ᠪᠠᠶᠠᠨᠬᠤᠸᠠ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠳᠡᠢ | ᠰᠤᠷᠤᠯᠴᠠᠨ ᠲᠤᠤᠱᠯᠠᠭᠤᠯᠵᠤ ᠪᠠᠶᠢᠨ᠎ᠠ | | ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ | ᠣᠶᠢᠷ᠎ᠠ ᠶᠢᠨ ᠡᠳᠦᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠠᠯ᠎ᠠ ᠪᠠᠷ | ᠰᠤᠷᠤᠯᠴᠠᠨ ᠤᠬᠠᠭᠤᠯᠵᠤ ᠪᠠᠶᠢᠨ᠎ᠠ᠃ | ᠥᠨᠥᠳᠥᠷ᠂ ᠪᠠᠶᠠᠨᠬᠤᠸᠠ ᠪᠠᠯᠭᠠᠰᠤ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠤᠯᠭ᠎ᠠ ᠨᠢ ᠰᠢ ᠶᠢᠨ ᠫᠢᠩ ᠶᠡᠷᠦᠩᠬᠡᠢ | ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠢ ᠳᠠᠭᠠᠭᠤᠯᠤᠨ ᠰᠤᠷᠤᠯᠴᠠᠵᠤ᠂ ᠣᠯᠠᠨ ᠢᠶᠠᠷ ᠢᠶᠠᠨ | ᠬᠤᠪᠢᠳᠠᠭᠰᠠᠨ ᠠᠵᠢᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠰᠤᠷᠤᠯᠴᠠᠨ ᠢᠯᠡᠳᠬᠡᠯ ᠳᠤ ᠳᠤᠷᠠᠳᠤᠭᠰᠠᠨ | ᠰᠢᠨ᠎ᠡ ᠦᠵᠡᠯ ᠰᠠᠨᠠᠭ᠎ᠠ᠂ ᠣᠨᠣᠯ᠂ ᠰᠢᠨ᠎ᠡ ᠪᠠᠶᠢᠷᠢᠯᠠᠭᠤᠯᠤᠯᠲᠠ᠂ ᠱᠠᠭᠠᠷᠳᠠᠯᠭ᠎ᠠ ᠶᠢ ᠭᠦᠨᠵᠡᠭᠡᠶᠢᠷᠡᠭᠦᠯᠦᠨ ᠣᠶᠢᠯᠠᠭᠠᠪᠠ | ᠃ ᠣᠳᠣᠬᠠᠨ ᠳᠤ ᠪᠠᠶᠠᠨᠬᠤᠸᠠ ᠪᠠᠯᠭᠠᠰᠤ ᠨᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠬᠤ᠂ ᠺᠠᠳ᠋ᠷ ᠭᠠᠴᠠᠭ᠎ᠠ ᠳᠤ ᠪᠠᠭᠤᠵᠤ ᠰᠤᠷᠤᠯᠴᠠᠯᠭ᠎ᠠ ᠶᠢ ᠵᠢᠯᠤᠭᠤᠳᠬᠤ᠂ ᠭᠠᠴᠠᠭ᠎ᠠ ᠵᠣᠬᠢᠶᠠᠨ | ᠪᠠᠶᠢᠭᠤᠯᠵᠤ ᠰᠤᠷᠤᠯᠴᠠᠬᠤ ᠵᠡᠷᠭᠡ ᠬᠡᠯᠪᠡᠷᠢ ᠪᠠᠷ ᠪᠠᠯᠭᠠᠰᠤ᠂ ᠭᠠᠴᠠᠭ᠎ᠠ ᠬᠤᠶᠠᠷ ᠱᠠᠲᠤ ᠬᠤᠯᠪᠤᠭᠠᠯᠠᠨ ᠲᠠᠶᠢᠴᠢᠯᠠᠵᠦ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠪᠠᠶᠢᠨ᠎ᠠ᠃ | ᠰᠣᠷᠪᠤᠯᠵᠢᠯᠠᠭ᠎ᠠ᠄ ᠪᠠᠶᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠲᠦᠮᠡᠡᠨᠠᠰᠤᠳᠤ᠄ ︽ᠮᠠᠨ ᠤ | ᠪᠠᠶᠠᠠᠬᠤᠸᠠ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠠᠵᠢᠯ ᠢ ᠴᠢᠬᠤᠯᠠᠴᠢᠯᠠᠨ ᠠᠳᠬᠤᠵᠤ᠂ ᠪᠦᠬᠦ ᠪᠠᠯᠭᠠᠰᠤᠨ ᠤ ᠨᠠᠮ ᠤᠨ ᠬᠡᠰᠢᠬᠦᠨ ᠺᠠᠳ᠋ᠷᠴᠤᠳ | ᠪᠤᠯᠤᠨ ᠭᠠᠴᠠᠭᠠᠨ ᠤ ᠡᠭᠦᠷ ᠵᠦᠪᠯᠡᠯ ᠤᠨ ᠲᠤᠮᠳᠠ ᠬᠦᠨᠵᠡᠭᠡᠶᠢᠷᠡᠭᠦᠯᠦᠨ ᠰᠤᠷᠤᠯᠴᠠᠵᠦ᠂ ᠬᠤᠷᠠᠯ ᠤᠨ ᠵᠤᠷᠢᠭ ᠰᠠᠨᠠᠭ᠎ᠠ | ᠪᠠᠷ ᠪᠦᠬᠦ ᠪᠠᠯᠭᠠᠰᠤᠨ ᠤ ᠠᠵᠢᠯ ᠢᠶᠠᠨ ᠲᠦᠯᠦᠪᠵᠢᠭᠦᠯᠦᠨ ᠪᠠᠶᠢᠷᠢᠯᠠᠭᠤᠯᠵᠤ ᠡᠯ᠎ᠡ ᠲᠠᠯ᠎ᠠ ᠶᠢᠨ ᠠᠵᠢᠯ ᠡᠭᠦᠷᠭᠡ ᠪᠠᠨ | ᠰᠠᠶᠢᠳᠤᠷ ᠪᠡᠶᠡᠯᠡᠭᠦᠯᠬᠦ ᠪᠠᠷ ᠪᠠᠶᠢᠨ᠎ᠠ ︾ ᠭᠡᠯᠡ᠃ | 11 ᠰᠠᠷ᠎ᠠ ᠶᠢᠨ 8 ᠤ ᠡᠳᠦᠷ᠂ ᠪᠠᠶᠠᠨᠬᠤᠸᠠ ᠪᠠᠯᠭᠠᠰᠤᠨ ᠤ ᠬᠠᠷᠠᠭᠠᠠᠳᠠᠢ ᠭᠠᠴᠠᠭ᠎ᠠ ᠶᠢᠨ ᠨᠠᠮ ᠤᠨ ᠭᠡᠰᠢᠭᠦᠨ | ᠭᠤᠤᠯᠳᠠᠯᠭᠠᠳᠤ ᠡᠷᠦᠬᠡ ᠵᠠᠯᠭᠠᠮᠵᠢ ᠮᠠᠯᠴᠢᠨ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ | ᠪᠠᠶᠠᠨᠬᠤᠸᠠ ᠪᠠᠯᠭᠠᠰᠤᠨ ᠤ ᠲᠠᠩᠰᠤᠭ ᠭᠠᠴᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ᠃ ᠮᠠᠯᠴᠢᠨ | ᠨᠠᠮ ᠤᠨ ᠬᠡᠰᠢᠭᠦᠳ ᠨᠢ ᠰᠤᠷᠤᠯᠴᠠᠯᠭ᠎ᠠ ᠳᠤ ᠤᠷᠤᠯᠴᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠶᠢᠨ ᠳᠠᠭᠠᠭᠤᠯᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ | ᠰᠤᠷᠤᠯᠴᠠᠪᠠ᠃ | | |