2025 ᠣᠨ ᠪᠣᠯᠬᠤ ᠳᠤ 80% ᠳᠤ ᠬᠦᠷᠭᠡᠨ᠎ᠡ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ | ᠲᠢᠩᠬᠢᠮ ᠤᠨ ᠲᠦᠷᠦᠭᠦᠬᠡᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠮᠠᠨ ᠤ ᠣᠷᠣᠨ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠪᠣᠬᠢᠷᠳᠤᠯ ᠦᠭᠡᠢ ᠵᠠᠮ ᠬᠠᠷᠢᠯᠴᠠᠭ᠎ᠠ ᠵᠥᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠶᠢᠨ | ᠲᠥᠯᠥᠭᠡ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ᠂ ᠪᠣᠳᠠᠰ ᠤᠨ ᠭᠦᠢᠯᠭᠡᠭᠡ ᠵᠡᠷᠭᠡ | ᠣᠯᠠᠨ ᠨᠡᠶᠢᠲᠡ ᠶᠢᠨ ᠦᠢᠯᠡᠴᠢᠯᠡᠭᠡᠨ ᠤ ᠲᠡᠷᠭᠡ ᠬᠥᠰᠬᠡ ᠳᠤ ᠰᠢᠨ᠎ᠡ ᠡᠨᠧᠷᠭᠢ ᠵᠢᠴᠢ ᠴᠡᠪᠡᠷ ᠡᠨᠧᠷᠭᠢ | ᠬᠡᠷᠡᠭᠯᠡᠬᠦ ᠶᠢ ᠠᠬᠢᠭᠤᠯᠵᠤ᠂ 2025 ᠣᠨ ᠪᠣᠯᠬᠤ ᠳᠤ ᠪᠥᠬᠦ ᠣᠷᠣᠨ ᠤ ᠰᠢᠨ᠎ᠡ ᠡᠨᠧᠷᠭᠢ ᠵᠢᠴᠢ ᠴᠡᠪᠡᠷ | ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80% ᠳᠤ ᠬᠦᠷᠭᠡᠬᠦ ᠪᠠᠷ ᠪᠣᠢ᠃ ᠡᠭᠦᠨ ᠤ ᠬᠠᠮᠲᠤ | ᠂ ᠴᠠᠬᠢᠯᠭᠠᠨ ᠬᠦᠴᠦ᠂ ᠤᠰᠤᠲᠥ᠋ᠷᠥᠭᠴᠢ ᠲᠦᠯᠡᠰᠢ ᠶᠢᠨ ᠲᠡᠷᠭᠡ ᠬᠥᠰᠬᠡ ᠪᠠᠷ ᠰᠢᠲᠠᠭᠠᠯᠭ᠎ᠠ ᠶᠢᠨ ᠲᠣᠰᠣᠨ ᠤ ᠲᠡᠷᠭᠡ | ᠬᠥᠰᠬᠡ ᠶᠢ ᠣᠷᠣᠯᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠤᠷᠳᠤᠨ ᠤ ᠵᠠᠮ ᠤᠨ ᠦᠢᠯᠡᠴᠢᠯᠡᠭᠡᠨ ᠤ | ᠲᠣᠭᠤᠷᠢᠭ᠂ ᠠᠶᠠᠨᠴᠢᠳ ᠪᠠ ᠪᠠᠷᠠᠭᠠᠨ ᠤ ᠵᠥᠭᠡᠭᠡᠪᠦᠷᠢ ᠵᠡᠷᠭᠡ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ | ᠴᠠᠬᠢᠯᠭᠠᠨ ᠴᠡᠨᠡᠭᠯᠡᠬᠦ ᠪᠠᠭᠠᠨ᠎ᠠ᠂ ᠴᠠᠬᠢᠯᠭᠠᠨ ᠰᠣᠯᠢᠬᠤ ᠥᠷᠲᠡᠭᠡ᠂ ᠰᠢᠲᠠᠮᠠᠬᠠᠢ ᠬᠡᠢ ᠨᠡᠮᠡᠬᠦ ᠥᠷᠲᠡᠭᠡ᠂ | ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢᠨ ᠲᠥᠯᠦᠪᠵᠢᠭᠦᠯᠭᠡ | ᠵᠢᠴᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠠᠷ ᠪᠣᠢ᠃ | | |