ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠢ ᠪᠦᠳᠤᠮᠵᠢᠳᠡᠢ ᠰᠡᠷᠭᠡᠶᠢᠯᠡᠬᠦ ᠶᠢᠨ ᠵᠠᠩᠭᠢᠯᠠᠭ᠎ᠠ | | ᠤᠯᠠᠷᠢᠯ ᠰᠣᠯᠢᠭᠳᠠᠬᠤ ᠦᠶ᠎ᠡ ᠪᠣᠯ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠤᠨ ᠤᠯᠠᠨ ᠡᠬᠦᠰᠬᠦ | ᠬᠤᠭᠤᠴᠠᠭ᠎ᠠ ᠪᠣᠯᠣᠨ᠎ᠠ᠃ ᠬᠠᠮᠠᠷ ᠢᠶᠠᠨ ᠨᠢᠰᠤ ᠲᠠᠢ ᠭᠡᠳ ᠬᠠᠮᠢᠭᠠᠰᠢ ᠪᠠᠨ ᠬᠠᠶᠠᠬᠤᠪ︖ ᠲᠡᠰᠳᠡᠭ ᠯᠡ ᠬᠡᠷᠡᠭ᠂ | ᠬᠠᠷᠢᠨ ᠬᠡᠷᠬᠢᠨ ᠪᠦᠳᠤᠮᠵᠢᠳᠡᠢ ᠰᠡᠷᠭᠡᠶᠢᠯᠡᠬᠦ ᠪᠤᠢ ᠭᠡᠳᠡᠭ ᠨᠢ ᠤᠯᠠᠨ ᠤ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ | ᠠᠰᠠᠭᠤᠳᠠᠯ ᠪᠣᠯᠵᠠᠢ᠃ ᠭᠤᠣᠯ ᠢᠯᠡᠷᠡᠯ ᠭᠡᠨᠡᠳᠲᠡ ᠶᠢᠨ ᠪᠠ ᠳᠠᠬᠢᠨ ᠳᠠᠪᠲᠠᠨ ᠬᠦᠳᠡᠯᠬᠦ᠂ ᠬᠠᠮᠠᠷ ᠪᠥᠭᠯᠡᠷᠡᠬᠦ᠂ | ᠬᠠᠮᠠᠷ ᠵᠠᠭᠠᠲᠤᠨᠠᠬᠤ᠂ ᠨᠠᠶᠢᠲᠠᠭᠠᠬᠤ᠂ ᠨᠢᠰᠤ ᠭᠤᠭᠤᠵᠢᠬᠤ ᠵᠡᠷᠭᠡ ᠢᠯᠡᠷᠡᠯ ᠪᠠᠶᠢᠳᠠᠭ᠃ ᠲᠦᠷᠦᠯ ᠵᠦᠢᠯ | ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠤᠨ ᠡᠮᠴᠢᠯᠡᠭᠡᠨ ᠤ ᠢᠯᠡᠷᠡᠯ ᠨᠢ ᠤᠯᠠᠷᠢᠯ ᠢ ᠳᠠᠭᠠᠵᠤ | ᠬᠤᠪᠢᠷᠠᠳᠠᠭ ᠡᠰᠡᠬᠦ ᠶᠢ ᠦᠨᠳᠦᠰᠦᠯᠡᠵᠦ᠂ ᠦᠷᠬᠦᠯᠵᠢ ᠶᠢᠨ ᠴᠢᠨᠠᠷᠲᠠᠢ ᠬᠠᠷᠰᠢᠮᠠᠲᠠᠭᠠᠢ ᠴᠢᠨᠠᠷᠲᠠᠢ ᠬᠠᠮᠠᠷ ᠤᠨ | ᠦᠷᠪᠢᠰᠦᠯ ᠪᠠ ᠤᠯᠠᠷᠢᠯ ᠤᠨ ᠴᠢᠨᠠᠷᠲᠠᠢ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠭᠡᠵᠦ ᠬᠤᠪᠢᠶᠠᠳᠠᠭ᠃ | | ᠡᠬᠦᠰᠬᠦ ᠴᠠᠭ ᠦᠷᠬᠦᠯᠵᠢ ᠶᠢᠨ ᠴᠢᠨᠠᠷᠲᠠᠢ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠨᠢ ᠵᠢᠯ ᠤᠨ | ᠲᠦᠷᠪᠡᠨ ᠤᠯᠠᠷᠢᠯ ᠳᠤ ᠪᠦᠷ ᠡᠪᠡᠳᠴᠢᠨ ᠤ ᠢᠯᠡᠷᠡᠯ ᠲᠠᠢ᠃ ᠤᠯᠠᠷᠢᠯ ᠤᠨ ᠴᠢᠨᠠᠷᠲᠠᠢ ᠬᠠᠷᠰᠢᠮᠠᠲᠠᠭᠠᠢ ᠴᠢᠨᠠᠷᠲᠠᠢ | ᠬᠠᠮᠠᠷ ᠤᠨ ᠦᠷᠪᠢᠰᠦᠯ ᠨᠢ ᠤᠯᠠᠷᠢᠯ ᠤᠨ ᠴᠢᠨᠠᠷᠲᠠᠢ ᠡᠭᠦᠰᠴᠦ᠂ ᠣᠯᠠᠩᠬᠢ ᠨᠢ ᠬᠠᠪᠤᠷ᠂ ᠨᠠᠮᠤᠷ ᠤᠨ ᠤᠯᠠᠷᠢᠯ ᠳᠤ | ᠡᠬᠦᠰᠳᠡᠭ᠂ ᠡᠪᠡᠳᠴᠢᠯᠡᠬᠦ ᠦᠶ᠎ᠡ ᠳᠤ ᠦᠳᠲᠡᠷ ᠲᠦᠷᠭᠡᠨ ᠡᠪᠡᠳᠴᠢᠨ ᠤ ᠢᠯᠡᠷᠡᠯ ᠭᠠᠷᠳᠠᠬ᠂ ᠬᠡᠳᠦᠨ ᠴᠠᠭ᠂ ᠬᠡᠳᠦᠨ | ᠡᠳᠦᠷ ᠠᠴᠠ ᠬᠡᠳᠦᠨ ᠭᠠᠷᠠᠭ ᠠᠳᠠᠯᠢ ᠪᠤᠰᠤ ᠦᠷᠬᠦᠯᠵᠢᠯᠡᠵᠤ᠂ ᠬᠦᠳᠡᠯᠬᠦ ᠪᠠ ᠵᠠᠪᠰᠠᠷᠯᠠᠬᠤ ᠬᠤᠭᠤᠴᠠᠭ᠎ᠠ ᠨᠢ | ᠪᠦᠷᠢᠮᠦᠰᠦᠨ ᠬᠡᠪ ᠤᠨ ᠪᠠᠶᠢᠳᠠᠭ᠃ | ᠡᠬᠦᠰᠦᠭᠰᠡᠨ ᠰᠢᠯᠲᠠᠭᠠᠨ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠡᠬᠦᠰᠬᠦ ᠶᠢᠨ ᠰᠢᠯᠲᠠᠭᠠᠨ ᠨᠢ | ᠦᠯᠦ ᠬᠠᠯᠳᠠᠭᠠᠬᠤ ᠴᠢᠳᠠᠪᠤᠷᠢ ᠠᠨᠠᠢ ᠠᠴᠠ ᠪᠣᠯᠤᠭᠰᠠᠨ ᠪᠢᠰᠢ᠂ ᠬᠠᠷᠢᠨ ᠪᠡᠶ᠎ᠡ ᠮᠠᠬᠠᠪᠤᠳ ᠤᠨᠦᠯᠦ ᠬᠠᠯᠳᠠᠭᠠᠬᠤ | ᠢᠯᠭᠠᠨ ᠲᠠᠨᠢᠬᠤ ᠰᠢᠰᠲ᠋ᠧᠮ ᠳᠤ ᠠᠰᠠᠭᠤᠳᠠᠯ ᠭᠠᠷᠴᠤ᠂ ᠬᠤᠣᠷ ᠦᠭᠡᠢ ᠬᠠᠷᠠᠯᠲᠠ ᠶᠢ ᠬᠤᠣᠷ ᠲᠠᠢ ᠭᠡᠵᠦ ᠦᠵᠡᠭᠡᠳ | ᠡᠰᠡᠷᠭᠦᠴᠡᠬᠦ ᠶᠠᠪᠤᠴᠠ ᠳᠤ ᠪᠠᠨ ᠵᠠᠷᠢᠮ ᠭᠠᠵᠢᠭᠤ ᠤᠷᠪᠠᠯ ᠭᠠᠷᠳᠠᠬ᠂ ᠵᠢᠱᠢᠶᠡᠯᠡᠪᠡᠯ ᠨᠠᠶᠢᠲᠠᠭᠠᠬᠤ᠂ ᠬᠠᠮᠠᠷ ᠪᠥᠭᠯᠡᠷᠡᠬᠦ | ᠵᠡᠷᠭᠡ ᠨᠢ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠪᠣᠯᠵᠤ ᠬᠤᠪᠢᠷᠠᠳᠠᠭ᠃ ᠤᠷᠢᠳᠴᠢᠯᠠᠨ ᠰᠡᠷᠭᠡᠶᠢᠯᠡᠬᠦ | ᠠᠷᠭ᠎ᠠ ᠤᠯᠠᠷᠢᠯ ᠤᠨ ᠴᠢᠨᠠᠷᠲᠠᠢ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠢ ᠬᠠᠷᠰᠢᠮᠠᠲᠠᠭᠠᠢ | ᠬᠤᠭᠤᠴᠠᠭ᠎ᠠ ᠪᠤᠯᠬᠤ ᠠᠴᠠ ᠡᠮᠦᠨ᠎ᠡ ᠬᠡᠳᠦᠨ ᠡᠳᠦᠷ ᠠᠴᠠ ᠡᠬᠢᠯᠡᠨ ᠨᠡᠬᠡᠳᠡᠰᠦ ᠶᠢᠨ ᠠᠮᠢᠨ ᠢ ᠡᠰᠡᠷᠭᠦᠴᠡᠬᠦ ᠡᠮ᠂ | ᠬᠠᠮᠠᠷ ᠤᠨ ᠰᠦᠷᠴᠢᠮᠡᠯ ᠬᠤᠷᠮᠣᠨ ᠢ ᠬᠡᠷᠡᠭᠯᠡᠪᠡᠯ ᠡᠪᠡᠳᠴᠢᠨ ᠡᠬᠦᠰᠬᠦ ᠶᠢ ᠰᠡᠷᠭᠡᠶᠢᠯᠡᠬᠦ ᠦᠢᠯᠡᠳᠦᠯ ᠲᠠᠢ ᠶᠤᠮ᠃ | ᠳᠤᠯᠠᠭᠠᠨ ᠤ ᠬᠤᠪᠢᠷᠠᠯᠲᠠ ᠨᠢ ᠬᠠᠮᠠᠷ ᠤᠨ ᠬᠥᠨᠳᠡᠢ ᠳᠤ ᠰᠡᠳᠦᠯᠲᠡ ᠥᠭᠪᠡᠯ ᠴᠠᠭ ᠲᠤᠬᠠᠢ ᠳᠤ ᠨᠢ ᠬᠠᠯᠠᠭᠤᠨ | ᠬᠦᠢᠲᠡᠨ ᠢᠶᠠᠨ ᠲᠡᠩᠴᠡᠭᠦᠯᠵᠦ᠂ ᠰᠡᠳᠬᠢᠴᠡ ᠶᠢᠨ ᠪᠠᠶᠢᠳᠠᠯ ᠢᠶᠠᠨ ᠲᠣᠬᠢᠷᠠᠭᠤᠯᠤᠨ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠢᠶᠠᠨ ᠴᠢᠩᠭᠠᠳᠬᠠᠵᠤ᠂ ᠤᠨᠲᠠᠵᠤ ᠠᠮᠠᠷᠠᠬᠤ ᠴᠠᠭ ᠢᠶᠠᠨ ᠰᠠᠶᠢᠲᠤᠷ ᠲᠣᠬᠢᠷᠠᠭᠤᠯᠵᠤ᠂ ᠪᠡᠶ᠎ᠡ ᠶᠢᠨ | ᠠᠵᠢᠯᠯᠠᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠂ ᠪᠡᠶ᠎ᠡ ᠶᠢᠨ ᠡᠯ᠎ᠡ ᠡᠷᠬᠡᠲᠡᠨ ᠤ ᠬᠤᠭᠤᠷᠤᠨᠳᠤᠬᠢ ᠡᠶ᠎ᠡ | ᠵᠣᠬᠢᠴᠠᠩᠭᠤᠢ ᠬᠠᠷᠢᠴᠠᠭ᠎ᠠ ᠶᠢ ᠳᠡᠭᠡᠭᠰᠢᠯᠡᠬᠦᠯᠵᠤ᠂ ᠬᠠᠷᠰᠢᠮᠠᠲᠠᠭᠠᠢ ᠤᠷᠪᠠᠯ ᠢ ᠡᠭᠦᠰᠬᠡᠵᠦ ᠮᠡᠳᠡᠬᠦ ᠡᠬᠢ | ᠰᠤᠷᠪᠦᠯᠵᠢ ᠠᠴᠠ ᠵᠠᠶᠢᠯᠠᠰᠬᠢᠪᠡᠯ ᠵᠣᠬᠢᠨ᠎ᠠ᠃ ᠤᠯᠠᠷᠢᠯ ᠰᠣᠯᠢᠭᠳᠠᠬᠤ ᠦᠶ᠎ᠡ ᠳᠤ᠂ ᠬᠥᠨᠵᠢᠯᠡ ᠳᠡᠪᠢᠰᠬᠡᠷ ᠬᠤᠪᠴᠠᠰᠤ | ᠬᠤᠨᠠᠷ ᠢᠶᠠᠨ ᠤᠷᠢᠳᠠᠪᠠᠷ ᠤᠬᠢᠶᠠᠵᠤ᠂ ᠨᠠᠷᠠᠨ ᠳᠤ ᠡᠭᠡᠭᠡᠭᠰᠡᠨ ᠤ ᠳᠠᠷᠠᠭ᠎ᠠ ᠬᠡᠷᠡᠭᠯᠡᠪᠡᠯ ᠵᠣᠬᠢᠨ᠎ᠠ᠃ ᠬᠠᠷᠰᠢᠮᠠᠲᠠᠭᠠᠢ | ᠴᠢᠨᠠᠷᠲᠠᠢ ᠬᠠᠮᠠᠷ ᠤᠨ ᠦᠷᠪᠢᠰᠦᠯ ᠲᠠᠢ ᠡᠪᠡᠳᠴᠢᠲᠡᠨ ᠬᠠᠮᠤᠭ ᠤᠨ ᠰᠠᠶᠢᠨ ᠨᠢ ᠡᠩᠬᠦᠷᠡᠢ ᠠᠮᠢᠳᠠᠨ ᠲᠡᠵᠢᠭᠡᠬᠦ ᠦᠭᠡᠢ᠂ | ᠬᠡᠷᠪᠡ ᠲᠡᠵᠢᠭᠡᠭᠰᠡᠨ ᠪᠠᠶᠢᠪᠠᠯ ᠴᠢᠳᠠᠬᠤ ᠶᠢᠨ ᠳᠣᠲᠣᠷ᠎ᠠ ᠡᠩᠬᠦᠷᠡᠢ ᠠᠮᠢᠳᠠᠨ ᠢᠶᠠᠨ ᠤᠨᠲᠠᠬᠤ ᠥᠷᠥᠭᠡᠨ ᠳᠤ ᠪᠠᠨ | ᠤᠷᠤᠭᠤᠯᠬᠤ ᠦᠭᠡᠢ᠃ ᠴᠡᠴᠡᠭ ᠤᠨ ᠲᠣᠭᠤᠰᠣᠨ ᠤ ᠥᠳᠬᠡᠴᠡ ᠶᠢᠨ ᠤᠷᠬᠢᠯ ᠤᠨ ᠬᠤᠭᠤᠴᠠᠭᠠᠨ ᠳᠤ᠂ ᠭᠠᠳᠠᠭᠰᠢ | ᠭᠠᠷᠬᠤ ᠳᠤ ᠪᠠᠨ ᠬᠠᠮᠠᠭᠠᠯᠠᠬᠤ ᠡᠳ᠋ ᠢᠶᠠᠨ ᠰᠠᠶᠢᠲᠤᠷ ᠵᠡᠭᠦᠵᠦ᠂ ᠭᠡᠷ ᠲᠤ ᠪᠠᠨ ᠬᠠᠷᠢᠭᠰᠠᠨ ᠤ ᠳᠠᠷᠠᠭ᠎ᠠ ᠴᠠᠭ | ᠲᠤᠬᠠᠢ ᠳᠤ ᠨᠢ ᠪᠡᠶ᠎ᠡ ᠪᠠᠨ ᠤᠬᠢᠶᠠᠬᠤ ᠶᠢᠨ ᠬᠠᠮᠲᠤ ᠬᠠᠮᠠᠷ ᠤᠨ ᠬᠥᠨᠳᠡᠢ ᠪᠠᠨ ᠤᠬᠢᠶᠠᠨ ᠴᠡᠪᠡᠷᠯᠡᠵᠦ᠂ ᠴᠣᠩᠬᠤ ᠪᠠᠨ | ᠨᠡᠭᠡᠭᠡᠵᠦ ᠰᠠᠯᠬᠢ ᠨᠡᠪᠲᠡᠷᠡᠭᠦᠯᠦᠨ᠎ᠡ᠂ ᠥᠪᠡᠷ ᠤᠨ ᠬᠡᠷᠡᠭᠴᠡᠭᠡ ᠪᠠᠨ ᠦᠨᠳᠦᠰᠦᠯᠡᠨ ᠵᠦᠢ ᠵᠣᠬᠢᠰᠲᠠᠢ ᠡᠮ ᠬᠡᠷᠡᠭᠯᠡᠵᠦ | ᠪᠣᠯᠣᠨ᠎ᠠ᠃ ᠴᠡᠴᠡᠭ ᠤᠨ ᠲᠣᠭᠤᠰᠣᠨ ᠤ ᠤᠷᠬᠢᠯ ᠤᠨ ᠦᠶ᠎ᠡ ᠳᠤ᠂ ᠴᠢᠳᠠᠬᠤ ᠶᠢᠨ ᠳᠣᠲᠣᠷ᠎ᠠ ᠬᠡᠭᠡᠷ᠎ᠡ ᠭᠠᠳᠠᠨ᠎ᠠ ᠭᠠᠷᠬᠤ | ᠦᠭᠡᠢ ᠪᠠᠶᠢᠵᠤ ᠡᠪᠡᠳᠴᠢᠨ ᠤ ᠪᠠᠶᠢᠳᠠᠯ ᠢ ᠬᠦᠨᠳᠦᠷᠡᠭᠦᠯᠬᠦ ᠠᠴᠠ ᠵᠠᠶᠢᠯᠠᠰᠬᠢᠬᠦ ᠬᠡᠷᠡᠭᠲᠡᠢ᠃ ᠥᠪᠥᠷ ᠮᠣᠩᠭᠤᠯ ᠤᠨ | ᠪᠠᠶᠢᠳᠠᠯ ᠥᠪᠥᠷ ᠮᠣᠩᠭᠤᠯ ᠤᠨ ᠲᠥᠪ ᠬᠤᠳᠠ ᠵᠢᠴᠢ ᠬᠥᠳᠡᠭᠡ ᠳᠤᠰᠬᠤᠨ ᠤ ᠬᠠᠷᠰᠢᠮᠠᠲᠠᠭᠠᠢ ᠴᠢᠨᠠᠷᠲᠠᠢ | ᠬᠠᠮᠠᠷ ᠤᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠤ ᠨᠤᠷᠮ᠎ᠠ 17.10% ᠲᠤ ᠪᠠᠶᠢᠵᠤ᠂ ᠡᠭᠦᠨ ᠳᠤ | ᠡᠮᠡᠭᠲᠡᠢ ᠶᠢᠨ ᠡᠪᠡᠳᠴᠢᠨ ᠣᠯᠬᠤ ᠨᠤᠷᠮ᠎ᠠ ᠨᠢ ᠡᠷᠡᠭᠲᠡᠢ ᠬᠥᠮᠥᠨ ᠤ ᠬᠢ ᠠᠴᠠ ᠵᠢᠭᠠᠬᠠᠨ ᠥᠨᠳᠥᠷ᠂ 6 - 15 | ᠨᠠᠰᠤᠨ ᠤ ᠬᠡᠦᠬᠡᠳ ᠤᠨ ᠡᠪᠡᠳᠴᠢᠯᠡᠬᠦ ᠨᠤᠷᠮ ᠠ ᠨᠢ ᠬᠠᠮᠤᠭ ᠥᠨᠳᠥᠷ᠂ ᠬᠤᠳᠠ ᠳᠤ ᠰᠠᠭᠤᠭ᠎ᠠ ᠬᠥᠮᠥᠰ ᠤᠨ | ᠡᠪᠡᠳᠴᠢᠯᠡᠬᠦ ᠨᠤᠷᠮ᠎ᠠ ᠨᠢ ᠬᠥᠳᠡᠭᠡ ᠳᠤᠰᠬᠤᠨ ᠤ ᠬᠢ ᠠᠴᠠ ᠢᠯᠡᠳᠲᠡ ᠥᠨᠳᠥᠷ ᠪᠠᠶᠢᠨ᠎ᠠ᠃ | ᠰᠢᠷᠠᠯᠵᠢ ᠪᠣᠯ ᠥᠪᠥᠷ ᠮᠣᠩᠭᠤᠯ ᠤᠨ ᠬᠠᠮᠤᠭ ᠤᠨ ᠭᠤᠣᠯ ᠪᠤᠯᠬᠤ ᠴᠡᠴᠡᠭ ᠤᠨ ᠲᠣᠭᠤᠰᠣᠨ ᠤ ᠬᠠᠷᠰᠢᠯ ᠢ | ᠡᠭᠦᠰᠬᠡᠭᠴᠢ ᠮᠥᠨ᠃ ᠥᠪᠥᠷ ᠮᠣᠩᠭᠤᠯ ᠤᠨ ᠬᠠᠷᠰᠢᠮᠠᠲᠠᠭᠠᠢ ᠴᠢᠨᠠᠷᠲᠠᠢ ᠬᠠᠮᠠᠷ ᠤᠨ ᠦᠷᠪᠢᠰᠦᠯ ᠤᠨ ᠡᠪᠡᠳᠴᠢᠲᠡᠨ ᠤ | ᠡᠪᠡᠳᠴᠢᠨ ᠤ ᠢᠯᠡᠷᠡᠯ ᠤᠨ ᠤᠷᠬᠢᠯ ᠤᠨ ᠬᠤᠭᠤᠴᠠᠭ᠎ᠠ ᠨᠢ 7 ᠠᠴᠠ 9 ᠰᠠᠷ᠎ᠠ ᠳᠤ ᠲᠥᠪᠯᠡᠷᠡᠵᠦ᠂ ᠡᠭᠦᠨ ᠳᠤ 8 | ᠰᠠᠷ᠎ᠠ ᠳᠤ ᠤᠷᠬᠢᠯ ᠳᠤ ᠪᠠᠨ ᠬᠦᠷᠳᠡᠭ᠃ |