| | ᠭᠡᠵᠢᠭᠡ ᠪᠠᠨ ᠤᠬᠢᠶᠠᠭᠠᠳ ᠳᠠᠷᠤᠶᠢᠬᠠᠨ ᠦᠯᠢᠶᠡᠵᠦ ᠬᠠᠲᠠᠭᠠᠬᠤ ᠦᠦ︖ | | ᠣᠷᠴᠢᠮ ᠳᠤ ᠮᠠᠰᠢ ᠣᠯᠠᠨ ᠬᠥᠮᠥᠨ ᠲᠣᠯᠣᠭᠠᠢ ᠪᠠᠨ ᠤᠬᠢᠶᠠᠭᠰᠠᠨ ᠤ ᠳᠠᠷᠠᠭ᠎ᠠ ᠳᠠᠷᠤᠢ ᠳᠤᠨᠢ ᠦᠯᠢᠶᠡᠵᠦ | ᠬᠠᠲᠠᠭᠠᠬᠤ ᠡᠰᠡᠬᠦ ᠶᠢ ᠰᠦᠯᠵᠢᠶᠡᠨ ᠳᠡᠭᠡᠷ᠎ᠡ ᠮᠠᠷᠭᠤᠯᠳᠤᠵᠤ ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ | ᠨᠢᠭᠡᠳᠦᠭᠡᠷ ᠡᠮᠨᠡᠯᠭᠡ ᠶᠢᠨ ᠬᠤᠷᠢᠶᠠᠨ ᠤ ᠠᠷᠠᠰᠤᠨ ᠤ ᠰᠠᠯᠠᠭᠠᠨ ᠤ ᠡᠷᠬᠢᠯᠡᠭᠴᠢ ᠡᠮᠴᠢ ᠶᠠᠩ ᠱᠤ᠋ ᠰᠢᠶᠠ | ᠢᠯᠡᠷᠬᠡᠶᠢᠯᠡᠬᠦ ᠳᠡᠭᠡᠨ᠄ ︽ᠲᠣᠯᠣᠭᠠᠢ ᠪᠠᠨ ᠤᠬᠢᠶᠠᠭᠰᠠᠨ ᠤ ᠳᠠᠷᠠᠭ᠎ᠠ ᠭᠡᠵᠢᠭᠡ ᠪᠠᠨ ᠳᠠᠷᠤᠶᠢᠬᠠᠨ ᠦᠯᠢᠶᠡᠨ ᠬᠠᠳᠠᠭᠠᠵᠤ | ᠪᠣᠯᠬᠤ ᠦᠭᠡᠢ︾᠂ ᠵᠠᠷᠢᠮ ᠬᠥᠮᠥᠨ ᠭᠡᠵᠢᠭᠡ ᠪᠠᠨ ᠤᠬᠢᠶᠠᠵᠤ ᠪᠠᠷᠠᠪᠠᠯ ᠴᠠᠬᠢᠯᠭᠠᠨ ᠦᠯᠢᠶᠡᠭᠦᠷ ᠢ ᠨᠡᠯᠢᠶᠡᠳ ᠶᠡᠭᠡ | ᠬᠠᠯᠠᠭᠤᠨ ᠳᠤ ᠲᠣᠬᠢᠷᠠᠭᠤᠯᠤᠨ ᠦᠯᠢᠶᠡᠯᠭᠡᠳᠡᠭ᠂ ᠡᠨᠡ ᠦᠶ᠎ᠡ ᠳᠤ ᠭᠡᠵᠢᠭᠡᠨ ᠳᠣᠲᠣᠷᠠᠬᠢ ᠤᠰᠤ ᠨᠢ ᠠᠭᠤᠷᠰᠢᠭᠠᠳ | ᠦᠰᠦ ᠠᠮᠠᠷᠬᠠᠨ ᠬᠤᠭᠤᠷᠳᠠᠭ ᠭᠡᠪᠡ᠃ ᠠᠶᠠᠨᠳᠠᠭᠠᠨ ᠬᠠᠳᠠᠭᠠᠬᠤ ᠳᠤᠷᠠᠲᠠᠢ ᠬᠥᠮᠥᠨ ᠳᠤ ᠶᠠᠩ ᠡᠮᠴᠢ | ᠰᠠᠨᠠᠭᠤᠯᠤᠭᠰᠠᠨ ᠨᠢ᠄ ︽ᠠᠶᠠᠨᠳᠠᠭᠠᠨᠬᠠᠲᠠᠭᠠᠬᠤ ᠶᠠᠪᠤᠴᠠ ᠳᠤ ᠭᠡᠵᠢᠭᠡ ᠪᠠᠨ ᠪᠢᠲᠡᠭᠡᠢ ᠠᠬᠢᠨ ᠲᠠᠬᠢᠨ | ᠰᠠᠮᠨᠠᠭᠠᠳ ᠪᠤᠢ︾᠃ ᠦᠰᠦ ᠨᠣᠶᠢᠲᠠᠨ ᠦᠶ᠎ᠡ ᠳᠡᠭᠡᠨ᠂ ᠦᠰᠦᠨ ᠤ ᠦᠷᠦᠯᠲᠡ ᠶᠢᠨ ᠬᠦᠴᠦ ᠲᠤᠶᠢᠯ ᠤᠨᠶᠡᠭᠡ᠂ | ᠭᠡᠵᠢᠭᠡ ᠪᠠᠰᠠ ᠨᠡᠯᠢᠶᠡᠳ ᠬᠡᠪᠡᠷᠡᠭ ᠪᠠᠶᠢᠳᠠᠯ ᠳᠤ ᠣᠷᠣᠵᠤ᠂ ᠳᠠᠬᠢᠨ ᠳᠠᠪᠲᠠᠨ ᠰᠠᠮᠨᠠᠪᠠᠯ ᠭᠡᠵᠢᠭᠡ ᠶᠢ ᠭᠡᠮᠲᠦᠭᠡᠨ᠎ᠡ ᠭᠡᠯᠡ᠃ | |