ᠡᠳᠡᠭᠡᠷ ᠢᠳᠡᠭᠡᠨ ᠢᠶᠠᠷ ᠺᠠᠯᠼ ᠨᠥᠬᠦᠪᠦᠷᠢᠯᠡᠬᠦ ᠨᠢ ᠨᠠᠶᠢᠳᠠᠪᠤᠷᠢ ᠦᠭᠡᠢ | | 100 g ᠬᠠᠷ᠎ᠠ ᠪᠤᠷᠴᠠᠭ ᠲᠤ ᠪᠠᠷᠤᠭ 220 mg ᠺᠠᠯᠼ ᠠᠭᠤᠯᠤᠭᠳᠠᠵᠤ ᠪᠠᠶᠢᠳᠠᠭ᠃ ᠬᠡᠳᠦᠶᠢᠪᠡᠷ | ᠺᠠᠯᠼ ᠤᠨ ᠠᠭᠤᠯᠤᠭᠳᠠᠴᠠ ᠳᠣᠣᠷ᠎ᠠ ᠪᠢᠰᠢ ᠪᠣᠯᠪᠠᠴᠤ ᠬᠠᠷ᠎ᠠ ᠪᠤᠷᠴᠠᠭ ᠵᠡᠷᠭᠡ ᠪᠤᠷᠴᠠᠭ ᠤᠨ ᠲᠦᠷᠥᠯ ᠳᠤ ᠨᠡᠯᠢᠶᠡᠳ | ᠠᠷᠪᠢᠨ ᠤᠷᠭᠤᠮᠠᠯ ᠤᠨ ᠬᠦᠴᠢᠯ ᠠᠭᠤᠯᠤᠭᠳᠠᠵᠤ᠂ ᠺᠠᠯᠼ ᠲᠠᠢ ᠠᠮᠠᠷᠬᠠᠨ ᠨᠡᠶᠢᠯᠡᠵᠦ ᠬᠥᠮᠥᠨ ᠤ ᠪᠡᠶ᠎ᠡ ᠳᠤ ᠬᠢᠯᠪᠠᠷ | ᠰᠢᠩᠭᠡᠭᠡᠭᠳᠡᠬᠦ ᠦᠭᠡᠢ ᠤᠷᠭᠤᠮᠠᠯ ᠤᠨ ᠬᠦᠴᠢᠯ ᠤᠨ ᠺᠠᠯᠼ ᠪᠣᠯᠳᠠᠭ᠃ ᠪᠤᠷᠴᠠᠭ ᠤᠨ ᠵᠤᠲᠠᠩ ᠪᠣᠯᠣᠨ᠎ᠠ ᠤᠤ︖ | ᠭᠡᠵᠦ ᠵᠠᠷᠢᠮ ᠬᠥᠮᠥᠨ ᠠᠰᠠᠭᠤᠵᠤ ᠮᠡᠳᠡᠨ᠎ᠡ᠃ ᠪᠣᠯᠬᠤ ᠦᠭᠡᠢ︕100 g ᠪᠤᠷᠴᠠᠭ ᠤᠨ ᠵᠤᠲᠠᠩ ᠳᠤ | ᠵᠥᠪᠬᠡᠨ 10 mg ᠣᠷᠴᠢᠮ ᠺᠠᠯᠼ ᠠᠭᠤᠯᠵᠤ᠂ ᠪᠤᠷᠴᠠᠭ ᠤᠨ ᠵᠤᠲᠠᠩ ᠳᠤ ᠨᠡᠯᠢᠶᠡᠳ ᠠᠷᠪᠢᠨ ᠤᠰᠤ ᠠᠭᠤᠯᠵᠤ | ᠪᠠᠶᠢᠬᠤ ᠮᠥᠷᠲᠡᠭᠡᠨ ᠬᠢᠬᠦ ᠶᠠᠪᠤᠴᠠ ᠳᠠᠭᠠᠨ ᠵᠤᠭᠠᠩ᠂ ᠬᠠᠯᠤᠬᠧᠨ ᠵᠡᠷᠭᠡ ᠺᠠᠯᠼ ᠤᠨ ᠠᠭᠤᠯᠤᠭᠳᠠᠴᠠ ᠨᠡᠯᠢᠶᠡᠳ | ᠥᠨᠳᠥᠷ ᠪᠣᠳᠠᠰ ᠢ ᠨᠡᠮᠡᠳᠡᠭ ᠦᠭᠡᠢ᠂ ᠡᠶᠢᠮᠦ ᠠᠴᠠ ᠲᠡᠭᠦᠨ ᠤ ᠠᠭᠤᠯᠵᠤ ᠪᠠᠶᠢᠭ᠎ᠠ ᠺᠠᠯᠼ ᠤᠨ ᠠᠭᠤᠯᠤᠭᠳᠠᠴᠠ | ᠲᠤᠶᠢᠯ ᠤᠨ ᠪᠠᠭ᠎ᠠ ᠪᠠᠶᠢᠳᠠᠭ᠃ ᠪᠤᠷᠴᠠᠭ ᠢ ᠬᠠᠭᠤᠷᠴᠤ ᠪᠤᠷᠴᠠᠭ ᠤᠨ ᠤᠭᠤᠷᠠᠭ ᠪᠣᠯᠭᠠᠪᠠᠯ᠂ ᠨᠠᠩ ᠠᠷᠪᠢᠨ | ᠺᠠᠯᠼ ᠨᠢ ᠪᠤᠷᠴᠠᠭ ᠤᠨ ᠰᠢᠭᠠᠷᠤ ᠳᠣᠲᠣᠷ᠎ᠠ ᠦᠯᠡᠳᠡᠨ᠎ᠡ᠃ ᠡᠶᠢᠮᠦ ᠠᠴᠠ᠂ ᠬᠠᠷ᠎ᠠ ᠪᠤᠷᠴᠠᠭ ᠢᠳᠡᠬᠦ᠂ ᠪᠤᠷᠴᠠᠭ ᠤᠨ | ᠵᠤᠲᠠᠩ ᠤᠤᠭᠤᠵᠤ ᠺᠠᠯᠼ ᠨᠥᠬᠦᠪᠦᠷᠢᠯᠡᠬᠦ ᠠᠷᠭ᠎ᠠ ᠮᠠᠶ᠋ᠢᠭ ᠢ ᠴᠤ ᠰᠠᠨᠠᠭᠠᠴᠢᠯᠠᠬᠤ ᠦᠭᠡᠢ᠃ | ᠦᠨᠢᠶᠡᠨ ᠰᠦ᠄ ᠨᠠᠰᠤᠨ ᠳᠤ ᠭᠦᠷᠦᠭᠰᠡᠳ ᠡᠳᠦᠷ ᠪᠦᠷᠢ 300 g ᠰᠦ ᠪᠤᠶᠤ ᠴᠠᠭᠠᠨ ᠢᠳᠡᠭᠡ ᠤᠤᠭᠤᠵᠤ | ᠢᠳᠡᠬᠦ ᠶᠢ ᠰᠠᠨᠠᠭᠤᠯᠤᠶ᠎ᠠ᠃ | ᠪᠤᠷᠴᠠᠭ ᠤᠨ ᠢᠳᠡᠭᠡᠨ᠄ ᠳ᠋ᠧᠦᠹᠦ᠋ ᠶᠢᠨ ᠲᠦᠷᠣᠯ ᠪᠣᠯ ᠺᠠᠯᠼ ᠤᠨ ᠠᠭᠤᠯᠤᠭᠳᠠᠴᠠ ᠨᠡᠯᠢᠶᠡᠳ ᠥᠨᠳᠥᠷ ᠪᠤᠷᠴᠠᠭ | ᠤᠨᠲᠦᠷᠣᠯ ᠵᠦᠢᠯ ᠪᠣᠯᠣᠨ᠎ᠠ᠃ | ᠨᠣᠭᠤᠭᠠᠨ ᠨᠠᠪᠴᠢᠲᠤ ᠢᠳᠡᠰᠢᠨ ᠨᠣᠭᠤᠭ᠎ᠠ᠄ ᠡᠳᠦᠷ ᠪᠦᠷᠢ 300 g ᠠᠴᠠ 500 g ᠢᠳᠡᠨ᠎ᠡ᠃ | ᠨᠣᠭᠤᠭ᠎ᠠ ᠬᠠᠭᠤᠷᠬᠤ ᠠᠴᠠ ᠡᠮᠦᠨ᠎ᠡ ᠢᠳᠡᠰᠢᠨ ᠨᠣᠭᠤᠭ᠎ᠠ ᠶᠢ ᠤᠰᠤᠨ ᠳᠤ ᠴᠢᠨᠠᠵᠤ᠂ ᠡᠪᠡᠰᠦᠨ ᠬᠦᠴᠢᠯ᠂ | ᠤᠷᠭᠤᠮᠠᠯ ᠤᠨ ᠬᠦᠴᠢᠯ ᠵᠡᠷᠭᠡ ᠪᠣᠳᠠᠰ ᠤᠨ ᠺᠠᠯᠼ ᠰᠢᠩᠭᠡᠭᠡᠬᠦ ᠨᠣᠷᠮ᠎ᠠ ᠶᠢ ᠨᠥᠯᠥᠭᠡᠯᠡᠬᠦ ᠠᠴᠠ ᠵᠠᠶᠢᠯᠠᠰᠬᠢᠬᠦ ᠶᠢ | ᠰᠠᠨᠠᠭᠤᠯᠤᠶ᠎ᠠ᠃ | ᠭᠡᠷ ᠤᠨ ᠭᠠᠳᠠᠨ᠎ᠠ ᠵᠣᠬᠢᠰᠲᠠᠢ ᠬᠥᠳᠡᠯᠭᠡᠭᠡᠨ ᠬᠢᠵᠦ᠂ ᠸᠢᠲ᠋ᠠᠮᠢᠨ D ᠨᠥᠬᠦᠪᠦᠷᠢᠯᠡᠨ᠎ᠡ᠃ ᠭᠠᠳᠠᠭᠰᠢ | ᠭᠠᠷᠴᠤ ᠬᠥᠳᠡᠯᠭᠡᠭᠡᠨ ᠬᠢᠵᠦ᠂ ᠨᠡᠷᠡᠨ ᠳᠤ ᠵᠣᠬᠢᠰᠲᠠᠢ ᠡᠭᠡᠭᠡᠵᠦ᠂ ᠠᠷᠠᠰᠤᠨ ᠳᠤ ᠸᠢᠲ᠋ᠠᠮᠢᠨ D ᠰᠢᠩᠭᠡᠭᠡᠨ᠎ᠡ᠂ | ᠭᠡᠬᠦ ᠳᠡᠭᠡᠨ ᠨᠡᠷᠡᠨ ᠳᠤ ᠡᠭᠡᠭᠡᠬᠦ ᠴᠠᠭ ᠪᠠ ᠬᠦᠴᠦᠯᠡᠴᠡ ᠶᠢ ᠠᠩᠬᠠᠷᠴᠤ᠂ ᠠᠷᠠᠰᠤ ᠶᠢ ᠭᠡᠮᠲᠦᠭᠡᠬᠦ ᠠᠴᠠ ᠰᠡᠷᠭᠡᠶᠢᠯᠡᠬᠦ | ᠬᠡᠷᠡᠭᠲᠡᠢ᠃ ᠬᠡᠷᠪᠡ ᠨᠡᠷᠡᠨ ᠤ ᠭᠡᠷᠡᠯ ᠪᠠᠭᠤᠷᠠᠢ ᠪᠤᠶᠤ ᠬᠡᠳᠦ ᠬᠦᠷᠡᠩ ᠰᠠᠴᠤᠷᠠᠭ ᠠᠴᠠ ᠠᠶᠤᠵᠤ ᠪᠠᠶᠢᠪᠠᠯ᠂ ᠪᠠᠰᠠ | ᠸᠢᠲ᠋ᠠᠮᠢᠨ D ᠨᠥᠬᠦᠪᠦᠷᠢ ᠡᠮ ᠤᠤᠭᠤᠵᠤ ᠪᠣᠯᠣᠨ᠎ᠠ᠂ ᠡᠳᠦᠷ ᠪᠦᠷᠢ 400 400ᠨᠢᠭᠡᠴᠢ ᠠᠴᠠ ᠬᠡᠲᠦᠷᠡᠭᠦᠯᠵᠦ | ᠪᠣᠯᠬᠤ ᠦᠭᠡᠢ᠃ | ᠶᠠᠰᠤᠨ ᠱᠥᠯᠥ ᠺᠠᠯᠼ ᠨᠥᠬᠦᠪᠦᠷᠢᠯᠡᠬᠦ ᠨᠢ ᠨᠠᠶᠢᠳᠠᠪᠤᠷᠢ ᠦᠭᠡᠢ᠂ ᠰᠠᠮ ᠬᠤᠷᠣᠬᠠᠢ ᠶᠢᠨ ᠬᠠᠯᠢᠰᠤ ᠢᠳᠡᠵᠦ | ᠺᠠᠯᠼ ᠨᠥᠬᠦᠪᠦᠷᠢᠯᠡᠬᠦ ᠨᠢ ᠴᠤ ᠰᠢᠨᠵᠢᠯᠡᠬᠦ ᠤᠬᠠᠭᠠᠨᠴᠢ ᠪᠢᠰᠢ᠂ ᠺᠠᠯᠼ ᠶᠡᠬᠡᠲᠡᠢ ᠰᠦ ᠪᠠᠷ ᠺᠠᠯᠼ ᠨᠥᠬᠦᠪᠦᠷᠢᠯᠡᠬᠦ ᠴᠦ | ᠪᠣᠯᠣᠮᠵᠢ ᠦᠭᠡᠢ ᠪᠠᠶᠢᠵᠤ ᠮᠡᠳᠡᠨ᠎ᠡ᠂ ᠣᠯᠠᠨ ᠢᠶᠠᠷ ᠢᠶᠠᠨ ᠰᠢᠨᠵᠢᠯᠡᠬᠦ ᠤᠬᠠᠭᠠᠨᠴᠢ ᠪᠠᠷ ᠺᠠᠯᠼ ᠨᠥᠬᠦᠪᠦᠷᠢᠯᠡᠭᠡᠷᠡᠢ︕ | | |