365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ
        ᠨᠡᠶᠢᠲᠡᠯᠡᠭᠰᠡᠨ ᠴᠠᠭ᠄
        2022/11/1
        ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ                                    ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠶᠢᠨ ᠭᠤᠷᠣᠬᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠨᠢ ᠪᠦᠬᠦ ᠵᠢᠯᠣᠭᠤᠳᠤᠭᠴᠢ ᠪᠣᠯᠣᠨ ᠪᠠᠶᠢᠯᠳᠤᠭᠴᠢᠳ ᠢᠶᠠᠨ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠠᠭᠤᠯᠭ᠎ᠠ ᠨᠢᠭᠡᠪᠦᠷᠢ ᠶᠢ ᠨᠠᠷᠢᠨ ᠰᠤᠷᠤᠯᠴᠠᠵᠤ᠂ ᠶᠣᠰᠣ ᠤᠴᠢᠷ ᠢ ᠨᠢ ᠣᠶᠢᠯᠠᠭᠠᠪᠠ᠃ ᠰᠢᠨ᠎ᠡ ᠴᠠᠭ ᠦᠭᠡ  ᠶᠢᠨ ᠰᠢᠨ᠎ᠡ ᠠᠶᠠᠨ ᠳᠤ᠂ ᠠᠯᠤᠰ ᠬᠡᠲᠦ ᠶᠢᠨ ᠬᠦᠰᠡᠯᠡᠩ ᠢ ᠡᠪᠦᠷᠯᠡᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠬᠡᠪ ᠪᠣᠯᠪᠠᠰᠤᠷᠠᠯ ᠢᠶᠠᠨ ᠴᠢᠷᠮᠠᠶᠢᠨ ᠳᠡᠭᠡᠭᠰᠢᠯᠡᠭᠦᠯᠵᠦ᠂ ᠬᠦᠴᠢᠷ ᠠᠴᠠ ᠠᠶᠤᠬᠤ ᠦᠭᠡᠢ ᠵᠣᠷᠢᠭ ᠰᠠᠨᠠᠭ᠎ᠠ᠂ ᠲᠤᠤᠱᠲᠠᠢ ᠲᠡᠮᠡᠴᠡᠬᠦ ᠡᠷᠴᠢ ᠵᠣᠷᠢᠭ  ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠᠷ ᠥᠪᠡᠷ ᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ ᠪᠠᠲᠤᠳᠬᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠥᠷᠥᠬᠦ ᠪᠠ ᠠᠵᠤ ᠠᠬᠤᠢ ᠨᠡᠶᠢᠭᠡᠮ ᠤᠨ ᠳᠠᠪᠰᠢᠨ ᠬᠥᠭᠵᠢᠬᠦ ᠳᠤ ᠬᠤᠪᠢ ᠨᠡᠮᠡᠷᠢ ᠪᠠᠨ ᠡᠷᠭᠦᠨ᠎ᠡ ᠭᠡᠵᠦ ᠣᠯᠠᠨ ᠢᠶᠠᠷ ᠢᠶᠠᠨ ᠢᠯᠡᠳᠬᠡᠪᠡ᠃    ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠷᠣᠬᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠪᠦᠬᠦ ᠵᠢᠯᠣᠭᠤᠳᠤᠭᠴᠢ ᠪᠣᠯᠣᠨ ᠪᠠᠶᠢᠯᠳᠤᠭᠴᠢᠳ ᠨᠢᠭᠡᠳᠦᠯᠲᠡᠢ ᠰᠤᠷᠤᠯᠴᠠᠵᠤ ᠰᠤᠳᠤᠯᠤᠨ ᠶᠠᠷᠢᠯᠴᠠᠬᠤ ᠪᠠ ᠥᠪᠡᠷᠲᠡᠭᠡᠨ ᠰᠤᠷᠤᠯᠴᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠭᠦᠨᠵᠡᠭᠡᠢ ᠰᠤᠷᠤᠯᠴᠠᠵᠤ᠂ ᠬᠠᠮᠢᠶ᠎ᠠ ᠪᠦᠬᠦᠢ ᠰᠤᠷᠤᠯᠴᠠᠬᠤ ᠮᠠᠲ᠋ᠧᠷᠢᠶᠠᠯ ᠢ ᠴᠠᠭ ᠲᠤᠬᠠᠢ ᠳᠤᠨᠢ ᠳᠠᠮᠵᠢᠭᠤᠯᠤᠨ᠂ ᠪᠠᠰᠠ ᠳᠠᠷᠠᠭ᠎ᠠ ᠠᠯᠬᠤᠮ ᠤᠨ ᠠᠵᠢᠯ ᠢᠶᠠᠨ ᠲᠥᠯᠥᠪᠯᠡᠵᠡᠢ᠃ ᠣᠯᠠᠨ ᠢᠶᠠᠷ ᠢᠶᠠᠨ ᠥᠩᠭᠡᠷᠡᠭᠰᠡᠨ ᠠᠷᠪᠠᠨ ᠵᠢᠯ ᠳᠤ ᠬᠠᠮᠲᠤ ᠪᠠᠷ ᠢᠶᠠᠨ ᠴᠢᠷᠮᠠᠶᠢᠨ ᠲᠡᠮᠡᠴᠡᠵᠦ ᠣᠯᠣᠭᠰᠠᠨ ᠠᠮᠵᠢᠯᠲᠠ ᠪᠦᠲᠦᠭᠡᠯ ᠪᠣᠯᠣᠨ ᠲᠤᠷᠰᠢᠯᠭ᠎ᠠ ᠳᠠᠭᠠᠨ ᠣᠮᠣᠭᠰᠢᠨ ᠪᠠᠭ᠋ᠠᠳᠤᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠨᠠᠮ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠳᠤ ᠢᠲᠡᠭᠡᠯ ᠳᠦᠭᠦᠷᠡᠩ ᠪᠠᠶᠢᠯ᠎ᠠ᠃ ᠵᠢᠯᠣᠭᠤᠳᠤᠭᠴᠢ ᠪᠣᠯᠣᠨ ᠪᠠᠶᠢᠯᠳᠤᠭᠴᠢᠳ ᠠᠴᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠪᠡᠶ᠎ᠡ ᠳᠡᠭᠡᠨ ᠢᠲᠡᠭᠡᠯ ᠲᠠᠢ ᠪᠠᠶᠢᠵᠤ ᠥᠪᠡᠷ ᠢ ᠪᠠᠨ ᠬᠦᠴᠦᠷᠬᠡᠭᠵᠢᠭᠦᠯᠦᠨ᠂ ᠲᠥᠪ ᠰᠢᠳᠤᠷᠭᠤ  ᠪᠠᠶᠢᠵᠤ  ᠰᠢᠨ᠎ᠡ ᠶᠢ ᠡᠭᠦᠳᠦᠨ᠂ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠤᠯᠠᠮ ᠳᠡᠭᠡᠭᠰᠢᠯᠡᠭᠦᠯᠬᠦ ᠶᠢᠨ ᠲᠤᠰᠠᠳᠠ ᠬᠤᠪᠢ ᠨᠡᠮᠡᠷᠢ ᠪᠠᠨ ᠡᠷᠭᠦᠨ᠎ᠡ ᠭᠡᠵᠦ ᠢᠯᠡᠳᠬᠡᠪᠡ᠃   ᠠᠩᠭᠢ ᠶᠢᠨ ᠳᠠᠷᠤᠭ᠎ᠠ ᠼᠤᠤ ᠮᠧᠩ ᠢᠯᠡᠷᠬᠡᠶᠢᠯᠡᠬᠦ ᠳᠡᠭᠡᠨ᠂ ᠨᠢᠭᠡᠨ ᠭᠠᠯ ᠤᠨᠲᠠᠷᠠᠭᠠᠬᠤ ᠪᠠᠶᠢᠯᠳᠤᠭᠴᠢ ᠪᠣᠯᠣᠭᠰᠠᠨ ᠤ ᠬᠤᠪᠢ ᠳᠤ᠂ ᠬᠦᠴᠢᠷ ᠢ ᠰᠥᠷᠥᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠨᠠᠮ ᠪᠠ ᠠᠷᠠᠳ ᠲᠦᠮᠡᠨ ᠤ ᠲᠥᠯᠥᠭᠡ ᠨᠡᠩ ᠶᠡᠭᠡ ᠬᠦᠴᠦᠨ ᠵᠢᠳᠬᠦᠯ ᠢᠶᠠᠨ ᠡᠷᠭᠦᠵᠦ᠂ ᠨᠡᠩ ᠶᠡᠭᠡ ᠥᠩᠭᠡ ᠭᠡᠷᠡᠯ ᠢ ᠲᠡᠮᠡᠴᠡᠨ ᠣᠯᠬᠤ ᠪᠠᠷ ᠴᠢᠷᠮᠠᠶᠢᠨ᠎ᠠ ᠭᠡᠪᠡ᠃   ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠠᠩᠭᠢ ᠶᠢᠨ ᠳᠠᠷᠤᠭ᠎ᠠ   ᠽᠣᠣ ᠮᠧᠩ᠄ ︽ᠰᠢ ᠶᠢᠨ ᠫᠢᠩ ᠶᠡᠷᠦᠩᠬᠡᠢ ᠱᠦᠵᠢ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ᠮᠠᠨ ᠤ ᠨᠠᠮ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠦᠢᠯᠡᠰ ᠢ ᠮᠠᠨᠳᠤᠭᠤᠯᠤᠨ᠂ ᠬᠦᠮᠦᠨ ᠲᠥᠷᠥᠯᠬᠡᠶᠢᠲᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ  ᠬᠦᠴᠦ ᠪᠠᠨ ᠡᠷᠭᠦᠬᠦ ᠬᠠᠷᠢᠭᠤᠴᠠᠯᠭ᠎ᠠ ᠮᠠᠰᠢ ᠬᠥᠨᠳᠥ᠂ ᠡᠭᠦᠷᠭᠡ ᠥᠩᠭᠡ ᠭᠡᠷᠡᠯᠲᠡᠢ ᠪᠠᠶᠢᠨ᠎ᠠ ᠭᠡᠵᠡᠢ᠃ ᠨᠢᠭᠡᠨ ᠰᠢᠨ᠎ᠡ ᠴᠠᠭ ᠦᠶ᠎ᠡ ᠶᠢᠨ ᠭᠠᠯ ᠤᠨᠲᠠᠷᠠᠭᠠᠭᠴᠢ ᠪᠣᠯᠣᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠲᠤ ᠥᠪᠡᠷ ᠤᠨ ᠬᠤᠪᠢ ᠨᠡᠮᠡᠷᠢ ᠪᠠᠨ ᠡᠷᠭᠦᠨ᠎ᠡ᠃ ᠬᠤᠶᠢᠰᠢᠳᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠦᠷᠭᠦᠯᠵᠢᠯᠡᠨ ᠪᠠᠶᠢᠯᠳᠤᠬᠤ᠂ ᠭᠠᠪᠰᠢᠭᠠᠶᠢᠯᠠᠨ ᠤᠷᠤᠭᠰᠢᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠮᠡᠷᠭᠡᠵᠢᠯ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠢᠶᠠᠨ ᠳᠡᠭᠡᠳᠦ ᠱᠠᠲᠤᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠢᠳᠡᠪᠬᠢᠲᠡᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠯ᠎ᠡ᠃   ᠥᠷᠲᠡᠭᠡᠨ ᠳᠠᠷᠤᠭ᠎ᠠ ᠰᠦᠨ ᠳ᠋ᠠ ᠴᠢᠶᠠᠨ ᠢᠯᠡᠷᠬᠡᠶᠢᠯᠡᠬᠦ ᠳᠡᠭᠡᠨ᠄ ︽ ᠰᠢᠨ᠎ᠡ ᠠᠶᠠᠨ ᠳᠤ᠂ ᠪᠢ ᠥᠪᠡᠷ ᠤᠨ ᠬᠦᠴᠦᠨ ᠴᠢᠷᠮᠠᠶᠢᠯᠭ᠎ᠠ ᠪᠠᠷ ᠢᠶᠠᠨ ᠭᠠᠯ ᠤᠨᠲᠠᠷᠠᠭᠠᠬᠤ ᠦᠢᠯᠡᠰ ᠲᠤ ᠬᠠᠪᠢ ᠨᠡᠮᠡᠷᠢ ᠪᠠᠨ ᠢᠳᠡᠪᠬᠢᠲᠡᠢ ᠡᠷᠭᠦᠵᠦ᠂ ᠬᠦᠴᠢᠷ ᠪᠡᠷᠬᠡ᠂ ᠵᠥᠷᠢᠴᠡᠯ ᠤᠨ ᠡᠮᠦᠨ᠎ᠡ ᠵᠣᠷᠢᠭᠲᠠᠢ ᠪᠠᠶᠢᠵᠤ᠂ ᠳᠠᠷᠤᠭᠠᠰᠤ ᠠᠴᠠ ᠠᠶᠤᠬᠤ ᠦᠭᠡᠢ ᠡᠷᠡᠯᠬᠡᠭᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠨᠠᠮ ᠪᠠ ᠠᠷᠠᠳ ᠲᠦᠮᠡᠨ ᠤ ︽ᠬᠠᠷᠠᠭᠤᠯ︾ ᠪᠣᠯᠬᠤ ᠪᠠᠷ ᠴᠢᠷᠮᠠᠶᠢᠨ᠎ᠠ  ︾ ᠭᠡᠵᠡᠢ᠃    ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠥᠷᠲᠡᠭᠡᠨ ᠳᠠᠷᠤᠭ᠎ᠠ   ᠰᠦᠨ ᠳ᠋ᠠ ᠴᠢᠶᠠᠨ᠄ᠣᠶᠢᠷ᠎ᠠ ᠶᠢᠨ ᠵᠢᠯ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠨᠢ ᠲᠡᠦᠬᠡᠲᠦ ᠴᠢᠨᠠᠷᠲᠠᠢ ᠬᠥᠭᠵᠢᠯᠲᠡ ᠲᠠᠢ ᠪᠣᠯᠵᠤ᠂ ᠠᠷᠠᠳ ᠤᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠲᠤᠶᠢᠯ ᠤᠨ ᠶᠡᠭᠡ ᠪᠠᠷ  ᠳᠡᠭᠡᠭᠰᠢᠯᠡᠭᠰᠡᠨ ᠢ ᠪᠢᠳᠡ ᠳᠣᠲᠣᠷᠬᠠᠢ ᠣᠶᠢᠯᠠᠭᠠᠯ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠪᠣᠯᠤᠭᠰᠠᠨ ᠤ ᠬᠤᠪᠢ ᠳᠤ᠂ ᠪᠢ  ᠮᠠᠰᠢ ᠣᠮᠣᠭᠰᠢᠨ ᠪᠠᠭ᠋ᠠᠳᠤᠵᠤ ᠪᠠᠶᠢᠨ᠎ᠠ᠃ ᠵᠠᠯᠭᠠᠭᠠᠳ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠰᠢᠨ᠎ᠡ ᠪᠠᠶᠢᠳᠠᠯ ᠳᠤ ᠢᠳᠡᠪᠬᠢᠲᠡᠢ ᠵᠣᠬᠢᠴᠠᠵᠤ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠡᠭᠦᠷᠭᠡ ᠶᠢ ᠦᠢᠯᠡᠳᠦᠯᠭᠡᠵᠢᠭᠦᠯᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠠᠵᠢᠯ ᠦᠢᠯᠡᠰ ᠢᠶᠠᠨ ᠳᠡᠭᠡᠳᠦᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠷᠠᠳ ᠣᠯᠠᠨ ᠤ ᠰᠢᠳᠤᠷᠭᠤ ᠬᠠᠮᠠᠭᠠᠯᠠᠭᠴᠢ ᠪᠣᠯᠣᠨ᠎ᠠ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
        点击进入首页