪᠴᠢ᠂ ᠠᠷᠢᠭᠤᠳᠬᠠᠬᠤ ᠰᠢᠩᠭᠡᠨ ᠵᠡᠷᠭᠡ 50 ᠵᠦᠢᠯ ᠤᠨ ᠠᠮᠢᠳᠤᠷᠠᠯ ᠤᠨ | ᠬᠡᠷᠡᠭᠯᠡᠭᠡᠨ ᠤ ᠵᠦᠢᠯ ᠵᠢᠴᠢ ᠬᠢᠵᠢᠭ ᠢ ᠰᠡᠷᠭᠡᠶᠢᠯᠡᠬᠦ ᠬᠡᠷᠡᠭᠯᠡᠭᠡᠨ ᠤ ᠵᠦᠢᠯ ᠤᠨ ᠦᠨ᠎ᠡ ᠬᠠᠩᠰᠢ ᠶᠢ ᠬᠢᠨᠠᠨ ᠬᠡᠮᠵᠢᠵᠦ ᠪᠠᠶᠢᠨ᠎ᠠ | ᠃ | ᠪᠠᠷᠠᠭᠤᠨ ᠦᠵᠦᠮᠦᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯᠳᠠᠨ ᠡᠩᠬᠡ᠄ ︽ | ᠣᠶᠢᠷ᠎ᠠ ᠳᠤ ᠮᠠᠨ ᠤ ᠵᠦᠪᠯᠠᠯ ᠨᠢ 50 ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠪᠠ ᠬᠢᠵᠢᠭ ᠢ ᠰᠡᠷᠭᠡᠶᠢᠯᠡᠬᠦ ᠬᠠᠮᠢᠶ᠎ᠠ | ᠪᠦᠬᠦᠢ ᠲᠠᠸᠠᠷ ᠤᠨ ᠦᠨ᠎ᠡ ᠬᠠᠩᠰᠢ ᠶᠢ ᠭᠤᠣᠯᠳᠠᠯᠭ᠎ᠠ ᠲᠠᠢ ᠬᠢᠨᠠᠨ ᠬᠡᠮᠵᠢᠵᠦ᠂ ᠲᠠᠸᠠᠷ ᠤᠨ ᠬᠠᠩᠭᠠᠯᠭ᠎ᠠ ᠵᠢᠴᠢ | ᠪᠣᠷᠤᠯᠠᠭᠤᠯᠭ᠎ᠠ ᠶᠢᠨ ᠡᠮᠬᠢ ᠵᠢᠷᠤᠮ ᠵᠡᠷᠭᠡ ᠲᠠᠯ᠎ᠠ ᠶᠢᠨ ᠪᠠᠶᠢᠳᠠᠯ ᠢ ᠡᠵᠡᠮᠰᠢᠬᠦ ᠶᠢᠨ ᠬᠠᠮᠲᠤ ᠭᠠᠷᠠᠭ ᠤᠨ ᠮᠡᠳᠡᠭᠦᠯᠦᠯᠲᠡ ᠶᠢᠨ | ᠳᠦᠷᠢᠮ ᠢ ᠬᠡᠷᠡᠭᠵᠢᠭᠦᠯᠵᠦ᠂ ᠴᠠᠭ ᠲᠤᠬᠠᠢ ᠳᠤᠨᠢ ᠨᠡᠶᠢᠭᠡᠮ ᠳᠤ ᠦᠨ᠎ᠡ ᠬᠠᠩᠰᠢ ᠶᠢᠨ ᠬᠥᠳᠡᠯᠦᠯ ᠪᠠᠶᠢᠳᠠᠯ ᠢ ᠢᠯᠡ ᠪᠣᠯᠭᠠᠪᠠ | ᠃ ᠡᠯ᠎ᠡ ᠬᠤᠳᠠᠯᠳᠤᠭᠠᠨ ᠤ ᠬᠡᠲᠦ ᠳᠡᠯᠭᠡᠭᠦᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ | ᠬᠤᠰᠢᠭᠤᠨ ᠤ ᠴᠢᠬᠤᠯᠠ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠪᠠ ᠬᠢᠵᠢᠭ ᠢ | ᠰᠡᠷᠭᠡᠶᠢᠯᠡᠬᠦ ᠬᠠᠮᠢᠶ᠎ᠠ ᠪᠦᠬᠦᠢ ᠲᠠᠸᠠᠷ ᠤᠨ ᠬᠠᠩᠭᠠᠯᠭ᠎ᠠ ᠭᠦᠢᠴᠡᠳ᠂ ᠪᠦᠬᠦᠯᠢ ᠴᠣᠭᠴᠠ ᠶᠢᠨ ᠪᠠᠶᠢᠳᠠᠯ ᠲᠣᠭᠲᠠᠭᠤᠨ ᠪᠠᠶᠢᠨ᠎ᠠ | ︾ ᠭᠡᠯᠡ᠃ | | | | | | |