ᠡᠳᠡᠭᠡᠷ ᠢᠳᠡᠭᠡᠨ ᠢ ᠥᠯᠥᠨ ᠢᠶᠠᠷ ᠢᠳᠡᠵᠦ ᠪᠣᠯᠬᠤ ᠦᠭᠡᠢ | ᠥᠯᠥᠨ ᠢᠶᠠᠷ ᠥᠳᠬᠡᠨ ᠴᠠᠢ ᠶᠡᠭᠡ ᠤᠤᠭᠤᠬᠤ ᠪᠤᠶᠤ ᠺᠣᠹᠧ ᠬᠡᠲᠦᠷᠬᠡᠢ ᠠᠷᠪᠢᠨ ᠤᠤᠭᠤᠪᠠᠯ᠂ | ᠵᠢᠷᠦᠬᠡᠨ ᠴᠣᠬᠢᠯᠭ᠎ᠠ ᠲᠦᠷᠭᠡᠰᠴᠦ᠂ ᠴᠡᠭᠡᠵᠢ ᠪᠠᠭᠲᠠᠷᠠᠬᠤ᠂ ᠵᠢᠷᠦᠬᠡ ᠲᠦᠭᠰᠢᠬᠦ ᠵᠡᠷᠭᠡ ᠡᠪ ᠦᠭᠡᠢ ᠪᠠᠶᠢᠳᠠᠯ ᠢ ᠪᠣᠶ | ᠪᠣᠯᠭᠠᠵᠤ ᠮᠡᠳᠡᠨ᠎ᠡ︔ ᠥᠯᠥᠨ ᠢᠶᠠᠷ ᠠᠷᠢᠬᠢ ᠤᠤᠭᠤᠪᠠᠯ ᠠᠮᠠᠷᠬᠠᠨ ᠴᠢᠰᠤᠨ ᠰᠢᠬᠢᠷ ᠳᠣᠣᠷ᠎ᠠ ᠪᠣᠯᠵᠤ᠂ ᠲᠣᠯᠣᠭᠠᠢ | ᠡᠷᠭᠢᠬᠦ᠂ ᠬᠦᠢᠲᠡᠨ ᠬᠥᠯᠥᠰᠦ ᠭᠠᠷᠬᠤ ᠵᠡᠷᠭᠡ ᠡᠪ ᠦᠭᠡᠢ ᠰᠢᠨᠵᠢ ᠲᠡᠮᠳᠡᠭ ᠢᠯᠡᠷᠡᠨ᠎ᠡ᠃ ᠥᠯᠥᠨ ᠢᠶᠠᠷ ᠬᠦᠢᠲᠡᠨ | ᠢᠳᠡᠭᠡᠨ ᠢᠳᠡᠬᠦ ᠦᠭᠡᠢ ᠪᠣᠯ ᠰᠠᠶᠢᠨ᠃ ᠲᠡᠷᠡ ᠨᠢ ᠬᠤᠳᠣᠭᠤᠳᠤ ᠭᠡᠳᠡᠰᠦᠨ ᠳᠤ ᠰᠡᠳᠦᠯᠲᠡ ᠥᠭᠴᠦ᠂ | ᠤᠳᠠᠭᠠᠨ ᠳᠠᠭᠠᠨ ᠬᠤᠳᠣᠭᠤᠳᠤ ᠭᠡᠳᠡᠰᠦᠨ ᠤ ᠡᠪᠡᠳᠴᠢᠨ ᠢ ᠡᠭᠦᠰᠬᠡᠳᠡᠭ᠃ ᠬᠤᠳᠣᠭᠤᠳᠤ ᠭᠡᠨᠡᠳᠲᠡ ᠬᠦᠢᠲᠡᠨ | ᠪᠣᠯᠬᠤ ᠨᠢ ᠵᠢᠷᠦᠬᠡᠨ ᠳᠤ ᠰᠡᠳᠦᠯᠲᠡ ᠥᠭᠴᠦ ᠮᠡᠳᠡᠨ᠎ᠡ᠃ ᠡᠶᠢᠮᠦ ᠠᠴᠠ ᠬᠦᠢᠲᠡᠨ ᠤᠮᠳᠠᠭᠠᠨ ᠢ ᠬᠠᠮᠤᠭ ᠰᠠᠶᠢᠨ ᠨᠢ | ᠬᠤᠭᠤᠯᠠᠨ ᠤ ᠳᠤᠮᠳᠠ ᠤᠤᠭᠤᠨ᠎ᠠ᠂ ᠥᠯᠥᠨ ᠦᠶ᠎ᠡ ᠳᠤ᠂ ᠴᠠᠳᠲᠠᠯ᠎ᠠ ᠢᠳᠡᠭᠰᠡᠨ ᠤ ᠳᠠᠷᠠᠭ᠎ᠠ ᠪᠠ ᠶᠡᠭᠡ ᠬᠥᠯᠥᠰᠦ | ᠭᠠᠷᠬᠤ ᠦᠶ᠎ᠡ ᠳᠤ ᠪᠦᠷ ᠤᠤᠭᠤᠵᠤ ᠪᠣᠯᠬᠤ ᠦᠭᠡᠢ᠃ | ᠥᠯᠥᠨ ᠢᠶᠠᠷ ᠲᠥᠪᠡᠳ ᠬᠠᠰᠢ ᠢᠳᠡᠵᠦ ᠪᠣᠯᠣᠨ᠎ᠠ᠃ ᠲᠦᠭᠦᠬᠡᠢ ᠲᠥᠪᠡᠳ ᠬᠠᠰᠢ ᠢᠳᠡᠬᠦ ᠦᠭᠡᠢ ᠪᠤᠶᠤ | ᠡᠰᠡᠬᠦᠯ᠎ᠡ ᠨᠢᠭᠡ ᠯᠡ ᠳᠡᠭᠡᠷ᠎ᠡ ᠠᠷᠪᠢᠨ ᠢᠳᠡᠬᠦ ᠦᠭᠡᠢ ᠪᠣᠯ ᠰᠠᠶᠢᠨ᠃ ᠭᠡᠪᠡᠴᠦ ᠬᠤᠳᠣᠭᠤᠳᠤ ᠭᠡᠳᠡᠰᠦᠨ ᠤ | ᠠᠵᠢᠯᠯᠠᠭ᠎ᠠ ᠮᠠᠭᠤ ᠵᠠᠷᠢᠮ ᠬᠥᠮᠥᠰ᠂ ᠵᠢᠱᠢᠶᠡᠯᠡᠪᠡᠯ ᠥᠲᠡᠯᠦᠭᠡ ᠬᠥᠮᠥᠰ ᠥᠯᠥᠨ ᠢᠶᠠᠷ ᠲᠥᠪᠡᠳ ᠬᠠᠰᠢ ᠶᠢ ᠠᠷᠪᠢᠨ | ᠢᠳᠡᠵᠦ ᠪᠣᠯᠬᠤ ᠦᠭᠡᠢ᠃ ᠶᠡᠭᠡ ᠥᠯᠥᠰᠥᠭᠡᠳ ᠬᠤᠭᠤᠯᠠ ᠢᠳᠡᠬᠦ ᠳᠤ ᠪᠠᠰᠠ ᠡᠮᠦᠨ᠎ᠡ ᠬᠤᠶᠢᠨ᠎ᠠ ᠳᠡᠰ | ᠳᠠᠷᠠᠭ᠎ᠠ ᠲᠠᠢ ᠪᠠᠶᠢᠪᠠᠯ ᠵᠣᠬᠢᠨ᠎ᠠ᠃ ᠤᠷᠢᠳ ᠢᠶᠠᠷ ᠨᠣᠭᠤᠭ᠎ᠠ ᠵᠠᠭᠤᠰᠢ ᠢᠳᠡᠵᠦ᠂ ᠳᠠᠷᠠᠭ᠎ᠠ ᠨᠢ ᠮᠢᠬ᠎ᠠ ᠵᠡᠷᠭᠡ | ᠤᠭᠤᠷᠠᠭ ᠲᠠᠢ ᠵᠦᠢᠯᠡᠰ ᠢᠳᠡᠨ᠎ᠡ᠃ ᠬᠡᠷᠪᠡ ᠡᠬᠢᠯᠡᠩᠭᠦᠲᠡ ᠮᠠᠰᠢ ᠣᠯᠠᠨ ᠲᠤᠲᠤᠷᠭᠠᠨ ᠭᠤᠯᠢᠷ ᠤᠨ ᠴᠠᠷᠳᠠᠭᠤᠯ ᠤᠨ | ᠲᠥᠷᠥᠯ ᠤᠨ ᠢᠳᠡᠭᠡᠨ ᠢ ᠢᠳᠡᠪᠡᠯ ᠪᠠᠰᠠ ᠠᠮᠠᠷᠬᠠᠨ ᠴᠢᠰᠤᠨ ᠰᠢᠬᠢᠷ ᠢ ᠲᠦᠷᠭᠡᠨ ᠳᠡᠭᠡᠭᠰᠢᠯᠡᠭᠦᠯᠵᠦ᠂ ᠪᠡᠶ᠎ᠡ ᠶᠢᠨ | ᠳᠣᠲᠣᠭᠠᠳᠤ ᠶᠢᠨ ᠨᠣᠶᠢᠷ ᠤᠨ ᠠᠷᠠᠯ ᠳᠤ ᠰᠡᠳᠦᠯᠲᠡ ᠥᠭᠭᠦᠨ᠎ᠡ᠃ ᠬᠠᠮᠤᠭ ᠰᠡᠭᠦᠯ ᠳᠤ ᠵᠢᠮᠢᠰ ᠢᠳᠡᠪᠡᠯ ᠵᠣᠬᠢᠨ᠎ᠠ᠂ | ᠤᠴᠢᠷ ᠨᠢ ᠵᠢᠮᠢᠰ ᠤᠨ ᠰᠢᠬᠢᠷᠯᠢᠭ ᠤᠨ ᠬᠡᠮᠵᠢᠶ᠎ᠡ ᠶᠡᠭᠡ ᠮᠥᠷᠲᠡᠭᠡᠨ ᠪᠦᠷ ᠠᠮᠠᠷᠬᠠᠨ ᠰᠢᠩᠭᠡᠭᠡᠳᠡᠭ᠂ ᠬᠡᠷᠪᠡ | ᠥᠯᠥᠨ ᠢᠶᠠᠷ ᠢᠳᠡᠪᠡᠯ ᠴᠢᠰᠤᠨ ᠰᠢᠬᠢᠷ ᠢ ᠪᠠᠰᠠ ᠠᠮᠠᠷᠬᠠᠨ ᠨᠡᠮᠡᠭᠳᠡᠭᠦᠯᠦᠨ᠎ᠡ᠃ ᠰᠢᠬᠢᠷᠯᠢᠭ ᠢᠳᠡᠭᠡᠨ ᠠᠴᠠ ᠬᠠᠮᠤᠭ | ᠰᠠᠶᠢᠨ ᠨᠢ ᠬᠤᠯᠠᠬᠠᠨ ᠪᠤᠢ᠂ ᠬᠡᠷᠪᠡ ᠢᠳᠡᠶ᠎ᠡ ᠭᠡᠪᠡᠯ ᠬᠤᠭᠤᠯᠠᠨ ᠤ ᠲᠠᠷᠠᠭ᠎ᠠ ᠢᠳᠡᠭᠡᠷᠡᠢ᠃ | |