2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ | ᠡᠯᠰᠡᠨ ᠴᠤᠭᠯᠠᠭᠤᠯᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠵᠠᠷᠯᠠᠯ | 5 ᠳ᠋ᠤᠭᠠᠷ ᠲᠤᠭᠠᠲᠦ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠰᠡᠳᠬᠢᠴᠡ ᠶᠢ ᠭᠦᠨᠵᠡᠭᠡᠶ ᠦᠢᠯᠡᠳᠦᠯᠭᠡᠵᠢᠬᠦᠯᠦᠨ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠢᠢᠳᠪᠦᠷᠢᠳᠤ ᠪᠣᠳᠣᠯᠭ᠎ᠠ ᠶᠢᠨ ᠠᠷᠠᠳᠴᠢᠯᠠᠭᠰᠠᠨ᠂ ᠰᠢᠨᠵᠢᠯᠡᠬᠦ | ᠤᠬᠠᠭᠠᠨᠴᠢᠯᠠᠭᠰᠠᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠣᠯᠠᠨ ᠲᠦᠮᠡᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠤᠷᠤᠯᠴᠠᠬᠤ ᠬᠡᠪᠴᠢᠶ᠎ᠡ ᠶᠢ ᠦᠷᠭᠡᠳᠬᠡᠨ᠂ ᠠᠷᠠᠳ ᠣᠯᠠᠨ ᠤ | ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠣᠯᠠᠨ ᠲᠦᠮᠡᠨ ᠳᠤ ᠪᠣᠳᠠᠲᠤ ᠠᠵᠢᠯ ᠬᠢᠬᠦ᠂ ᠠᠰᠢᠭ ᠲᠤᠰᠠ ᠣᠯᠭᠤᠬᠤ ᠶᠢᠨ ᠲᠤᠰᠠᠳᠠ᠂ ᠪᠠᠷᠠᠭᠤᠨ | ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠤᠨ | ᠲᠥᠯᠥᠭᠡᠯᠡᠭᠴᠢ ᠠᠴᠠ ᠪᠢᠯᠧᠲ ᠥᠭᠴᠦ ᠲᠤᠭᠲᠠᠭᠠᠬᠤ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠨᠢ ᠨᠡᠶᠢᠭᠡᠮ ᠨᠡᠶᠢᠲᠡ ᠠᠴᠠ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠤᠨ | ᠰᠠᠨᠠᠭᠤᠯᠭ᠎ᠠ ᠶᠢ ᠡᠯᠰᠡᠨ ᠴᠤᠭᠯᠠᠭᠤᠯᠬᠤ ᠪᠠᠷ ᠪᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠵᠠᠷᠯᠠᠶ᠎ᠠ᠄ | ᠨᠢᠭᠡ᠂ ᠡᠯᠰᠡᠨ ᠴᠤᠭᠯᠠᠭᠤᠯᠬᠤ ᠴᠠᠭ | ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ | ᠃ | ᠬᠤᠶᠠᠷ᠂ ᠡᠯᠰᠡᠨ ᠴᠤᠭᠯᠠᠭᠤᠯᠬᠤ ᠠᠷᠭ᠎ᠠ ᠵᠠᠮ ᠪᠠ ᠬᠦᠷᠢᠶ᠎ᠡ ᠬᠡᠪᠴᠢᠶ᠎ᠡ | ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠰᠦᠯᠵᠢᠶ᠎ᠡ᠂ ᠪᠠᠷᠠᠭᠤᠨ ᠦᠵᠦᠮᠦᠴᠢᠨ ᠸᠢᠴᠠᠲ ᠤᠨ ᠲᠠᠪᠴᠠᠩ᠂ ᠲᠧᠯᠸᠢᠰ ᠵᠡᠷᠭᠡ ᠣᠯᠠᠨ ᠵᠦᠢᠯ ᠤᠨ | ᠠᠷᠭ᠎ᠠ ᠵᠠᠮ ᠢᠶᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠠᠴᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ᠎ᠠ᠃ | ︵ᠬᠤᠶᠠᠷ︶ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠪᠠ ︽ᠨᠠᠮ ᠤᠨ ᠳᠦᠯᠦᠭᠡᠯᠡᠭᠴᠢ᠂ | ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠨ︾ ᠠᠴᠠ ᠰᠠᠨᠠᠭᠤᠯᠭ᠎ᠠ ᠡᠯᠰᠡᠨ | ᠴᠤᠭᠯᠠᠭᠤᠯᠤᠨ᠎ᠠ᠃ ᠡᠯ᠎ᠡ ᠰᠤᠮᠤ ᠪᠠᠯᠭᠠᠰᠤ ᠨᠢ ᠶᠠᠷᠢᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠰᠤᠷᠪᠤᠯᠵᠢᠯᠠᠬᠤ ᠵᠡᠷᠭᠡ | ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠴᠠᠭ᠎ᠠ᠂ ᠨᠡᠶᠢᠭᠡᠮ ᠲᠣᠭᠤᠷᠢᠭ ᠵᠢᠴᠢ ︽ᠨᠠᠮ ᠤᠨ | ᠳᠦᠯᠦᠭᠡᠯᠡᠭᠴᠢ᠂ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠨ︾ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠬᠡᠷᠡᠭᠲᠡᠶ᠃ ᠬᠤᠰᠢᠭᠤ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠨᠢ ᠲᠣᠰ ᠰᠠᠯᠠᠭ᠎ᠠ | ᠮᠥᠴᠢᠷ᠂ ᠲᠣᠰ ᠠᠵᠢᠯ ᠲᠥᠷᠥᠯ ᠳᠤ ᠪᠠᠨ ᠰᠠᠭᠤᠷᠢᠯᠠᠵᠦ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠠᠵᠢᠯ ᠲᠥᠷᠥᠯ ᠤᠨ ᠬᠦᠷᠢᠶ᠎ᠡ ᠬᠡᠪᠴᠢᠶ᠎ᠡ ᠪᠤᠶᠤ ᠪᠤᠰᠤᠳ ᠬᠦᠷᠢᠶ᠎ᠡ ᠴᠠᠷᠠᠭ᠎ᠠ ᠶᠢᠨ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ | ᠬᠡᠷᠡᠭᠲᠡᠶ᠃ | ᠭᠤᠷᠪᠠ᠂ ᠡᠯᠰᠡᠨ ᠴᠤᠭᠯᠠᠭᠤᠯᠬᠤ ᠭᠤᠤᠯ ᠠᠭᠤᠯᠭ᠎ᠠ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠦᠨᠳᠦᠰᠦᠯᠡᠵᠦ᠂ ︽ᠠᠷᠠᠳ ᠤᠨ ᠰᠠᠨᠠᠭ᠎ᠠ ᠶᠢ ᠬᠦᠨᠳᠦᠳᠬᠡᠵᠦ᠂ ᠠᠷᠠᠳ ᠤᠨ ᠠᠮᠢᠳᠤᠷᠠᠯ ᠢ ᠲᠤᠪᠤᠶᠢᠯᠭᠠᠨ᠂ ᠨᠡᠶᠢᠲᠡ ᠶᠢᠨ | ᠠᠰᠠᠷᠠᠮᠵᠢ ᠶᠢ ᠠᠳᠠᠯᠢ ᠲᠡᠭᠰᠢ ᠪᠠᠶᠢᠯᠭᠠᠵᠤ᠂ ᠲᠦᠭᠡᠮᠡᠯ ᠬᠠᠷᠠᠭᠠᠯᠵᠠᠯ ᠢ ᠬᠠᠮᠲᠤ ᠪᠠᠷ ᠡᠳ᠋ᠯᠡᠨ᠂ ᠴᠢᠳᠠᠯ ᠤᠨ ᠢᠶᠠᠨ | ᠬᠢᠷᠢ ᠪᠠᠷ ᠢᠶᠠᠨ ᠴᠢᠷᠮᠠᠶᠢᠨ ᠬᠢᠬᠦ︾ ᠵᠠᠷᠴᠢᠮ ᠢ ᠪᠠᠷᠢᠮᠲᠠᠯᠠᠨ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ | ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠪᠠᠷ ᠭᠤᠤᠯᠳᠠᠯᠭ᠎ᠠ ᠪᠣᠯᠭᠠᠵᠤ᠂ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠲᠠᠢ ᠨᠢᠭᠲᠠ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠤᠨ ᠲᠥᠷᠥᠯ | ᠵᠦᠢᠯ ᠢ ᠲᠣᠬᠢᠷᠠᠭᠤᠯᠤᠨ᠎ᠠ᠃ ᠭᠤᠤᠯᠳᠠᠭᠤ᠄ ᠠᠵᠢᠯ ᠣᠯᠭᠤᠬᠤ ᠪᠤᠯᠪᠠᠰᠤᠷᠠᠯ᠂ ᠰᠤᠷᠭᠠᠨ ᠬᠥᠮᠦᠵᠢᠯ ᠤᠨ ᠦᠢᠯᠡᠰ᠂ ᠡᠮ | ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠴᠡᠭᠴᠡᠯᠡᠯᠳᠡ᠂ ᠣᠷᠣᠨ ᠰᠠᠭᠤᠴᠠ ᠶᠢᠨ | ᠪᠠᠳᠤᠯᠠᠭ᠎ᠠ᠂ ᠵᠠᠮ ᠬᠠᠷᠢᠯᠴᠠᠭ᠎ᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠠᠰᠤᠳᠠᠶᠢᠴᠤᠳ ᠤᠨ ᠠᠰᠠᠷᠠᠮᠵᠢ ᠶᠢᠨ | ᠦᠢᠯᠡᠴᠢᠯᠡᠭᠡ᠂ ᠠᠮᠤᠷ ᠲᠦᠪᠰᠢᠨ ᠤ ᠪᠠᠳᠤᠯᠠᠭ᠎ᠠ᠂ ᠬᠤᠲᠠ ᠶᠢᠨ ᠬᠠᠮᠢᠶᠠᠷᠤᠯᠲᠠ᠂ ᠮᠠᠯᠵᠢᠬᠤ ᠣᠷᠣᠨ ᠢ ᠬᠥᠭᠵᠢᠭᠦᠯᠦᠨ | ᠮᠠᠨᠳᠤᠭᠤᠯᠬᠤ᠂ ᠠᠮᠢ ᠠᠬᠤᠶ ᠶᠢ ᠬᠠᠮᠠᠭᠠᠯᠠᠬᠤ ᠵᠡᠷᠭᠡ ᠲᠠᠯ᠎ᠠ ᠪᠠᠭᠲᠠᠨ᠎ᠠ᠃ | ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ | ︵ᠨᠢᠭᠡ︶ ᠲᠥᠷᠥᠯ ᠵᠦᠢᠯ ᠨᠢ ᠠᠵᠢᠯᠯᠠᠭᠠᠲᠤ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠰᠠᠨᠠᠭᠤᠯᠭ᠎ᠠ ᠶᠢᠨ ᠵᠦᠢᠯ ᠳᠤ | ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠭᠤᠯᠭ᠎ᠠ᠂ ᠭᠡᠷᠡᠭᠵᠢᠭᠦᠯᠬᠦ ᠭᠤᠣᠯ ᠴᠣᠭᠴᠠ᠂ ᠪᠡᠯᠡ | ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠪᠡᠯᠡ ᠮᠥᠩᠭᠦ ᠶᠢᠨ ᠢᠷᠡᠯᠲᠡ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ | ᠪᠠᠭᠲᠠᠨ᠎ᠠ᠃ | ︵ᠬᠤᠶᠠᠷ︶ ᠲᠥᠷᠥᠯ ᠵᠦᠢᠯ ᠨᠢ ᠲᠥᠯᠥᠭᠡᠯᠡᠬᠦ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠲᠥᠷᠥᠯ ᠵᠦᠢᠯ ᠤᠨ | ᠪᠠᠶᠢᠷᠢᠯᠠᠭᠤᠯᠤᠯᠳᠠ ᠶᠢᠨ ᠲᠠᠯ᠎ᠠ ᠳᠤ ᠲᠥᠯᠥᠭᠡᠯᠡᠬᠦ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ ᠪᠠᠶᠢᠬᠤ ᠵᠢᠴᠢ | ᠤᠨᠴᠠᠯᠢᠭ ᠤᠨ ᠲᠠᠯ᠎ᠠ ᠳᠤ ᠬᠠᠮᠤᠷᠬᠤ ᠬᠡᠪᠴᠢᠶ᠎ᠡ ᠪᠠ ᠠᠰᠢᠭ ᠬᠥᠷᠲᠡᠭᠡᠬᠦ ᠬᠡᠪᠴᠢᠶ᠎ᠡ ᠪᠠᠷ ᠥᠷᠭᠡᠨ ᠪᠠᠶᠢᠬᠤ ᠬᠡᠷᠡᠭᠲᠡᠶ᠃ | ︵ᠭᠤᠷᠪᠠ︶ ᠲᠥᠷᠥᠯ ᠵᠦᠢᠯ ᠨᠢ ᠬᠡᠷᠡᠭᠵᠢᠬᠦᠯᠬᠦ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠪᠡᠯᠡ ᠮᠥᠩᠭᠦ ᠶᠢ | ᠲᠣᠬᠢᠷᠠᠭᠤᠯᠬᠤ ᠲᠠᠯ᠎ᠠ ᠪᠠᠷ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠠᠶᠢᠵᠤ᠂ ᠮᠠᠨ ᠤ ᠬᠤᠰᠢᠭᠤᠨ ᠤ ᠪᠤᠳᠠᠲᠤ ᠪᠠᠶᠢᠳᠠᠯ ᠢ | ᠭᠦᠢᠴᠡᠳ ᠪᠤᠳᠤᠯᠬᠢᠯᠠᠭᠰᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠰᠠᠶᠢᠨ | ᠶᠠᠪᠤᠳᠠᠯ ᠬᠢᠵᠦ᠂ ᠪᠣᠳᠠᠲᠤ ᠶᠠᠪᠤᠳᠠᠯ ᠬᠢᠬᠦ ᠬᠡᠷᠡᠭᠲᠡᠢ᠃ | ︵ᠳᠥᠷᠪᠡ︶ ᠲᠥᠷᠥᠯ ᠵᠦᠢᠯ ᠨᠢ ᠡᠵᠡᠮᠳᠡᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠪᠦᠲᠦᠭᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠡᠵᠡᠮᠳᠡᠵᠦ ᠪᠤᠯᠬᠤᠶᠢᠴᠠ ᠴᠢᠨᠠᠷ ᠲᠠᠢ ᠪᠠᠶᠢᠵᠤ᠂ ᠡᠩ ᠤᠨ | ᠪᠠᠶᠢᠳᠠᠯ ᠳᠤ ᠲᠤᠰ ᠵᠢᠯ ᠳᠡᠭᠡᠨ ᠭᠦᠢᠴᠡᠳᠬᠡᠵᠦ ᠴᠢᠳᠠᠬᠤ ᠪᠤᠶᠤ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠤ ᠴᠢᠳᠠᠬᠤ | ᠬᠡᠷᠡᠭᠲᠡᠢ᠃ | ᠲᠠᠪᠤ᠂ ᠬᠦᠰᠦᠨᠦᠭᠲᠦ ᠲᠠᠭᠯᠠᠬᠤ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ | ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠬᠤ ᠲᠥᠷᠥᠯ ᠵᠦᠢᠯ᠃ ᠰᠠᠨᠠᠭᠤᠯᠭ᠎ᠠ ᠶᠢᠨ ᠲᠥᠷᠥᠯ ᠵᠦᠢᠯ ᠢ ︽ᠪᠠᠷᠠᠭᠤᠨ | ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ | ᠡᠯᠰᠡᠨ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ᠂ ᠳᠦᠷᠢᠮᠵᠢᠯ ᠲᠠᠢ ᠲᠠᠭᠯᠠᠭᠠᠳ ︵ᠨᠠᠷᠢᠨ | ᠪᠠᠶᠢᠳᠠᠯ ᠢ ᠳᠠᠭᠠᠯᠳᠤᠭᠤᠯᠤᠯ ᠬᠦᠰᠦᠨᠦᠭᠲᠦ ᠠᠴᠠ ᠦᠵᠡᠭᠡᠷᠡᠢ︶᠂ ᠪᠢᠴᠢᠭ ᠤᠨ ᠬᠡᠯᠪᠡᠷᠢ ᠪᠠᠷ ᠪᠠᠷᠠᠭᠤᠨ ᠦᠵᠦᠮᠦᠴᠢᠨ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠬᠦᠯᠬᠦ ᠬᠡᠷᠡᠭᠲᠡᠶ᠃ | ︵ᠬᠤᠶᠠᠷ︶ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠨᠢᠭᠡᠴᠡ ᠪᠣᠯᠤᠨ ︽ᠨᠠᠮ ᠤᠨ ᠲᠥᠯᠥᠭᠡᠯᠡᠭᠴᠢ᠂ | ᠠᠷᠠᠳ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ︾ ᠠᠴᠠ ᠡᠯᠰᠡᠨ ᠴᠤᠭᠯᠠᠭᠤᠯᠬᠤ ᠲᠥᠷᠥᠯ | ᠵᠦᠢᠯ᠃ ᠡᠯ᠎ᠡ ᠰᠤᠮᠤ ᠪᠠᠯᠭᠠᠰᠤ᠂ ᠬᠤᠰᠢᠭᠤ ᠬᠠᠷᠢᠶ᠎ᠠ ᠪᠠᠶᠢᠭᠤᠯᠭ᠎ᠠ ᠨᠢᠭᠡᠴᠡ ᠠᠴᠠ ᠬᠠᠷᠢᠭᠤᠴᠠᠨ ᠡᠯᠰᠡᠬᠦ ᠲᠥᠷᠥᠯ | ᠵᠦᠢᠯ ᠤᠨ ᠰᠠᠨᠠᠯ ᠢ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠬᠠᠷᠢᠶ᠎ᠠ | ᠨᠢᠭᠡᠴᠡ ᠶᠢᠨ ᠭᠤᠤᠯ ᠬᠠᠷᠢᠭᠤᠴᠠᠯᠭᠠᠲᠠᠨ ᠠᠴᠠ ᠬᠠᠮᠢᠶ᠎ᠠ ᠪᠥᠬᠦᠶ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ | ᠨᠠᠷᠢᠨ ᠬᠢᠨᠠᠮᠠᠭᠠᠶ ᠰᠤᠳᠤᠯᠤᠨ ᠬᠢᠨᠠᠨ ᠬᠠᠷᠭᠤᠭᠤᠯᠬᠤ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ᠂ | ᠠᠯᠪᠠᠨ ᠪᠢᠴᠢᠭ ᠮᠠᠲ᠋ᠧᠷᠢᠶᠠᠯ ᠤᠨ ᠬᠡᠯᠪᠡᠷᠢ ᠢᠶᠠᠷ ︵︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢ ᠳᠠᠭᠠᠯᠳᠤᠭᠤᠯᠤᠨ᠎ᠠ | ) ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠬᠦ ᠶᠢᠨ ᠬᠠᠮᠲᠤ ᠡᠯᠧᠺᠲᠷᠣᠨ | ᠬᠡᠪᠯᠡᠯ ᠢ ᠢᠮᠧᠯ ᠳᠤ ᠶᠠᠪᠤᠭᠤᠯᠤᠨ᠎ᠠ᠃ ᠰᠠᠨᠠᠭᠤᠯᠭ᠎ᠠ ᠶᠢᠨ ᠲᠥᠷᠥᠯ ᠵᠦᠢᠯ ᠢ ︽ᠪᠠᠷᠠᠭᠤᠨ ᠦᠵᠦᠮᠦᠴᠢᠨ ᠬᠤᠰᠢᠭᠤᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ | ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠳᠦᠷᠢᠮᠵᠢᠯ ᠲᠠᠢ ᠲᠠᠭᠯᠠᠨ ᠮᠡᠳᠡᠭᠦᠯᠬᠦ ᠬᠡᠷᠡᠭᠲᠡᠶ᠃ | ᠬᠠᠷᠢᠯᠴᠠᠬᠤ ᠠᠷᠭ᠎ᠠ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ 212 ᠠᠯᠪᠠᠨ | ᠭᠡᠷ | ᠬᠠᠷᠢᠯᠴᠠᠬᠤ ᠤᠳᠠᠰᠤ᠄ 3526634 | ᠢᠮᠧᠯ᠄ xwqsatu@163.com | ᠳᠠᠭᠠᠯᠳᠤᠭᠤᠯᠤᠯ᠄ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ | | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2022 ᠣᠨ ᠤ 11 ᠰᠠᠷ᠎ᠠ ᠶᠢᠨ 18 ᠤ ᠡᠳᠦᠷ | | | |