365bet知乎_365bet官方体育投注_365bet娱乐场平台珠穆沁旗蒙古文政务门户网站 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠦᠵᠦᠮᠦᠴᠢᠨ ᠠᠩ ᠤᠨ ᠴᠡᠭᠡᠷ ᠪᠠ ᠬᠤᠷᠢᠶᠠᠩᠭᠤᠶᠢᠯᠠᠯ
        ᠨᠡᠶᠢᠲᠡᠯᠡᠭᠰᠡᠨ ᠴᠠᠭ᠄
        2022/11/17
                      ᠦᠵᠦᠮᠦᠴᠢᠨ ᠠᠩ ᠤᠨ ᠴᠡᠭᠡᠷ ᠪᠠ ᠬᠤᠷᠢᠶᠠᠩᠭᠤᠶᠢᠯᠠᠯ     ᠦᠵᠦᠮᠦᠴᠢᠨ ᠤ ᠠᠩ ᠠᠩᠨᠠᠯ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠣᠯ ᠮᠣᠷᠢ᠂ ᠨᠤᠬᠠᠢ᠂ ᠫᠤᠤ ᠪᠠᠷ ᠠᠩᠨᠠᠬᠤ ᠠᠷᠭ᠎ᠠ ᠮᠠᠶ᠋ᠢᠭ ᠶᠤᠮ᠃ ᠡᠭᠦᠨ ᠠᠴᠠ ᠪᠤᠰᠤᠳ ᠬᠠᠪᠬ᠎ᠠ ᠲᠠᠯᠪᠢᠬᠤ᠂ ᠲᠣᠣᠷ ᠲᠠᠯᠪᠢᠬᠤ᠂ ᠨᠦᠬᠡ ᠮᠠᠯᠳᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠦᠭᠡᠢ᠃ ᠡᠶᠢᠮᠦ ᠠᠷᠭ᠎ᠠ ᠦᠵᠦᠮᠦᠴᠢᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠳᠠ ᠪᠠᠷ ᠭᠤᠣᠯ ᠪᠤᠯᠭᠠᠭᠰᠠᠨ ᠪᠠᠶᠢᠭᠠᠯᠢ ᠶᠢᠨ ᠬᠠᠮᠠᠭᠠᠯᠠᠯᠳᠠ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠢᠯᠤᠭᠤᠨ ᠶᠠᠪᠤᠭᠳᠠᠬᠤ ᠳᠤ ᠪᠦᠷ ᠵᠤᠬᠢᠴᠠᠬᠤ ᠦᠭᠡᠢ ᠤᠴᠢᠷ ᠠᠴᠠ ᠨᠡᠶᠢᠭᠡᠮ ᠨᠡᠶᠢᠲᠡ ᠪᠠᠷ ᠡᠷᠡᠰ ᠴᠠᠭᠠᠵᠠᠯᠠᠳᠠᠭ᠃    ᠦᠵᠦᠮᠦᠴᠢᠨ ᠮᠣᠩᠭᠤᠯᠴᠤᠳ ᠤᠨ ᠠᠩ ᠠᠩᠨᠠᠭᠤᠷ ᠤᠨ ᠠᠵᠤ ᠠᠬᠤᠢ ᠪᠣᠯ ᠲᠡᠳᠡᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠦᠢᠯᠡᠴᠢᠯᠡᠭᠰᠡᠨ᠂ ᠪᠡᠶ᠎ᠡ ᠪᠠᠨ ᠳᠠᠭᠠᠭᠠᠭᠰᠠᠨ ᠲᠤᠭᠲᠠᠴᠠ ᠲᠠᠢ ᠲᠤᠰᠬᠠᠢ ᠠᠵᠤ ᠠᠬᠤᠢ ᠮᠦᠨ᠃ ᠮᠣᠩᠭᠤᠯ ᠤᠨ ᠤᠯᠠᠮᠵᠢᠯᠠᠯᠳᠤ ᠠᠩ ᠬᠤᠮᠤᠷᠭ᠎ᠠ ᠶᠢᠨ ᠵᠠᠩ ᠦᠢᠯᠡ ᠠᠵᠢᠯᠯᠠᠭ᠎ᠠ ᠶᠢᠨ ᠵᠠᠯᠭᠠᠮᠵᠢ ᠮᠦᠨ᠃ ᠪᠠᠰᠠᠴᠦ ᠲᠡᠳᠡᠨ ᠤ ᠦᠪᠡᠷᠮᠢᠴᠡ ᠤᠨᠴᠠᠯᠢᠭ ᠲᠠᠢ ᠠᠩ ᠠᠩᠨᠠᠯ ᠤᠨ ᠰᠤᠶᠤᠯ ᠤᠨ ᠠᠵᠢᠯᠯᠠᠭ᠎ᠠ ᠪᠤᠯᠤᠨ᠎ᠠ᠃    ᠦᠵᠦᠮᠦᠴᠢᠨ ᠮᠣᠩᠭᠤᠯᠴᠤᠳ ᠠᠩ ᠠᠩᠨᠠᠯ ᠬᠢᠬᠦ ᠪᠠᠨ ᠪᠠᠰᠠ ︽ᠮᠠᠯᠠᠭᠠᠢ ᠶᠢᠨ ᠤᠳᠤᠭ᠎ᠠ ᠬᠦᠪᠢᠵᠦ ᠬᠡᠶᠢᠮᠦᠷᠢ ᠰᠡᠷᠭᠦᠭᠡᠨ᠎ᠡ︾ ᠭᠡᠳᠡᠭ᠃ ᠠᠩ ᠤᠨ ᠣᠯᠵᠠ ᠬᠤᠪᠢᠶᠠᠷᠢ ᠶᠢ᠄ ︽ᠬᠠᠷ᠎ᠠ ᠬᠠᠮᠠᠷ ᠢ ᠨᠢ ᠥᠪᠴᠢᠬᠦ ᠠᠴᠠ ᠡᠮᠦᠨ᠎ᠡ ᠬᠦᠷᠦᠯᠴᠡᠨ ᠢᠷᠡᠭᠰᠡᠨ ᠪᠦᠬᠦᠨ ᠳᠤ ᠬᠦᠷᠳᠡᠭᠡᠬᠦ ᠶᠤᠰᠤᠳᠠᠢ︾ ᠭᠡᠳᠡᠭ᠃ ᠠᠩ ᠤᠨ ᠮᠢᠬ᠎ᠠ ᠶᠢ ᠠᠶᠢᠯ ᠬᠤᠲᠠ ᠪᠠᠷ ᠢᠶᠠᠨ ᠪᠦᠬᠦᠳᠡᠭᠡᠷ ᠢᠶᠠᠨ ᠬᠤᠪᠢᠶᠠᠵᠦ᠂ ᠱᠦᠯᠥ ᠤᠤᠭᠤᠵᠦ ᠪᠠᠩᠰᠢ ᠪᠠᠷᠢᠵᠦ ᠢᠳᠡᠳᠡᠭ᠃ ᠠᠩ ᠤᠨ ᠭᠠᠨᠵᠤᠭ᠎ᠠ ᠶᠢ ᠬᠠᠷᠠᠮᠯᠠᠬᠤ ᠶᠢ ︽ᠮᠠᠭᠤ ᠢᠷᠸ᠎ᠠ︾᠂ ︽ᠠᠩ ᠤᠨ ᠶᠠᠭᠤᠮ᠎ᠠ ᠶᠢ ᠪᠢᠳᠡᠬᠡᠢ ᠬᠠᠷᠠᠮᠯᠠ︾ ᠭᠡᠵᠦ ᠪᠦᠷ ᠢ ᠬᠤᠪᠢᠶᠠᠯᠴᠠᠳᠠᠭ ᠪᠠᠶᠢᠵᠠᠢ᠃   ᠦᠵᠦᠮᠦᠴᠢᠨ ᠮᠣᠩᠭᠤᠯᠴᠤᠳ ᠤᠨ ᠪᠦᠬᠦᠯᠢ ᠠᠩ ᠠᠩᠨᠠᠯ ᠤᠨ ᠠᠵᠤ ᠠᠬᠤᠢ ᠶᠢᠨ ᠦᠢᠯᠡᠰ ᠪᠣᠯ ᠲᠡᠤᠬᠡ ᠶᠢᠨ ᠳᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠰᠠᠭᠤᠷᠢ ᠳᠡᠭᠡᠷ᠎ᠡ ᠬᠦᠭᠵᠢᠵᠦ᠂ ᠠᠩ ᠤᠨ ᠠᠵᠤ ᠠᠬᠤᠢ ᠶᠢᠨ ᠵᠢᠮ᠎ᠡ ᠶᠤᠰᠤ ᠪᠠᠷ ᠲᠤᠭᠲᠠᠭᠰᠠᠨ ᠳᠦᠷᠢᠮ ᠭᠤᠷᠢᠮ ᠬᠡᠪᠰᠢᠯ ᠲᠠᠢ ᠠᠵᠤ ᠠᠬᠤᠢ ᠶᠢᠨ ᠠᠵᠢᠯᠯᠠᠭ᠎ᠠ ᠪᠤᠯᠤᠭᠰᠠᠨ ᠶᠤᠮ᠃  
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号