ᠬᠡᠦᠬᠡᠳ ᠰᠦᠯᠵᠢᠶᠡᠨ ᠳᠡᠭᠡᠷ᠎ᠡ ᠬᠢᠴᠢᠶᠡᠯ ᠣᠷᠣᠬᠤ ᠳᠤ ᠬᠥᠬᠡ ᠭᠡᠷᠡᠯ ᠰᠡᠷᠭᠡᠶᠢᠯᠡᠬᠦ ᠨᠢᠳᠦᠨ ᠰᠢᠯ ᠵᠡᠭᠦᠬᠦ | ᠴᠢᠬᠤᠯᠠ ᠲᠠᠢ ᠦᠦ︖ | | ᠬᠡᠦᠬᠡᠳ ᠰᠦᠯᠵᠢᠶᠡᠨ ᠳᠡᠭᠡᠷ᠎ᠡ ᠬᠢᠴᠢᠶᠡᠯ ᠣᠷᠣᠬᠤ ᠳᠤ ᠬᠥᠬᠡ ᠭᠡᠷᠡᠯ ᠠᠴᠠ ᠰᠡᠷᠭᠡᠶᠢᠯᠡᠬᠦ ᠨᠢᠳᠦᠨ ᠰᠢᠯ ᠵᠡᠭᠦᠬᠦ | ᠴᠢᠬᠤᠯᠠ ᠲᠠᠢ ᠦᠦ︖ ᠡᠭᠦᠨ ᠤ ᠲᠤᠬᠠᠢ ᠪᠡᠭᠡᠵᠢᠩ ᠬᠤᠲᠠ ᠶᠢᠨ ᠨᠢᠳᠦᠨ ᠤ ᠰᠠᠯᠠᠭᠠᠨ ᠤ ᠰᠤᠳᠤᠯᠬᠤ ᠭᠠᠵᠠᠷ ᠤᠨ | ᠳᠠᠷᠤᠭ᠎ᠠ᠂ ᠡᠷᠬᠢᠯᠡᠭᠴᠢ ᠡᠮᠴᠢ᠂ ᠪᠦᠬᠦ ᠤᠯᠤᠰ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠠᠵᠢᠯ ᠤᠨ ᠠᠯᠪᠠᠨ ᠭᠡᠷ ᠤᠨ | ᠬᠠᠷᠢᠭᠤᠴᠠᠯᠭᠠᠲᠠᠨ ᠶᠢᠨ ᠽᠢ ᠪᠢᠩ ᠫᠷᠤᠹᠧᠰᠰᠤᠷ᠂ ᠮᠧᠯᠪᠧᠨ ᠶᠡᠭᠡ ᠰᠤᠷᠭᠠᠭᠤᠯᠢ ᠶᠢᠨ ᠨᠢᠳᠦᠨ ᠤ ᠰᠢᠨᠵᠢᠯᠡᠬᠦ | ᠤᠬᠠᠭᠠᠨ ᠤ ᠫᠷᠤᠹᠧᠰᠰᠤᠷ ᠾᠧ ᠮᠢᠩ ᠭᠤᠸᠠᠩ ᠬᠠᠷᠢᠭᠤᠯᠲᠠ ᠥᠭᠴᠡᠢ᠃ | ᠶᠢᠨ ᠽᠢ ᠪᠢᠩ ᠫᠷᠤᠹᠧᠰᠰᠤᠷ ᠲᠠᠨᠢᠯᠴᠠᠭᠤᠯᠬᠤ ᠳᠠᠭᠠᠨ᠂ ︽ᠡᠯᠧᠺᠲᠷᠣᠨ ᠦᠢᠯᠡᠳᠬᠦᠨ ᠤ ᠳᠣᠲᠣᠷᠠᠬᠢ | ᠳᠡᠯᠭᠡᠴᠡ ᠠᠴᠠ ᠭᠠᠳᠠᠨ᠎ᠠ᠂ ᠪᠠᠶᠢᠭᠠᠯᠢ ᠶᠢᠨ ᠬᠡᠷᠡᠯ ᠳᠤ ᠪᠠᠰᠠ ᠡᠯ᠎ᠡ ᠳᠣᠯᠭᠢᠶᠠᠨ ᠪᠠᠭ ᠤᠨ ᠬᠡᠷᠡᠯ ᠪᠠᠶᠢᠳᠠᠭ᠂ ᠡᠭᠦᠨ ᠳᠤ | ᠣᠬᠤᠷ ᠳᠣᠯᠭᠢᠶᠠᠨ ᠤ ᠬᠥᠬᠡ ᠬᠡᠷᠡᠯ ᠪᠠᠭᠲᠠᠨ᠎ᠠ᠃ ᠣᠳᠣᠬᠠᠨ ᠤ ᠰᠢᠨᠵᠢᠯᠡᠬᠦ ᠤᠬᠠᠭᠠᠨ ᠤ ᠭᠡᠷᠡᠴᠢ ᠪᠠᠷᠢᠮᠲᠠ ᠳᠤ | ᠬᠥᠬᠡ ᠬᠡᠷᠡᠯ ᠪᠣᠯ ᠣᠶᠢᠷ᠎ᠠ ᠬᠠᠷᠠᠭ᠎ᠠ ᠡᠭᠦᠰᠬᠡᠬᠦ ᠭᠤᠣᠯ ᠰᠢᠯᠲᠠᠭᠠᠨ ᠮᠥᠨ᠂ ᠮᠥᠨ ᠴᠦ ᠪᠣᠶ ᠪᠦᠬᠦᠢ ᠬᠥᠬᠡ ᠬᠡᠷᠡᠯ | ᠨᠢ ᠴᠥᠮ ᠬᠥᠮᠥᠨ ᠤ ᠪᠡᠶ᠎ᠡ ᠳᠤ ᠬᠤᠣᠷᠲᠠᠢ ᠪᠢᠰᠢ᠂ ᠪᠠᠰᠠ ᠵᠢᠱᠢᠶᠡᠯᠡᠪᠡᠯ ᠠᠮᠢᠳᠤ ᠪᠣᠳᠠᠰ ᠤᠨ ᠬᠡᠮᠨᠡᠯ᠂ ᠠᠮᠢᠳᠤ | ᠪᠣᠳᠠᠰ ᠤᠨ ᠦᠶᠡᠯᠡᠯ ᠢ ᠲᠣᠬᠢᠷᠠᠭᠤᠯᠬᠤ ᠵᠡᠷᠭᠡ ᠦᠢᠯᠡᠳᠦᠯ ᠪᠠᠶᠢᠳᠠᠭ︾ ᠭᠡᠯᠡ᠃ ᠲᠡᠷᠡ᠄ ︽ᠪᠢᠳᠡ ᠬᠥᠬᠡ ᠭᠡᠷᠡᠯ ᠤᠨ | ᠬᠤᠣᠷ ᠬᠥᠨᠥᠭᠡᠯ ᠢ ᠬᠡᠲᠦᠷᠬᠡᠢ ᠲᠣᠮᠣᠷᠠᠭᠤᠯᠵᠤ ᠪᠣᠯᠬᠤ ᠦᠭᠡᠢ᠂ ᠭᠡᠪᠡᠴᠦ ᠬᠥᠬᠡ ᠭᠡᠷᠡᠯ ᠢ ᠪᠠᠰᠠ ᠴᠢᠬᠤᠯᠠᠴᠢᠯᠠᠵᠤ | ᠦᠵᠡᠬᠦ ᠬᠡᠷᠡᠭᠲᠡᠢ︾ ᠭᠡᠵᠡᠢ᠃ | ᠬᠥᠬᠡ ᠭᠡᠷᠡᠯ ᠰᠡᠷᠭᠡᠶᠢᠯᠡᠬᠦ ᠨᠢᠳᠦᠨ ᠰᠢᠯ ᠦᠨᠡᠬᠡᠷ ᠬᠡᠷᠡᠭᠴᠡᠭᠡ ᠲᠠᠢ ᠦᠦ ᠦᠭᠡᠢ ᠦᠦ︖ ᠶᠢᠨ ᠽᠢ ᠪᠢᠩ | ᠤᠨ ᠦᠵᠡᠬᠦ ᠪᠠᠷ᠂ ᠬᠢᠷᠢ ᠲᠡᠩᠴᠡᠭᠰᠡᠨ ᠬᠥᠬᠡ ᠬᠡᠷᠡᠯ ᠢ ᠰᠡᠷᠭᠡᠶᠢᠯᠡᠬᠦ ᠨᠢᠳᠦᠨ ᠰᠢᠯ ᠨᠢ ᠦᠨᠡᠬᠡᠷ ᠶᠠᠮᠠᠷ ᠨᠢᠭᠡᠨ | ᠳᠣᠯᠭᠢᠶᠠᠨ ᠲᠠᠰᠤᠯᠪᠤᠷᠢ ᠪᠤᠶᠤ ᠬᠡᠳᠦᠨ ᠳᠣᠯᠭᠢᠶᠠᠨ ᠲᠠᠰᠤᠯᠪᠤᠷᠢ ᠶᠢᠨ ᠬᠡᠷᠡᠯ ᠢ ᠬᠠᠯᠬᠠᠯᠠᠵᠤ ᠲᠠᠶᠢᠯᠤᠨ᠎ᠠ᠃ ᠲᠡᠷᠡ | ᠰᠠᠨᠠᠭᠤᠯᠬᠤ ᠳᠠᠭᠠᠨ᠂ ︽ᠡᠯᠧᠺᠲᠷᠣᠨ ᠦᠢᠯᠡᠳᠬᠦᠨ ᠢ ᠣᠷᠳᠣ ᠬᠤᠭᠤᠴᠠᠭ᠎ᠠ ᠪᠠᠷ ᠬᠡᠷᠡᠭᠯᠡᠬᠦ ᠴᠢᠬᠤᠯᠠᠲᠠᠢ | ᠨᠠᠰᠤᠨ ᠳᠤ ᠭᠦᠷᠦᠭᠰᠡᠳ ᠥᠪᠡᠷ ᠤᠨ ᠪᠠᠶᠢᠳᠠᠯ ᠢᠶᠠᠨ ᠦᠨᠳᠦᠰᠦᠯᠡᠨ ᠬᠢᠷᠢ ᠲᠡᠩᠴᠡᠭᠰᠡᠨ ᠬᠥᠬᠡ ᠬᠡᠷᠡᠯ ᠤᠨ | ᠰᠡᠷᠭᠡᠶᠢᠯᠡᠯᠲᠡ ᠶᠢᠨ ᠨᠢᠳᠦᠨ ᠰᠢᠯ ᠢ ᠰᠣᠩᠭᠤᠨ ᠬᠡᠷᠡᠭᠯᠡᠬᠦ ᠪᠣᠯᠣᠨ᠎ᠠ᠂ ᠠᠳᠡ ᠬᠢᠷᠢ ᠲᠡᠩᠴᠡᠭᠦ ᠳᠤ ᠬᠥᠬᠡ ᠬᠡᠷᠡᠯ ᠤᠨ | ᠰᠢᠭᠦᠷᠡᠯᠲᠡ ᠶᠢᠨ ᠬᠠᠷᠢᠴᠠᠯ᠂ ᠬᠥᠬᠡ ᠬᠡᠷᠡᠯ ᠤᠨ ᠳᠣᠯᠭᠢᠶᠠᠨ ᠲᠠᠰᠤᠯᠪᠤᠷᠢ᠂ ᠪᠠᠷᠢᠮᠵᠢᠶᠠᠲᠤ ᠬᠡᠷᠡᠯ ᠤᠨ ᠤᠬᠠᠭᠠᠨ ᠤ | ᠫᠠᠷᠠᠮᠧᠲᠷ ᠵᠡᠷᠭᠡ ᠪᠠᠭᠲᠠᠨ᠎ᠠ︾ ᠭᠡᠪᠡ᠃ ᠡᠭᠦᠨ ᠤ ᠬᠠᠮᠲᠤ ᠲᠡᠷᠡ ᠪᠠᠰᠠ᠄ ︽ᠥᠰᠦᠯᠲᠡ ᠪᠤᠶᠢᠵᠢᠯᠲᠠ ᠶᠢᠨ | ᠬᠤᠭᠤᠴᠠᠭᠠᠨ ᠳᠠᠭᠠᠨ ᠪᠠᠶᠢᠭ᠎ᠠ ᠬᠡᠦᠬᠡᠳ ᠪᠠᠭᠠᠴᠤᠳ ᠲᠤ ᠰᠢᠭᠤᠳ ᠬᠥᠬᠡ ᠬᠡᠷᠡᠯ ᠠᠴᠠ ᠰᠡᠷᠭᠡᠶᠢᠯᠡᠬᠦ ᠨᠢᠳᠦᠨ ᠰᠢᠯ | ᠵᠡᠭᠦᠯᠭᠡᠬᠦ ᠶᠢ ᠰᠠᠨᠠᠭᠠᠴᠢᠯᠠᠬᠤ ᠦᠭᠡᠢ᠂ ᠬᠠᠷᠢᠨ ᠡᠯᠧᠺᠲᠷᠣᠨ ᠦᠢᠯᠡᠳᠬᠦᠨ ᠤ ᠬᠡᠷᠡᠭᠯᠡᠬᠦ ᠴᠠᠭ ᠢ ᠬᠢᠵᠠᠭᠠᠷᠯᠠᠵᠤ᠂ | ᠭᠡᠷ ᠤᠨ ᠭᠠᠳᠠᠨᠠᠬᠢ ᠬᠥᠳᠡᠯᠭᠡᠭᠡᠨ ᠢ ᠢᠯᠡᠭᠦᠬᠡᠨ ᠬᠢᠬᠦ ᠬᠡᠷᠡᠭᠲᠡᠢ︾ ᠭᠡᠯᠡ᠃ | ᠾᠧ ᠮᠢᠩ ᠭᠤᠸᠠᠩ ᠫᠷᠤᠹᠧᠰᠰᠤᠷ ᠪᠠᠰᠠ ᠬᠥᠬᠡ ᠬᠡᠷᠡᠯ ᠢ ᠰᠡᠷᠭᠡᠶᠢᠯᠡᠬᠦ ᠨᠢᠳᠦᠨ ᠰᠢᠯ ᠨᠢ ᠵᠣᠬᠢᠬᠤ | ᠦᠢᠯᠡᠳᠦᠯ ᠲᠠᠢ᠂ ᠭᠡᠪᠡᠴᠦ ᠬᠡᠲᠦᠷᠡᠭᠦᠯᠵᠦ ᠪᠣᠯᠬᠤ ᠦᠭᠡᠢ᠂ ︽ᠣᠲᠣ ᠪᠢᠳᠡ ᠮᠠᠰᠢ ᠣᠯᠠᠨ ᠡᠯᠧᠺᠲᠷᠣᠨ | ᠳᠡᠯᠭᠡᠴᠡ ᠶᠢ ᠬᠡᠷᠡᠭᠯᠡᠬᠦ ᠳᠤ ᠦᠨᠡᠬᠡᠷ ᠬᠥᠬᠡ ᠬᠡᠷᠡᠯ ᠤᠨ ᠬᠠᠷᠢᠴᠠᠯ ᠨᠢ ᠥᠨᠳᠥᠷ ᠪᠠᠶᠢᠳᠠᠭ᠂ ᠡᠶᠢᠮᠦ ᠠᠴᠠ | ᠵᠠᠷᠢᠮᠦᠶᠡ ᠳᠤ ᠬᠥᠬᠡ ᠬᠡᠷᠡᠯ ᠤᠨ ᠰᠢᠯ ᠢ ᠵᠣᠬᠢᠰᠲᠠᠢ ᠬᠡᠷᠡᠭᠯᠡᠬᠦ ᠨᠢ ᠨᠢᠳᠦ ᠶᠢ ᠬᠠᠮᠠᠭᠠᠯᠠᠬᠤ ᠳᠤ ᠵᠢᠭᠠᠬᠠᠨ | ᠦᠢᠯᠡᠳᠦᠯ ᠲᠠᠢ ᠪᠠᠶᠢᠵᠤ ᠮᠡᠳᠡᠨ᠎ᠡ᠂ ᠨᠢᠳᠦᠨ ᠤ ᠡᠪᠡᠳᠴᠢᠨ ᠢ ᠰᠡᠷᠭᠡᠶᠢᠯᠡᠬᠦ ᠪᠠᠷ ᠠᠪᠴᠤ ᠬᠡᠯᠡᠪᠡᠯ | ᠦᠢᠯᠡᠳᠦᠯ ᠨᠢ ᠲᠡᠶᠢᠮᠦ ᠶᠡᠭᠡ ᠪᠢᠰᠢ ᠶᠤᠮ᠃ ᠭᠡᠪᠡᠴᠦ ᠬᠥᠬᠡ ᠭᠡᠷᠡᠯ ᠠᠴᠠ ᠰᠡᠷᠭᠡᠶᠢᠯᠡᠬᠦ ᠨᠢᠳᠦᠨ ᠰᠢᠯ | ᠬᠡᠷᠡᠭᠯᠡᠪᠡᠯ᠂ ᠨᠢᠳᠦᠨ ᠤ ᠲᠠᠭᠠᠯᠠᠮᠵᠢᠲᠠᠢ ᠬᠡᠮᠵᠢᠶ᠎ᠡ ᠦᠨᠡᠬᠡᠷ ᠳᠡᠭᠡᠭᠰᠢᠯᠡᠨ᠎ᠡ ᠭᠡᠳᠡᠭ ᠢ ᠨᠢᠭᠡ ᠬᠡᠰᠡᠭ | ᠰᠤᠳᠤᠯᠭᠠᠨ ᠲᠤᠷᠰᠢᠯᠲᠠ ᠪᠠᠷ ᠳᠠᠮᠵᠢᠨ ᠭᠡᠷᠡᠴᠢᠯᠡᠵᠦ ᠥᠩᠭᠡᠷᠡᠭᠰᠡᠨ ᠶᠤᠮ︾ ᠭᠡᠰᠡᠨ ᠪᠠᠶᠢᠨ᠎ᠠ᠃ | |