ᠵᠢᠷ ᠤᠨ ᠭᠤᠣᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠪᠠᠶᠢᠴᠠᠭᠠᠨ | ᠰᠣᠷᠣᠯᠴᠠᠬᠤ ᠠᠵᠢᠯᠯᠠᠭᠠᠨ ᠳᠤ ᠤᠷᠤᠯᠴᠠᠪᠠ | | 11 ᠰᠠᠷ᠎ᠠ ᠶᠢᠨ 17 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠵᠤ᠂ ᠪᠥᠬᠦ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 47 ᠲᠥᠯᠥᠭᠡᠯᠡᠭᠴᠢ ᠰᠤᠷᠤᠯᠴᠠᠯᠭ᠎ᠠ ᠳᠤ ᠣᠷᠣᠯᠴᠠᠵᠠᠢ᠃ | ᠬᠤᠷᠠᠯ ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ | ᠲᠤᠤᠱᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠡᠷᠭᠡ | ᠠᠭᠤᠯᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠱᠠᠭᠠᠷᠳᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ | ᠴᠢᠬᠤᠯᠠ ᠠᠭᠤᠯᠭ᠎ᠠ ᠶᠢ ᠤᠯᠠᠮ ᠴᠢᠨᠠᠭᠰᠢᠲᠠ ᠪᠠᠳᠣᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠡᠶᠢᠭᠡᠮ ᠵᠢᠷᠣᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠢᠲᠡᠭᠡᠯ ᠵᠣᠷᠢᠭ ᠢᠶᠠᠨ ᠴᠢᠩᠭᠠᠳᠬᠠᠵᠤ᠂ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠯᠬᠦᠮᠳᠡᠨ ᠲᠡᠮᠡᠴᠡᠵᠦ᠂ ᠤᠶᠤᠨ ᠤᠬᠠᠭᠠᠨ ᠪᠠ | ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ | ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ︽ᠬᠥᠭᠦᠷᠭᠡ ᠬᠤᠯᠪᠣᠭᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ | ᠤᠯᠠᠨ ᠳᠤ ᠨᠡᠩ ᠰᠠᠶᠢᠨ ᠢᠶᠠᠷ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ | ᠬᠡᠵᠠᠢ᠃ | ᠠᠷᠠᠳ ᠤᠨ ᠲᠥᠯᠥᠭᠡᠯᠡᠭᠴᠢᠳ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠢ | ᠬᠤᠪᠢᠷᠠᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠬᠢᠷᠢ ᠲᠦᠪᠰᠢᠨ ᠢ | ᠳᠡᠭᠡᠭᠰᠢᠯᠡᠭᠦᠯᠵᠦ᠂ 11 ᠰᠠᠷ᠎ᠠ ᠶᠢᠨ 18 ᠤ ᠡᠳᠦᠷ᠂ ᠵᠢᠷ ᠤᠨ ᠭᠤᠣᠯ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠪᠠᠶᠢᠴᠠᠭᠠᠨ ᠰᠤᠷᠤᠯᠴᠠᠬᠤ ᠠᠵᠢᠯᠯᠠᠭ᠎ᠠ | ᠥᠷᠨᠢᠭᠦᠯᠵᠦ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠷᠢᠳ | ᠬᠤᠵᠢᠳ ᠴᠠᠭᠠᠨᠬᠠᠳᠠ ᠶᠢᠨ ᠡᠪᠡᠰᠦᠨ ᠤ ᠦᠢᠯᠡᠰ ᠤᠨ ᠬᠤᠷᠰᠢᠶᠠᠵᠢᠯ ᠤᠨ ᠵᠢᠭᠠᠰᠣᠲᠠᠢ ᠭᠠᠴᠠᠭᠠᠨ ᠤ ᠮᠠᠯᠴᠢᠨ | ᠰᠠᠶᠢᠨ᠎ᠠ ᠶᠢᠨ ᠬᠢᠨ ᠪᠣᠯᠣᠨ ᠪᠠᠶ᠋ᠬᠠᠭᠤᠯᠠ ᠭᠠᠴᠠᠭᠠᠨ ᠤ ᠮᠠᠯᠴᠢᠨ ᠣᠶᠣᠨᠳᠠᠯᠠᠢ ᠶᠢᠨ ᠬᠢᠨ ᠳᠤ ᠲᠤᠭᠤᠷᠢᠨ | ᠰᠤᠷᠤᠯᠴᠠᠪᠠ᠃ | ᠮᠠᠯᠵᠢᠬᠤ ᠡᠷᠦᠬᠡ ᠳᠤ ᠬᠦᠨᠵᠡᠭᠡᠶᠢᠷᠡᠨ᠂ ᠡᠯ᠎ᠡ ᠭᠠᠴᠠᠭᠠᠨ ᠤ ᠠᠷᠠᠳ ᠤᠨ ᠲᠦᠯᠦᠭᠡᠯᠡᠭᠴᠢ ᠮᠠᠯᠵᠢᠬᠤ | ᠡᠷᠦᠬᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ᠂ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ | ᠬᠤᠪᠢᠷᠠᠭᠤᠯᠤᠭᠰᠠᠨ ᠵᠢᠴᠢ ᠠᠵᠤ ᠠᠬᠤᠢ ᠶᠢᠨ ᠦᠷ᠎ᠡ ᠠᠰᠢᠭ ᠤᠨ ᠪᠠᠶᠢᠳᠠᠯ ᠢ ᠨᠠᠷᠢᠨ ᠣᠶᠢᠯᠠᠭᠠᠪᠠ᠃ | ᠰᠤᠷᠤᠯᠴᠠᠯᠭ᠎ᠠ ᠶᠢᠨ ᠲᠠᠷᠠᠭ᠎ᠠ᠂ ᠲᠦᠯᠦᠭᠡᠯᠡᠭᠴᠢᠳ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ | ᠮᠥᠨ᠂ ᠪᠢᠳᠡ ᠠᠵᠢᠯ ᠠᠮᠢᠳᠤᠷᠠᠯ ᠤᠨ ᠳᠤᠮᠳᠠ ᠪᠠᠨ ᠨᠠᠮ ᠪᠠ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠯᠡᠭᠦᠬᠡᠨ ᠰᠤᠷᠤᠯᠴᠠᠵᠤ᠂ ᠢᠯᠡᠭᠦᠬᠡᠨ ᠤᠬᠠᠭᠤᠯᠵᠤ᠂ ᠢᠯᠡᠭᠦᠬᠡᠨ | ᠠᠬᠢᠭᠤᠯᠤᠨ᠂ ᠮᠠᠨ ᠤ ᠪᠠᠯᠭᠠᠰᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ | ᠬᠤᠷᠠᠮᠳᠤᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠢᠯᠡᠭᠦᠬᠡᠨ ᠤᠬᠠᠭᠤᠯᠵᠤ᠂ ᠠᠷᠠᠳ ᠤᠨ | ᠰᠠᠨᠠᠭ᠎ᠠ ᠶᠢ ᠭᠦᠢᠴᠡᠳ ᠣᠶᠢᠯᠠᠭᠠᠨ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠬᠦᠢᠴᠡᠳ ᠪᠠᠳᠠᠷᠠᠭᠤᠯᠤᠨ᠎ᠠ ᠭᠡᠵᠡᠭᠡᠵᠠᠢ᠃ | |