ᠪᠠᠷᠠᠭᠤᠨ ᠦᠵᠦᠮᠦᠴᠢᠨ ᠬᠤᠰᠢᠭᠤᠨ ᠤ ︽ᠠᠮᠤ ᠬᠦᠨᠡᠰᠦ︾ ᠶᠢᠨ ᠬᠠᠩᠭᠠᠯᠭ᠎ᠠ ᠭᠦᠢᠴᠡᠳ ᠪᠠᠶᠢᠨ᠎ᠠ︕ | | ᠣᠶᠢᠷ᠎ᠠ ᠵᠢᠨᠡᠳᠦᠷ᠂ ᠮᠠᠨ ᠤ ᠬᠤᠰᠢᠭᠤᠨ ᠤ ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠨᠢ ᠥᠷᠭᠡᠨ ᠣᠯᠠᠨ ᠰᠠᠭᠤᠭᠠᠯᠢ | ᠠᠷᠠᠳ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠰᠢᠨ᠎ᠡ ᠰᠣᠷᠭᠤᠭ ᠢᠳᠡᠰᠢᠨ ᠨᠣᠭᠤᠭ᠎ᠠ ᠶᠢᠨ ᠬᠠᠩᠭᠠᠯᠭ᠎ᠠ | ᠭᠦᠢᠴᠡᠳ ᠡᠰᠡᠬᠦ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠪᠠᠲᠤᠯᠠᠵᠤ ᠴᠢᠳᠠᠬᠤ | ᠡᠰᠡᠬᠦ᠂ ᠦᠨ᠎ᠡ ᠬᠠᠩᠰᠢ ᠲᠣᠭᠲᠠᠪᠤᠷᠢᠲᠠᠢ ᠡᠰᠡᠬᠦ ᠨᠢ ᠣᠯᠠᠨ ᠤ ᠰᠠᠨᠠᠭᠠᠰᠢᠷᠠᠯ ᠪᠣᠯᠵᠤ ᠪᠠᠶᠢᠨ᠎ᠠ᠃ | ᠡᠲᠡᠭᠡᠷ ᠠᠰᠠᠭᠤᠳᠠᠯ ᠤᠨ ᠲᠣᠭᠤᠷᠢᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ᠤᠨ ᠰᠤᠷᠪᠤᠯᠵᠢᠯᠠᠭᠴᠢ ᠬᠤᠳᠠᠯᠳᠤᠭᠠᠨ ᠤ ᠴᠢᠯᠦᠭᠡᠲᠦ ᠳᠡᠯᠭᠡᠭᠦᠷ ᠵᠢᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠪᠠᠷ ᠬᠦᠷᠴᠦ ᠰᠤᠷᠪᠤᠯᠵᠯᠢᠠᠨ᠂ ᠬᠡᠰᠡᠭ ᠴᠢᠯᠦᠭᠡᠲᠦ ᠳᠡᠯᠭᠡᠭᠦᠷ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠠᠴᠠ ᠮᠠᠨ ᠤ ᠬᠤᠰᠢᠭᠤᠨ ᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ ᠪᠠᠶᠢᠭ᠎ᠠ | ᠪᠠᠶᠢᠳᠠᠯ ᠢ ᠣᠶᠢᠯᠠᠭᠠᠪᠠ᠃ | ᠰᠣᠷᠪᠤᠯᠵᠢᠯᠠᠭ᠎ᠠ᠄ ᠰᠠᠭᠤᠭᠠᠯᠢ ᠠᠷᠠᠳ ᠮᠠ ᠰᠢᠶᠠᠩ ᠯᠢᠩ᠄ ︽ ᠳᠣᠰᠠᠭᠠᠷᠯᠠᠬᠤ ᠴᠡᠭ ᠤᠨ ᠬᠦᠮᠦᠰ ᠪᠣᠶᠣ | ᠰᠠᠭᠤᠭᠠᠯᠢ ᠠᠷᠠᠳ ᠬᠦᠨᠡᠰᠦ ᠬᠤᠭᠤᠯᠠ ᠲᠤᠲᠠᠬᠤ ᠮᠠᠭᠠᠳ ᠭᠡᠮᠡᠨ ᠰᠠᠨᠠᠭ᠎ᠠ ᠵᠤᠪᠠᠭ᠋ᠤ ᠨᠢ ᠳᠠᠮᠵᠢᠭ ᠦᠭᠡᠢ ᠃ | ᠵᠠᠰᠠᠭ ᠠᠴᠠ ᠬᠦᠨᠡᠰᠦ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠨᠢ ᠯᠠᠪᠲᠠᠢ ᠂ ᠪᠤᠯᠢᠶᠠᠯᠳᠣᠵᠤ ᠠᠪᠤᠭᠰᠠᠨ ᠤ ᠬᠡᠷᠡᠭ | ᠦᠭᠡᠢ ᠃ ᠬᠡᠳᠦ ᠳᠡᠯᠭᠡᠬᠦᠷ ᠨᠢ ᠪᠦᠷ ᠬᠡᠪ ᠤᠨ ᠶᠤᠰᠤᠭᠠᠷ ᠡᠭᠦᠳᠡ ᠪᠠᠨ ᠨᠡᠭᠡᠭᠡᠵᠦ ᠡᠵᠡᠩᠨᠡᠵᠦ ᠪᠠᠶᠢᠨ᠎ᠠ᠂ ᠴᠢᠬᠤᠯᠠᠲᠠᠢ | ᠦᠶ᠎ᠡ ᠳᠤ ᠪᠠᠨ ᠬᠦᠷᠴᠦ ᠣᠴᠢᠭᠠᠳ ᠬᠤᠳᠠᠯᠳᠣᠵᠤ ᠠᠪᠤᠪᠠᠯ ᠪᠣᠯᠴᠢᠬᠠᠨ᠎ᠠ︾ ᠭᠡᠯᠡ᠃ | ᠰᠤᠷᠪᠤᠯᠵᠢᠯᠠᠭᠴᠢ ᠳ᠋ᠧ ᠺᠧ ᠯᠦᠩ ᠴᠠᠭ ᠦᠶ᠎ᠡ ᠶᠢᠨ ᠠᠭᠤᠳᠠᠮ ᠲᠠᠯᠠᠪᠠᠶ ᠶᠢᠨ ᠴᠢᠯᠦᠭᠡᠲᠦ ᠳᠡᠯᠭᠡᠭᠦᠷ ᠤᠨ ᠡᠭᠦᠳᠡᠨ ᠳᠤ | ᠬᠦᠷᠬᠦ ᠳᠤ᠂ ᠬᠥᠮᠥᠰ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢᠶᠠᠨ ᠪᠠᠶᠢᠴᠠᠭᠠᠨ ᠰᠢᠯᠭᠠᠭᠤᠯᠵᠤ᠂ ᠪᠡᠶ᠎ᠡ ᠶᠢᠨ | ᠬᠠᠯᠠᠭᠤᠨ ᠢᠶᠠᠨ ᠬᠡᠮᠵᠢᠭᠦᠯᠦᠭᠰᠡᠨ ᠤ ᠳᠠᠷᠠᠭ᠎ᠠ ᠡᠮᠬᠢ ᠵᠢᠷᠤᠮ ᠲᠠᠢ ᠪᠠᠷ ᠳᠡᠯᠭᠡᠭᠦᠷ ᠲᠤ ᠣᠷᠣᠵᠤ ᠪᠠᠶᠢᠯ᠎ᠠ᠃ ᠪᠠᠷᠠᠭᠠᠨ ᠤ | ᠲᠠᠯᠪᠢᠭᠤᠷ ᠳᠡᠭᠡᠷ᠎ᠡ᠂ ᠠᠮᠤ ᠪᠤᠳᠠᠭ᠎ᠠ᠂ ᠲᠣᠰᠣ᠂ ᠮᠢᠬ᠎ᠠ᠂ ᠥᠨᠳᠡᠭᠡ᠂ ᠰᠦ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ | ᠲᠦᠷᠦᠯ ᠵᠦᠢᠯ ᠪᠦᠷᠢᠨ ᠪᠠᠶᠢᠬᠤ ᠪᠥᠭᠡᠳ ᠲᠤᠭ᠎ᠠ ᠬᠡᠮᠵᠢᠶ᠎ᠡ ᠨᠢ ᠭᠦᠢᠴᠡᠳ᠂ ᠦᠨ᠎ᠡ ᠬᠠᠩᠰᠢ ᠨᠢ ᠲᠣᠭᠲᠠᠪᠤᠷᠢᠲᠠᠢ ᠪᠠᠶᠢᠵᠤ | ᠂ ᠠᠵᠢᠯᠲᠠᠳ ᠪᠠᠷᠠᠭᠠᠨ ᠤ ᠲᠠᠯᠪᠢᠭᠤᠷ ᠢ ᠴᠠᠭ ᠲᠤᠬᠠᠢ ᠳᠤᠨᠢ ᠲᠡᠭᠰᠢᠯᠡᠵᠦ᠂ ᠪᠣᠷᠣᠯᠠᠭᠤᠯᠤᠭᠰᠠᠨ ᠪᠠᠶᠢᠳᠠᠯ ᠢ ᠦᠨᠳᠦᠰᠦᠯᠡᠨ | ᠲᠠᠸᠠᠷ ᠢ ᠨᠦᠬᠦᠪᠦᠷᠢᠯᠡᠵᠦ ᠪᠠᠶᠢᠪᠠ᠃ | ᠰᠣᠷᠪᠤᠯᠵᠢᠯᠠᠭ᠎ᠠ᠄ ᠳ᠋ᠧ ᠺᠧ ᠯᠥᠩ ᠴᠠᠭ ᠦᠶ᠎ᠡ ᠶᠢᠨ ᠠᠭᠤᠳᠠᠮ ᠲᠠᠯᠠᠪᠠᠶ ᠶᠢᠨ ᠴᠢᠯᠦᠭᠡᠲᠦ ᠳᠡᠯᠭᠡᠭᠦᠷ ᠤᠨ ᠳᠠᠷᠤᠭ᠎ᠠ | ᠵᠣᠣ ᠱᠦ ᠸᠧᠢ ᠄ ︽ᠮᠠᠨ ᠤ ᠳᠡᠯᠭᠡᠬᠦᠷ ᠨᠢ ᠴᠢᠬᠤᠯᠠ ᠬᠠᠩᠭᠠᠯᠭ᠎ᠠ ᠶᠢᠨ ᠳᠡᠯᠭᠡᠬᠦᠷ ᠪᠤᠯᠤᠭᠰᠠᠨ ᠤ ᠬᠤᠪᠢ ᠳᠤ᠂ | ᠤᠳᠤᠬᠠᠨ ᠳᠤ ᠡᠳ᠋ ᠪᠠᠷᠠᠭᠠᠨ ᠤ ᠬᠠᠩᠭᠠᠯᠭ᠎ᠠ ᠭᠦᠢᠴᠡᠳ᠂ ᠡᠳ᠋ ᠪᠠᠷᠠᠭ᠎ᠠ ᠣᠷᠣᠭᠤᠯᠬᠤ ᠵᠠᠮ ᠱᠤᠭᠤᠮ ᠰᠠᠭᠠᠳ ᠦᠭᠡᠢ | ᠨᠡᠪᠲᠡᠷᠡᠬᠦ ᠶᠢ ᠪᠠᠲᠤᠯᠠᠵᠤ ᠪᠠᠶᠢᠨ᠎ᠠ᠃ ᠦᠨ᠎ᠡ ᠬᠠᠩᠰᠢ ᠴᠤ ᠲᠤᠭᠲᠠᠪᠤᠷᠢᠲᠠᠢ ᠪᠠᠶᠢᠨ᠎ᠠ᠃ ᠦᠷᠭᠡᠨ ᠤᠯᠠᠨ ᠰᠠᠭᠤᠭᠠᠯᠢ | ᠠᠷᠠᠳ ᠰᠠᠨᠠᠭ᠎ᠠ ᠠᠮᠤᠷ ᠪᠠᠶᠢᠵᠤ᠂ ᠬᠡᠷᠡᠭᠴᠡᠭᠡ ᠪᠠᠨ ᠦᠨᠳᠦᠰᠦᠯᠡᠵᠦ ᠬᠤᠳᠠᠯᠳᠤᠨ ᠠᠪᠤᠭᠠᠷᠠᠢ ︾ ᠭᠡᠯᠡ᠃ | ᠬᠢᠵᠢᠭ ᠤᠨ ᠪᠠᠶᠢᠳᠠᠯ ᠳᠣᠣᠷ᠎ᠠ᠂ ᠪᠠᠷᠠᠭᠤᠨ ᠦᠵᠦᠮᠦᠴᠢᠨ ᠬᠤᠰᠢᠭᠤ ᠨᠢ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠢᠳᠡᠰᠢᠨ ᠨᠣᠭᠤᠭ᠎ᠠ᠂ ᠠᠮᠤ ᠲᠣᠰᠣ᠂ ᠵᠢᠮᠢᠰ ᠵᠡᠷᠭᠡ ᠶᠢᠨ ᠬᠠᠩᠭᠠᠯᠭ᠎ᠠ | ᠭᠦᠢᠴᠡᠳ ᠪᠠᠶᠢᠬᠤ ᠶᠢ ᠪᠠᠲᠤᠯᠠᠪᠠ᠃ | ᠣᠶᠢᠯᠠᠭᠠᠭᠰᠠᠨ ᠢᠶᠠᠷ᠂ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠢᠵᠢᠭ ᠢ ᠰᠡᠷᠭᠡᠶᠢᠯᠡᠬᠦ ᠡᠳ᠋ ᠪᠣᠳᠠᠰ ᠪᠠ | ᠬᠠᠮᠢᠶ᠎ᠠ ᠪᠦᠬᠦᠢ ᠠᠮᠢᠳᠤᠷᠠᠯ ᠤᠨ ᠡᠳ᠋ ᠪᠣᠳᠠᠰ ᠤᠨ ᠦᠨ᠎ᠡ ᠬᠠᠩᠰᠢ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠶᠢᠨ ᠲᠥᠯᠥᠭᠡ | ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠨᠢ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠡᠵᠡᠩᠨᠡᠯᠲᠡ ᠶᠢᠨ ᠬᠦᠷᠢᠶ᠎ᠡ ᠴᠠᠷ᠎ᠠ ᠪᠠ | ᠲᠠᠯᠠᠪᠤᠷ ᠭᠠᠵᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠢᠳᠡᠭᠡᠨ ᠤ ᠠᠮᠤᠷ | ᠲᠦᠪᠰᠢᠨ ᠵᠢᠴᠢ ᠬᠢᠵᠢᠭ ᠢ ᠰᠡᠷᠭᠡᠶᠢᠯᠡᠨ ᠡᠵᠡᠮᠳᠡᠬᠦ ᠬᠢᠨᠠᠨ ᠵᠢᠯᠤᠭᠤᠳᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ | ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ | ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ | ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠤᠰᠠᠳᠠ᠂ ᠬᠤᠳᠠᠯᠳᠤᠭᠠᠨ ᠤ ᠲᠠᠯᠠᠪᠤᠷ᠂ ᠴᠢᠯᠦᠭᠡᠲᠦ ᠳᠡᠯᠭᠡᠭᠦᠷ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠮᠵᠢᠶ᠎ᠡ ᠵᠢᠴᠢ | ᠪᠠᠷᠠᠭᠠᠨ ᠤ ᠦᠨ᠎ᠡ ᠶᠢ ᠪᠠᠶᠢᠴᠠᠭᠠᠨ ᠴᠤᠭᠯᠠᠭᠤᠯᠬᠤ ᠪᠠᠷ ᠳᠠᠮᠵᠢᠭᠤᠯᠤᠨ᠂ ᠦᠨ᠎ᠡ ᠬᠠᠩᠰᠢ ᠶᠢᠨ ᠬᠢᠨᠠᠨ ᠬᠡᠮᠵᠢᠯᠲᠡ ᠶᠢᠨ | ᠭᠠᠷᠠᠭ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ ᠠᠮᠤ ᠪᠤᠳᠠᠭ᠎ᠠ ᠲᠣᠰᠣ ᠮᠢᠬ᠎ᠠ ᠥᠨᠳᠡᠭᠡ ᠰᠦ ᠵᠢᠮᠢᠰ | ᠨᠣᠭᠤᠭ᠎ᠠ᠂ ᠠᠮᠠᠪᠴᠢ᠂ ᠠᠷᠢᠭᠤᠳᠬᠠᠬᠤ ᠰᠢᠩᠭᠡᠨ ᠵᠡᠷᠭᠡ 50 ᠵᠦᠢᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ | ᠵᠢᠴᠢ ᠬᠢᠵᠢᠭ ᠢ ᠰᠡᠷᠭᠡᠶᠢᠯᠡᠬᠦ ᠬᠡᠷᠡᠭᠯᠡᠭᠡᠨ ᠤ ᠵᠦᠢᠯ ᠳᠤ ᠦᠨ᠎ᠡ ᠬᠠᠩᠰᠢ ᠶᠢᠨ ᠬᠢᠨᠠᠨ ᠬᠡᠮᠵᠢᠯᠲᠡ ᠬᠢᠪᠡ᠃ ᠡᠭᠦᠨ ᠤ ᠬᠠᠮᠲᠤ | ᠂ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠲᠡᠭᠡᠭᠡᠪᠦᠷᠢᠯᠡᠬᠦ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ | ᠶᠢ ᠪᠠᠲᠤᠯᠠᠵᠤ᠂ ᠪᠠᠷᠠᠭᠠᠨ ᠤ ᠢᠷᠡᠯᠲᠡ ᠶᠢᠨ ᠬᠠᠩᠭᠠᠯᠭ᠎ᠠ ᠭᠦᠢᠴᠡᠳ ᠪᠠᠶᠢᠬᠤ᠂ ᠦᠨ᠎ᠡ ᠬᠠᠩᠰᠢ ᠲᠣᠭᠲᠠᠭᠤᠨ ᠪᠠᠶᠢᠬᠤ ᠶᠢ | ᠪᠠᠲᠤᠯᠠᠭᠰᠠᠨ ᠪᠠᠶᠢᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠡᠯ᠎ᠡ ᠲᠣᠮᠣ ᠬᠡᠯᠪᠡᠷᠢ ᠶᠢᠨ | ᠬᠤᠳᠠᠯᠳᠤᠭᠠᠨ ᠤ ᠴᠢᠯᠦᠭᠡᠲᠦ ᠳᠡᠯᠭᠡᠭᠦᠷ ᠢ ᠲᠠᠶᠢᠴᠢᠯᠠᠨ ᠪᠠᠷᠠᠭ᠎ᠠ ᠨᠦᠬᠦᠪᠦᠷᠢᠯᠡᠬᠦ ᠬᠤᠷᠳᠤᠴᠠ ᠶᠢ ᠨᠢ ᠲᠦᠷᠭᠡᠳᠬᠡᠵᠦ᠂ | ᠪᠠᠷᠠᠭ᠎ᠠ ᠣᠷᠣᠭᠤᠯᠬᠤ ᠬᠡᠮᠵᠢᠶ᠎ᠡ ᠶᠢ ᠵᠣᠬᠢᠰᠲᠠᠢ ᠪᠠᠷ ᠨᠡᠮᠡᠭᠳᠡᠭᠦᠯᠪᠡ᠃ ᠵᠢᠵᠢᠭᠦᠷᠯᠡᠨ ᠰᠠᠬᠢᠬᠤ ᠳᠦᠷᠢᠮ ᠢ ᠲᠣᠬᠢᠷᠠᠭᠤᠯᠵᠤ᠂ | ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠮᠢᠳᠤᠷᠠᠯ ᠤᠨ ᠬᠡᠷᠡᠭᠯᠡᠭᠡᠨ ᠤ ᠵᠦᠢᠯ ᠤᠨ ᠦᠨ᠎ᠡ ᠬᠠᠩᠰᠢ ᠶᠢ ᠢᠯᠡ | ᠬᠠᠳᠠᠬᠤ ᠪᠠ ᠨᠥᠭᠡᠴᠡᠯᠡᠵᠦ ᠪᠠᠶᠢᠭ᠎ᠠ ᠪᠠᠶᠢᠳᠠᠯ ᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠪᠠᠷᠠᠭᠠᠨ ᠤ ᠦᠨ᠎ᠡ ᠶᠢ | ᠥᠰᠬᠡᠬᠦ᠂ ᠬᠤᠷᠢᠶᠠᠨ ᠳᠠᠷᠤᠵᠤ ᠬᠤᠨᠵᠢᠨ ᠵᠠᠪᠰᠢᠬᠤ᠂ ᠦᠨ᠎ᠡ ᠥᠰᠬᠡᠬᠦ ᠮᠡᠳᠡᠭᠡ ᠵᠠᠩᠭᠢ ᠶᠢ ᠲᠠᠷᠬᠠᠭᠠᠬᠤ ᠵᠡᠷᠭᠡ ᠦᠨ᠎ᠡ | ᠬᠠᠩᠰᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ᠂ ᠣᠯᠵᠤ ᠮᠡᠳᠡᠮᠡᠭᠴᠡ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ | ᠰᠠᠨᠠᠭᠤᠯᠤᠮᠵᠢ | ᠠᠳᠡ᠂ ᠥᠷᠭᠡᠨ ᠣᠯᠠᠨ ᠲᠦᠮᠡᠨ ᠢ ᠤᠷᠢᠶᠠᠯᠠᠬᠤ ᠨᠢ᠄ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ | ᠭᠦᠢᠴᠡᠳ ᠮᠥᠷᠲᠡᠭᠡᠨ ᠲᠣᠭᠲᠠᠭᠤᠨ ᠪᠠᠶᠢᠨ᠎ᠠ᠂ ᠣᠯᠠᠨ ᠢᠶᠠᠷ ᠢᠶᠠᠨ ᠬᠡᠷᠡᠭᠯᠡᠭᠡ ᠪᠠᠨ ᠵᠦᠢ ᠵᠣᠬᠢᠰᠲᠠᠢ ᠲᠣᠬᠢᠷᠠᠭᠤᠯᠵᠤ᠂ | ᠬᠡᠷᠡᠭᠯᠡᠬᠦ ᠬᠡᠮᠵᠢᠶ᠎ᠡ ᠪᠠᠷ ᠢᠶᠠᠨ ᠬᠤᠳᠠᠯᠳᠤᠨ ᠠᠪᠬᠤ ᠶᠢ ᠬᠦᠰᠡᠵᠦ ᠪᠠᠶᠢᠨ᠎ᠠ᠂ ᠠᠶᠤᠵᠤ ᠰᠠᠨᠳᠤᠷᠬᠤ ᠪᠤᠶᠤ ᠰᠣᠬᠤᠷ ᠪᠠᠯᠠᠢ ᠪᠠᠷ | ᠳᠠᠭᠠᠵᠤ ᠳᠡᠷᠪᠡᠬᠦ ᠦᠭᠡᠢ ᠪᠠᠶᠢᠭᠠᠷᠠᠢ︕ ᠪᠠᠷᠠᠭᠠᠨ ᠤ ᠦᠨ᠎ᠡ ᠶᠢ ᠥᠰᠬᠡᠬᠦ᠂ ᠬᠤᠷᠢᠶᠠᠨ ᠳᠠᠷᠤᠵᠤ ᠬᠤᠨᠵᠢᠨ ᠵᠠᠪᠰᠢᠬᠤ | ᠵᠡᠷᠭᠡ ᠬᠠᠤᠯᠢ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ 12345᠂ 12315 | ᠢᠯᠡᠴᠢᠯᠡᠨ ᠮᠡᠳᠡᠭᠦᠯᠬᠦ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃ | | |