ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠪᠠᠭᠤᠯᠭᠠᠪᠠ | ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠥᠨᠥᠬᠡᠨ | ︽ᠰᠢᠨ᠎ᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ | ᠵᠢᠯᠣᠭᠤᠳᠤᠮᠵᠢ ᠶᠢᠨ ᠴᠢᠨᠠᠷᠲᠠᠢ ᠲᠤᠰᠬᠠᠢ ᠮᠡᠷᠭᠡᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠠᠮᠢᠳᠤ | ᠪᠣᠳᠠᠰ ᠤᠨ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠵᠡᠷᠭᠡ 12 ᠲᠤᠰᠬᠠᠢ ᠮᠡᠷᠭᠡᠵᠢᠯ ᠢ ᠰᠢᠨ᠎ᠡ | ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠵᠢᠯᠣᠭᠤᠳᠤᠮᠵᠢ ᠶᠢᠨ | ᠴᠢᠨᠠᠷᠲᠠᠢ ᠲᠤᠰᠬᠠᠢ ᠮᠡᠷᠭᠡᠵᠢᠯ ᠳᠤ ᠣᠷᠣᠭᠤᠯᠪᠠ᠃ | ᠵᠦᠭᠯᠡᠭᠦᠷ ᠲᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠪᠣᠯᠪᠠᠰᠤᠨ᠂ ᠣᠶᠤᠨᠴᠢ ᠲᠠᠷᠢᠶᠠᠯᠠᠩ᠂ | ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ᠂ ᠬᠥᠳᠡᠭᠡ ᠲᠣᠰᠬᠤᠨ ᠤ ᠬᠥᠭᠵᠢᠯᠲᠡ ᠵᠡᠷᠭᠡ ᠲᠠᠪᠤᠨ ᠶᠡᠭᠡ | ᠬᠦᠷᠢᠶᠡᠨ ᠳᠤ ᠬᠠᠨᠳᠤᠭᠤᠯᠤᠨ᠂ 12 ᠰᠢᠨ᠎ᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ | ᠬᠥᠮᠥᠵᠢᠭᠦᠯᠬᠦ ᠬᠥᠲᠥᠯᠥᠨ ᠵᠢᠯᠤᠭᠤᠳᠬᠤ ᠴᠢᠨᠠᠷᠲᠠᠢ ᠲᠤᠰᠬᠠᠢ ᠮᠡᠷᠭᠡᠵᠢᠯ ᠲᠣᠬᠢᠷᠠᠭᠤᠯᠪᠠ᠃ ᠡᠭᠦᠨ ᠳᠤ᠂ ᠠᠮᠤ | ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠰᠢᠨᠵᠢᠯᠡᠬᠦ | ᠤᠬᠠᠭᠠᠨ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠮᠡᠷᠭᠡᠵᠢᠯ᠂ ᠭᠠᠵᠠᠷ ᠰᠢᠷᠣᠢ ᠶᠢᠨ ᠰᠢᠨᠵᠢᠯᠡᠬᠦ ᠤᠬᠠᠭᠠᠨ | ᠬᠢᠭᠡᠳ ᠮᠡᠷᠭᠡᠵᠢᠯ ᠤᠨ ᠲᠤᠰᠬᠠᠢ ᠮᠡᠷᠭᠡᠵᠢᠯ ᠢ ᠲᠣᠬᠢᠷᠠᠭᠤᠯᠤᠨ᠎ᠠ︔ ᠠᠮᠢ ᠠᠬᠤᠢ ᠶᠢᠨ ᠪᠣᠯᠪᠠᠰᠤᠨ ᠤ ᠬᠦᠷᠢᠶ᠎ᠡ | ᠴᠠᠷ᠎ᠠ ᠳᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠠᠮᠢ ᠠᠬᠤᠢ ᠶᠢ ᠵᠠᠰᠠᠨ | ᠰᠡᠷᠭᠦᠭᠡᠬᠦ ᠤᠬᠠᠭᠠᠨ᠂ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠᠬᠢᠭᠡᠳ ᠬᠠᠮᠢᠶᠠᠷᠤᠯᠲᠠ ᠶᠢᠨ | ᠲᠤᠰᠬᠠᠢ ᠮᠡᠷᠭᠡᠵᠢᠯ ᠢ ᠲᠣᠬᠢᠷᠠᠭᠤᠯᠤᠨ᠎ᠠ︔ ᠣᠶᠤᠨᠴᠢ ᠲᠠᠷᠢᠶᠠᠯᠠᠩ ᠤᠨ ᠬᠦᠷᠢᠶᠡᠨ ᠳᠤ᠂ ᠣᠶᠤᠨᠴᠢ ᠲᠠᠷᠢᠶᠠᠯᠠᠩ᠂ | ᠣᠶᠤᠨᠴᠢ ᠲᠣᠨᠣᠭᠯᠠᠯ ᠤᠨ ᠢᠨᠵᠧᠨᠧᠷᠢᠩ ᠤᠨ ᠲᠤᠰᠬᠠᠢ ᠮᠡᠷᠭᠡᠵᠢᠯ ᠢ ᠲᠣᠬᠢᠷᠠᠭᠤᠯᠤᠨ᠎ᠠ︔ ᠰᠢᠮ᠎ᠡ ᠲᠡᠵᠢᠭᠡᠯ ᠪᠠ | ᠡᠷᠡᠭᠦᠯ ᠮᠡᠨᠳᠦ ᠶᠢᠨ ᠬᠦᠷᠢᠶᠡᠨ ᠳᠤ᠂ ᠢᠳᠡᠭᠡᠨ ᠤ ᠰᠢᠮ᠎ᠡ ᠲᠡᠵᠢᠭᠡᠯ ᠪᠠ ᠡᠷᠡᠭᠦᠯ ᠮᠡᠨᠳᠦ᠂ ᠮᠠᠯ ᠡᠮᠨᠡᠯᠭᠡ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠢ ᠲᠣᠬᠢᠷᠠᠭᠤᠯᠤᠨ᠎ᠠ︔ ᠬᠥᠳᠡᠭᠡ ᠲᠣᠰᠬᠤᠨ ᠤ | ᠬᠥᠭᠵᠢᠯᠲᠡ ᠶᠢᠨ ᠬᠦᠷᠢᠶᠡᠨ ᠳᠤ᠂ ᠬᠥᠳᠡᠭᠡ ᠲᠣᠰᠬᠤᠨ ᠤ ᠵᠠᠰᠠᠯᠲᠠ᠂ ᠪᠦᠬᠦ ᠪᠥᠮᠪᠥᠷᠴᠡᠭ ᠤᠨ ᠬᠥᠳᠡᠭᠡ ᠠᠵᠤ | ᠠᠬᠤᠢ ᠶᠢᠨ ᠬᠥᠭᠵᠢᠯᠲᠡ ᠶᠢᠨ ᠵᠠᠰᠠᠯᠲᠠ ᠶᠢᠨ ᠲᠤᠰᠬᠠᠢ ᠮᠡᠷᠭᠡᠵᠢᠯ ᠲᠣᠬᠢᠷᠠᠭᠤᠯᠤᠨ᠎ᠠ᠃ | ᠣᠶᠢᠯᠠᠭᠠᠭᠰᠠᠨ ᠢᠶᠠᠷ᠂ ᠵᠦᠭᠯᠡᠭᠦᠷ ᠢ ᠨᠡᠶᠢᠲᠡᠯᠡᠭᠰᠡᠨ ᠨᠢ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠬᠢᠭᠡᠳ | ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ᠂ ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ | ᠬᠥᠲᠥᠯᠥᠨ ᠳᠠᠭᠠᠭᠤᠯᠵᠤ ᠪᠠᠶᠢᠭᠠᠳ ᠰᠢᠨ᠎ᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠤᠰᠬᠠᠢ | ᠮᠡᠷᠭᠡᠵᠢᠯ ᠢ ᠲᠣᠬᠢᠷᠠᠭᠤᠯᠬᠤ ᠶᠢᠨ ᠲᠤᠰᠠᠳᠠ ᠶᠤᠮ᠃ ᠰᠤᠷᠭᠠᠨ ᠬᠥᠮᠦᠵᠢᠯ ᠤᠨ ᠶᠠᠮᠤᠨ ᠢᠯᠡᠷᠬᠡᠶᠢᠯᠡᠬᠦ ᠳᠡᠭᠡᠨ᠂ | ᠬᠥᠲᠥᠯᠥᠨ ᠵᠢᠯᠤᠭᠤᠳᠬᠤ ᠴᠢᠨᠠᠷᠲᠠᠢ ᠲᠤᠰᠬᠠᠢ ᠮᠡᠷᠭᠡᠵᠢᠯ ᠤᠨ ᠭᠠᠷᠴᠠᠭ ᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠬᠥᠭᠵᠢᠯᠲᠡ ᠶᠢᠨ | ᠵᠢᠮ᠎ᠡ ᠶᠣᠰᠣ ᠶᠢ ᠵᠢᠷᠤᠮᠯᠠᠨ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠬᠡᠷᠡᠭᠴᠡᠭᠡ ᠶᠢ ᠴᠠᠭ ᠲᠤᠬᠠᠢ ᠳᠤᠨᠢ ᠴᠤᠤᠷᠢᠶᠠᠲᠤᠨ ᠳᠠᠭᠠᠵᠤ᠂ ᠪᠣᠯᠭᠤᠮᠵᠢᠲᠠᠢ ᠨᠤᠲᠠᠯᠠᠯᠲᠠ ᠬᠢᠵᠦ᠂ ᠵᠦᠭᠯᠡᠭᠦᠷ ᠢ | ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠦᠨ᠎ᠡ ᠭᠡᠵᠡᠢ᠃ |