O ᠬᠡᠯᠪᠡᠷᠢ ᠶᠢᠨ ᠴᠢᠰᠤ ᠶᠢ ᠪᠤᠷᠤᠭᠤ ᠶᠡᠭᠦᠯᠡᠪᠡᠯ ᠮᠠᠰᠢ ᠠᠶᠤᠯ ᠲᠠᠢ︕ | ᠮᠠᠰᠢ ᠣᠯᠠᠨ ᠬᠥᠮᠥᠨ ᠤ ᠦᠵᠡᠬᠦ ᠪᠠᠷ᠂ ᠴᠢᠰᠤᠨ ᠤ ᠬᠡᠯᠪᠡᠷᠢ ᠶᠢ ᠭᠤᠣᠯᠳᠠᠭᠤ A ᠬᠡᠯᠪᠡᠷᠢ᠂ B ᠬᠡᠯᠪᠡᠷᠢ᠂ AB | ᠬᠡᠯᠪᠡᠷᠢ᠂ O ᠬᠡᠯᠪᠡᠷᠢ ᠭᠡᠵᠦ 4 ᠲᠥᠷᠥᠯ ᠳᠤ ᠬᠤᠪᠢᠶᠠᠨ᠎ᠠ᠃ ᠡᠭᠦᠨ ᠳᠤ AB ᠬᠡᠯᠪᠡᠷᠢ ᠶᠢᠨ ᠬᠥᠮᠥᠨ ᠶᠠᠮᠠᠷ ᠴᠤ | ᠬᠡᠯᠪᠡᠷᠢ ᠶᠢᠨ ᠴᠢᠰᠤ ᠶᠡᠭᠦᠯᠡᠬᠦ ᠶᠢ ᠭᠥᠯᠢᠶᠡᠨ ᠠᠪᠴᠤ ᠪᠣᠯᠣᠨ᠎ᠠ᠂ ᠬᠠᠷᠢᠨ O ᠬᠡᠯᠪᠡᠷᠢ ᠶᠢᠨ ᠴᠢᠰᠤ ᠨᠢ ᠶᠠᠮᠠᠷ ᠴᠤ | ᠬᠥᠮᠥᠨ ᠳᠤ ᠶᠡᠭᠦᠯᠡᠨ ᠥᠭᠴᠦ ᠪᠣᠯᠣᠨ᠎ᠠ ᠭᠡᠳᠡᠭ᠃ ᠭᠡᠪᠡᠴᠦ ᠡᠶᠢᠮᠦ ᠪᠤᠳᠤᠯ ᠪᠣᠯ ᠨᠡᠯᠢᠶᠡᠳ ᠥᠷᠥᠭᠡᠰᠦᠭᠡᠯ ᠶᠤᠮ᠃ | | ᠬᠡᠪ ᠤᠨ ᠪᠠᠶᠢᠳᠠᠯ ᠳᠣᠣᠷ᠎ᠠ᠂ A ᠬᠡᠯᠪᠡᠷᠢ ᠶᠢᠨ ᠴᠢᠰᠤ ᠲᠠᠢ ᠬᠥᠮᠥᠨ ᠳᠤ A ᠬᠡᠯᠪᠡᠷᠢ ᠶᠢᠨ ᠴᠢᠰᠤ ᠶᠡᠭᠦᠯᠡᠨ᠎ᠡ᠂ | B ᠬᠡᠯᠪᠡᠷᠢ ᠶᠢᠨ ᠴᠢᠰᠤ ᠲᠠᠢ ᠬᠥᠮᠥᠨ ᠳᠤ B ᠬᠡᠯᠪᠡᠷᠢ ᠶᠢᠨ ᠴᠢᠰᠤ ᠶᠡᠭᠦᠯᠡᠨ᠎ᠡ᠃ ᠬᠡᠷᠪᠡ ᠪᠤᠰᠤᠳ ᠲᠥᠷᠥᠯ ᠤᠨ | ᠴᠢᠰᠤ ᠶᠢ ᠶᠡᠭᠦᠯᠡᠪᠡᠯ ᠴᠢᠰᠤᠨ ᠳᠤ ᠤᠷᠪᠠᠯ ᠡᠭᠦᠰᠦᠨ᠎ᠡ᠃ ᠶᠠᠮᠠᠷ ᠴᠢᠰᠤᠨ ᠬᠡᠯᠪᠡᠷᠢ ᠪᠣᠯᠤᠭᠰᠠᠨ ᠴᠤ ᠪᠦᠷ ᠴᠢᠰᠤ | ᠶᠡᠭᠦᠯᠡᠬᠦ ᠠᠴᠠ ᠡᠮᠦᠨ᠎ᠡ ABO ᠪᠠ Rh ᠴᠢᠰᠤᠨ ᠬᠡᠯᠪᠡᠷᠢ ᠶᠢ ᠰᠣᠯᠪᠢᠴᠠᠨ ᠰᠢᠯᠭᠠᠯᠲᠠ ᠬᠢᠨ᠎ᠡ᠂ ᠬᠡᠷᠪᠡ ᠴᠢᠰᠤᠨ | ᠬᠡᠯᠪᠡᠷᠢ ᠶᠢ ᠪᠤᠷᠤᠭᠤ ᠶᠡᠭᠦᠯᠡᠪᠡᠯ᠂ ᠳᠠᠭᠠᠷᠠᠳᠠᠰᠤ ᠬᠦᠷᠬᠦ᠂ ᠶᠡᠭᠡ ᠬᠠᠯᠠᠭᠤᠷᠠᠬᠤ᠂ ᠳᠤᠷ᠎ᠠ ᠪᠣᠯᠭᠢᠬᠤ᠂ ᠪᠥᠭᠡᠯᠵᠢᠬᠦ ᠵᠡᠷᠭᠡ | ᠴᠢᠰᠤ ᠶᠡᠭᠦᠯᠡᠭᠰᠡᠨ ᠲᠤᠰᠬᠠᠯ ᠭᠠᠷᠴᠤ᠂ ᠬᠦᠨᠳᠦ ᠨᠢ ᠦᠬᠦᠬᠦ ᠠᠶᠤᠯᠲᠠᠢ ᠪᠠᠶᠢᠳᠠᠭ᠃ | ᠡᠳᠦᠷ ᠲᠤᠲᠤᠮ ᠤᠨ ᠠᠮᠢᠳᠤᠷᠠᠯ ᠳᠤᠮᠳᠠ᠂ ᠬᠥᠮᠥᠰ ᠤᠨ ᠬᠡᠯᠡᠳᠡᠭ ︽ᠲᠡᠭᠦᠰ ᠴᠢᠳᠠᠪᠤᠷᠢᠲᠤ ᠴᠢᠰᠤ︾ ᠭᠡᠳᠡᠭ ᠨᠢ | O ᠬᠡᠯᠪᠡᠷᠢ ᠶᠢᠨ ᠴᠢᠰᠤ ᠶᠢ ᠵᠢᠭᠠᠵᠤ ᠪᠠᠶᠢᠨ᠎ᠠ᠃ O ᠬᠡᠯᠪᠡᠷᠢ ᠶᠢᠨ ᠴᠢᠰᠤ ᠶᠢ ︽ᠲᠡᠭᠦᠰ ᠴᠢᠳᠠᠪᠤᠷᠢᠲᠤ ᠴᠢᠰᠤ︾ | ᠭᠡᠵᠦ ᠦᠵᠡᠵᠦ ᠪᠠᠶᠢᠬᠤ ᠶᠢᠨ ᠤᠴᠢᠷ ᠨᠢ᠂ O ᠬᠡᠯᠪᠡᠷᠢ ᠶᠢᠨ ᠴᠢᠰᠤᠨ ᠤ ᠤᠯᠠᠭᠠᠨ ᠡᠰ ᠳᠡᠭᠡᠷ᠎ᠡ A᠂ B | ᠡᠰᠡᠷᠬᠦ ᠲᠦᠷᠦᠭᠴᠢ ᠪᠠᠶᠢᠬᠤ ᠦᠭᠡᠢ᠂ O ᠬᠡᠯᠪᠡᠷᠢ ᠶᠢᠨ ᠴᠢᠰᠤᠨ ᠤ ᠤᠯᠠᠭᠠᠨ ᠡᠰ ᠢ A᠂ B᠂ AB ᠬᠡᠯᠪᠡᠷᠢ ᠶᠢᠨ | ᠡᠪᠡᠳᠴᠢᠲᠡᠨ ᠳᠤ ᠶᠡᠭᠦᠯᠡᠨ ᠥᠭᠬᠦ ᠶᠢ ᠲᠦᠷ ᠴᠠᠭ ᠤᠨ ᠪᠠᠴᠢᠮ ᠠᠪᠤᠷᠠᠯᠲᠠ ᠳᠤ ᠯᠡ ᠬᠡᠷᠡᠭᠯᠡᠵᠦ ᠪᠣᠯᠣᠨ᠎ᠠ᠃ | ᠡᠭᠦᠨ ᠠᠴᠠ ᠪᠣᠯᠵᠤ ᠡᠮᠴᠢᠯᠡᠭᠡᠨ ᠳᠡᠭᠡᠷ᠎ᠡ ᠦᠷᠭᠦᠯᠵᠢ O ᠬᠡᠯᠪᠡᠷᠢ ᠶᠢᠨ ᠴᠢᠰᠤᠨ ᠤ ︽ᠤᠯᠠᠭᠠᠨ ᠡᠰ ᠢ ᠤᠬᠢᠶᠠᠬᠤ︾ | ᠪᠠᠷ A᠂ B᠂ AB ᠬᠡᠯᠪᠡᠷᠢ ᠶᠢᠨ ᠡᠪᠡᠳᠴᠢᠲᠡᠨ ᠳᠤ ᠴᠢᠰᠤ ᠶᠡᠭᠦᠯᠡᠳᠡᠭ᠃ ᠭᠡᠲᠡᠯ᠎ᠡ ᠡᠶᠢᠮᠦ ᠦᠵᠡᠯᠲᠡ ᠪᠣᠯ ᠲᠤᠩ | ᠪᠤᠷᠤᠭᠤ ᠶᠤᠮ᠂ ︽ᠲᠡᠭᠦᠰ ᠴᠢᠳᠠᠯᠲᠤ ᠴᠢᠰᠤ︾ ᠭᠡᠳᠡᠭ ᠨᠢ ᠦᠨᠡᠨ ᠳᠡᠭᠡᠨ ︽ᠲᠡᠭᠦᠰ ᠴᠢᠳᠠᠯᠲᠤ︾ ᠪᠢᠰᠢ ᠮᠥᠷᠲᠡᠭᠡᠨ | ᠲᠤᠩ ᠠᠶᠤᠯᠲᠠᠢ ᠶᠤᠮ᠃ O ᠬᠡᠯᠪᠡᠷᠢ ᠶᠢᠨ ᠴᠢᠰᠤᠨ ᠡᠭᠡᠳᠡᠩ ᠳᠤ A᠂ B ᠶᠢᠨ ᠡᠰᠡᠷᠬᠦ ᠪᠡᠶ᠎ᠡ ᠠᠭᠤᠯᠤᠭᠳᠠᠨ᠎ᠠ᠂ | O ᠬᠡᠯᠪᠡᠷᠢ ᠶᠢᠨ ᠴᠢᠰᠤᠨ ᠡᠭᠡᠳᠡᠩ ᠢ A᠂ B᠂ AB ᠬᠡᠯᠪᠡᠷᠢ ᠶᠢᠨ ᠡᠪᠡᠳᠴᠢᠲᠡᠨ ᠤ ᠪᠡᠶ᠎ᠡ ᠳᠤ ᠶᠡᠭᠦᠯᠡᠪᠡᠯ᠂ | ᠲᠡᠷᠡ ᠳᠠᠷᠤᠢ ᠡᠭᠡᠳᠡᠬᠦ ᠤᠷᠪᠠᠯ ᠡᠭᠦᠰᠴᠦ᠂ ᠴᠢᠰᠤ ᠬᠦᠷᠲᠡᠭᠰᠡᠳ ᠤᠨ ᠤᠯᠠᠭᠠᠨ ᠡᠰ ᠬᠦᠨᠳᠦ ᠨᠣᠴᠢᠲᠠᠢ | ᠡᠪᠳᠡᠯᠡᠭᠡ ᠳᠤ ᠤᠴᠠᠷᠠᠵᠤ ᠴᠢᠰᠤ ᠬᠠᠶᠢᠯᠬᠤ ᠪᠣᠯᠣᠨ᠎ᠠ᠃ ᠡᠶᠢᠮᠦ ᠠᠴᠠ O ᠬᠡᠯᠪᠡᠷᠢ ᠶᠢᠨ ᠴᠢᠰᠤᠨ ᠡᠭᠡᠳᠡᠩ ᠢ | ᠪᠤᠰᠤᠳ ᠴᠢᠰᠤᠨ ᠬᠡᠯᠪᠡᠷᠢ ᠶᠢᠨ ᠴᠢᠰᠤ ᠬᠦᠯᠢᠶᠡᠭᠴᠢ ᠳᠤ ᠶᠡᠭᠦᠯᠡᠨ ᠥᠭᠬᠦ ᠶᠢ ᠬᠤᠷᠢᠭᠯᠠᠪᠠᠯ ᠵᠣᠬᠢᠨ᠎ᠠ᠃ |