ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠠᠬᠢ ᠺᠠᠲᠠᠷ ᠴᠠᠭᠳᠠᠭ᠎ᠠ ᠨᠠᠷ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠬᠢᠯᠡᠭᠰᠡᠨ ᠠᠴᠠ ᠨᠠᠰᠢ᠂ ᠪᠠᠷᠠᠭᠤᠨ ᠦᠵᠦᠮᠦᠴᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ 400 ᠭᠠᠷᠤᠶ ᠺᠠᠲᠠᠷ ᠴᠠᠭᠳᠠᠭ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠠᠵᠢᠯ ᠤᠨ ᠹᠷᠣᠨᠲ ᠲᠤ ᠭᠠᠪᠰᠢᠭᠠᠶᠢᠯᠠᠨ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠬᠤᠷᠢᠭᠯᠠᠬᠤ ᠠᠵᠢᠯ ᠳᠤ ᠠᠮᠤᠷ ᠲᠦᠪᠰᠢᠨ ᠤ ᠪᠠᠳᠤᠯᠭ᠎ᠠ ᠬᠠᠨᠭ᠍ᠭᠠᠭᠠᠭᠰᠠᠨ ᠪᠠᠶᠢᠨ᠎ᠠ᠃ | ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠮᠳᠠ ᠂ ᠡᠶᠢᠮᠦ ᠨᠢᠭᠡᠨ ᠮᠡᠳᠡᠭᠡ | ᠵᠠᠩᠭᠢ ᠴᠤᠭᠯᠠᠭᠤᠯᠥᠨ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠦ᠂ ᠮᠡᠳᠡᠭᠡ ᠵᠠᠩᠭᠢ ᠵᠢᠬᠠᠮᠤᠭ ᠤᠨ ᠲᠡᠷᠢᠭᠦᠨ ᠳᠤ | ᠡᠵᠡᠮᠰᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠳᠤ ᠣᠨᠣᠪᠴᠢᠲᠠᠶ ᠪᠥᠭᠡᠳ ᠬᠦᠴᠦᠲᠡᠶ ᠲᠤᠭ᠎ᠠ | ᠪᠠᠷᠢᠮᠳᠠ ᠪᠠᠮᠡᠳᠡᠭᠡ ᠵᠠᠩᠭᠢ ᠶᠢᠨ ᠪᠠᠳᠤᠯᠠᠭ᠎ᠠ ᠬᠠᠨᠭ᠍ᠭᠠᠳᠠᠭ ᠠᠵᠢᠯ ᠤᠨ ᠲᠤᠭᠤᠶᠢᠯᠠᠩ ᠪᠠᠶᠢᠳᠠᠭ᠂ ᠲᠡᠳᠡ ᠪᠤᠯ | ᠲᠠᠷᠤᠢᠬᠦ᠋ᠮᠦᠰ ᠤᠨ ᠤᠶᠢᠷ᠎ᠠ ᠶᠢᠨ ᠬᠤᠭᠤᠴᠠᠭᠠᠨ ᠤ ᠵᠠᠮ ᠮᠦᠷᠲᠡᠯ ᠤᠨ ᠲᠤᠭ᠎ᠠ ᠪᠠᠷᠢᠮᠳᠠ ᠪᠠ ᠮᠡᠳᠡᠭᠡ ᠵᠠᠩᠭᠢ ᠬᠠᠨᠭ᠍ᠭᠠᠳᠠᠭ | ᠠᠵᠢᠯ ᠤᠨ ᠲᠤᠭᠤᠶᠢᠯᠠᠩ ᠪᠤᠯᠥᠨ᠎ᠠ᠃ ᠲᠤᠭᠤᠶᠢᠯᠠᠩ ᠤᠨ ᠭᠡᠰᠢᠭᠦᠨ ᠤ ᠲᠠᠨᠢᠯᠴᠠᠭᠤᠯᠥᠠᠠᠰᠠᠨ ᠪᠠᠷ ᠂ ᠡᠯ᠎ᠡ ᠵᠦᠶᠯ ᠤᠨ | ᠮᠡᠳᠡᠭᠡ ᠵᠠᠩᠭᠢ ᠠᠴᠠ ᠲᠠᠰᠤᠷᠠᠯᠲᠠ ᠥᠬᠡᠶ ᠵᠠᠳᠠᠯᠤᠨ ᠰᠤᠳᠤᠯᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ | ᠲᠦᠭᠰᠢᠭᠦᠷᠢ ᠶᠢᠨ ᠴᠡᠭ ᠢ ᠡᠷᠢᠨ ᠣᠯᠵᠤ᠂ ᠰᠡᠷᠭᠡᠶᠢᠯᠡᠨ ᠡᠵᠡᠮᠳᠡᠬᠦ ᠰᠢᠶᠳᠪᠦᠷᠢᠲᠦ ᠪᠣᠳᠣᠯᠭ᠎ᠠ ᠳᠤ ᠰᠢᠨᠵᠢᠯᠡᠬᠦ ᠤᠬᠠᠭᠠᠨᠴᠢ | ᠪᠥᠭᠡᠳ ᠨᠠᠶᠢᠳᠠᠪᠤᠷᠢᠲᠠᠶ ᠦᠨᠳᠦᠰᠦ ᠪᠠᠷᠢᠮᠲᠠ ᠬᠠᠩᠭᠠᠬᠤ ᠬᠡᠷᠡᠭᠲᠡᠶ᠂ ᠡᠨᠡ ᠠᠵᠢᠯ ᠢ ᠬᠢᠬᠦ ᠳᠤ ᠬᠦᠯᠢᠴᠡᠩᠭᠦᠶ᠂ ᠨᠢᠮᠪᠠᠶ᠂ | ᠬᠠᠷᠢᠭᠤᠴᠠᠯᠭᠠᠲᠤ ᠰᠡᠳᠬᠢᠯᠭᠡ ᠶᠢ ᠰᠢᠯᠭᠠᠵᠤ ᠪᠠᠶᠢᠳᠠᠭ ᠬᠡᠯᠡ᠃ | ᠰᠤᠷᠪᠤᠯᠵᠢᠯᠠᠭ᠎ᠠ᠄ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ | ᠬᠠᠮᠲᠤᠷᠠᠭᠰᠠᠨ ᠪᠠᠶᠢᠯᠳᠤᠭᠠᠨ ᠤ ᠲᠠᠰᠤᠭ ᠤᠨ ᠵᠢᠭᠠᠨ ᠵᠢᠯᠣᠭᠤᠳᠣᠭᠴᠢ ᠯᠢᠦ ᠰᠢᠶᠤᠤ ᠵᠢᠶᠧ: ︽ᠪᠥᠬᠦ ᠬᠤᠰᠢᠭᠤᠨ ᠤ 4 | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠪᠣᠭᠤᠮᠲᠠ ᠳᠡᠭᠡᠷ᠎ᠡ᠂ ᠡᠯ᠎ᠡ ᠰᠤᠮᠤ | ᠪᠠᠯᠭᠠᠰᠤ ᠵᠢᠴᠢ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠡᠷᠡᠭᠦᠯ ᠬᠠᠮᠠᠭᠠᠯᠠᠯ ᠤᠨ ᠰᠢᠰᠲ᠋ᠧᠮ ᠪᠣᠯᠤᠨ ᠵᠠᠮ ᠬᠠᠷᠢᠯᠴᠠᠭ᠎ᠠ | ᠵᠡᠷᠭᠡ ᠰᠠᠯᠠᠭ᠎ᠠ ᠮᠥᠴᠢᠷ ᠤᠨ ᠺᠠᠲᠠᠷᠠᠵᠢᠯᠲᠠᠨ ᠠᠵᠢᠯᠴᠢᠨ ᠵᠢᠴᠢ ᠰᠠᠶᠢᠨ ᠳᠤᠷ᠎ᠠ ᠶᠢᠨ ᠠᠵᠢᠯᠯᠠᠭᠴᠢᠳ ᠨᠢ24 ᠴᠠᠭ ᠲᠤ | ᠡᠭᠡᠯᠵᠢᠯᠡᠨ ᠵᠢᠵᠢᠭᠦᠷᠯᠡᠵᠦ᠂ ᠨᠠᠰᠢ ᠴᠠᠰᠢ ᠶᠠᠪᠤᠬᠤ ᠲᠡᠷᠭᠡ ᠤᠨᠤᠭ᠎ᠠ ᠪᠣᠯᠤᠨ ᠬᠥᠮᠦᠰ ᠲᠤ ᠨᠢᠭᠡ ᠨᠢᠭᠡ ᠪᠠᠷ ᠪᠠᠶᠢᠴᠠᠭᠠᠯᠲᠠ | ᠬᠢᠵᠦ᠂ ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠭᠡᠭᠡᠭᠳᠡᠬᠦᠯᠬᠦ ᠥᠬᠡᠶ ᠪᠠᠶᠢᠬᠤ ᠶᠢ | ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠯᠡᠲᠡ ᠶᠢᠨ ᠱᠤᠭᠤᠮᠵᠢ ᠪᠥᠬᠦ | ᠬᠦᠴᠦᠨ ᠢᠶᠠᠷ ᠢᠶᠠᠨ ᠪᠠᠲᠤ ᠰᠠᠬᠢᠴᠠᠭᠠᠵᠦ ᠪᠤᠢ︾ ᠭᠡᠯᠡ᠃ | ᠰᠤᠷᠪᠤᠯᠵᠢᠯᠠᠭ᠎ᠠ᠄ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ | ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠴᠠᠭᠳᠠᠭ᠎ᠠ ᠠᠭᠤᠳᠠᠮ᠄ ︽ᠨᠡᠶᠢᠭᠡᠮ ᠤᠨ ᠬᠠᠮᠢᠶᠠᠷᠤᠨ ᠡᠵᠡᠮᠳᠡᠬᠦ | ᠳᠤᠭᠤᠶᠢᠯᠠᠩ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠡᠳᠡᠭᠡ ᠵᠠᠩᠭᠢ ᠶᠢ ᠰᠢᠶᠳᠪᠦᠷᠢᠯᠡᠬᠦ | ᠵᠠᠩᠭᠢᠯᠠᠭ᠎ᠠ ᠶᠢᠨ ᠭᠤᠭᠴᠤᠭ᠎ᠠ ᠮᠥᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠡᠮᠭᠢᠳᠭᠡᠨ ᠲᠢᠭᠯᠡᠵᠦ᠂ | ᠪᠦᠷᠢᠯᠳᠦᠬᠦᠨ ᠨᠢᠭᠡᠴᠡ ᠶᠢ ᠵᠢᠯᠣᠭᠤᠳᠤᠨ ᠵᠣᠬᠢᠴᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠵᠢᠴᠢ | ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ | ᠨᠢᠭᠡᠴᠡ ᠶᠢᠨ ᠠᠵᠢᠯ ᠢ ᠥᠷᠨᠢᠭᠦᠯᠬᠦ ᠳᠤ ᠬᠦᠴᠦᠲᠡᠶ ᠭᠠᠷᠳᠠᠴᠠ ᠬᠠᠨᠭ᠍ᠭᠠᠳᠠᠭ᠃ ᠨᠡᠶᠢᠭᠡᠮ ᠤᠨ ᠬᠠᠮᠢᠶᠠᠷᠤᠨ ᠡᠵᠡᠮᠳᠡᠬᠦ | ᠠᠵᠢᠯ ᠤᠨ ᠳᠤᠮᠳᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠺᠠᠲᠠᠷ | ᠴᠠᠭᠳᠠᠭ᠎ᠠ ᠪᠠᠨ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤᠨᠢᠭᠡᠳᠦᠭᠡᠷ ᠹᠷᠣᠨᠲ ᠤᠨ | ᠡᠮᠨᠡᠯᠭᠡ ᠶᠢᠨ ᠠᠵᠢᠯᠲᠠᠨ᠂ ᠨᠡᠶᠢᠭᠡᠮ ᠤᠨ ᠠᠵᠢᠯᠲᠠᠨ ᠢ ᠪᠥᠬᠦ ᠬᠦᠴᠦᠨ ᠢᠶᠠᠷ ᠢᠶᠠᠨ ᠬᠠᠪᠰᠤᠷᠤᠨ ᠡᠷᠦᠬᠡ ᠳᠤ ᠬᠦᠨᠵᠡᠭᠡᠶᠢᠷᠡᠨ | ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢ ᠳᠢᠭᠯᠢᠮ ᠢ ᠬᠠᠮᠠᠭᠠᠯᠠᠬᠤ᠂ | ᠲᠤᠰᠠᠭᠠᠷᠯᠠᠨ ᠬᠠᠮᠢᠶᠠᠷᠤᠨ ᠡᠵᠡᠮᠳᠡᠬᠦ᠂ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠠᠵᠢᠯ ᠢ | ᠦᠷᠨᠢᠭᠦᠯᠳᠡᠭ︾ ᠭᠡᠯᠡ ᠃ | ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠪᠠᠶᠢᠳᠠᠯ ᠤᠨ ᠵᠢᠭᠠᠯᠲᠠ | ᠲᠣᠭᠠᠨ ᠤ ᠲᠥᠪ ᠤᠨ ᠡᠷᠬᠢᠯᠡᠭᠴᠢ ᠴᠢ ᠵᠢᠶᠦ᠋ᠨ ᠶᠠᠩ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠤ | ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ | ᠬᠤᠶᠠᠷ ᠢ ᠰᠠᠭᠠᠲᠠᠭᠠᠬᠤ ᠦᠭᠡᠶ︾ ᠶᠢᠨ ᠲᠦᠯᠦᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠤ᠂ | ᠬᠤᠰᠢᠭᠤ ᠲᠤᠲᠤᠭᠠᠲᠦ ᠢ ᠬᠠᠮᠠᠭᠠᠯᠠᠬᠤ ᠲᠤᠪᠴᠢᠶᠠᠨ ᠤ ᠺᠠᠲᠠᠷ ᠴᠠᠭᠳᠠᠭ᠎ᠠ ᠨᠠᠷ ᠪᠦᠭᠦ ᠬᠦᠴᠦᠨ ᠢᠶᠠᠷ ᠢᠶᠠᠨ ᠴᠢᠯᠥᠭᠡ | ᠭᠤᠶᠤᠬᠤ ᠦᠭᠡᠢ᠂ ᠠᠮᠠᠷᠠᠯᠲᠠ ᠠᠪᠬᠤ ᠦᠭᠡᠢ᠂ ᠴᠢᠯᠥᠭᠡ ᠲᠠᠯᠪᠢᠬᠤ ᠦᠭᠡᠢ ᠪᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ | ᠪᠦᠭᠦ ᠬᠦᠴᠦᠨ ᠢᠶᠠᠷ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠭᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠳᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠭᠰᠠᠨ ᠪᠠᠶᠢᠨ᠎ᠠ︾ ᠭᠡᠯᠡ᠃ |