ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ | | ᠣᠶᠢᠷ᠎ᠠ ᠶᠢᠨ ᠡᠳᠦᠷ ᠂ ᠤᠯᠠᠭᠠᠠᠬᠠᠭᠠᠯᠭ᠎ᠠ ᠰᠤᠮᠤᠨ ᠤ ᠪᠦᠬᠦ ᠺᠠᠲᠠᠷ ᠠᠵᠢᠯᠲᠠᠨ ᠪᠠ ᠰᠠᠶᠢᠨ ᠲᠤᠷᠠᠴᠣᠳ ᠤᠨ | ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠴᠢᠬᠤᠯᠠ ᠵᠠᠮ ᠤᠨ ᠬᠡᠰᠡᠭ᠂ ᠵᠠᠩᠭᠢᠯᠠᠭ᠎ᠠ ᠶᠢᠨ ᠬᠦᠷᠢᠶ᠎ᠠ | ᠴᠠᠷ᠎ᠠ ᠶᠢ ᠦᠨᠳᠦᠰᠦᠯᠡᠨ᠂ ᠰᠠᠭᠤᠭᠠᠯᠢ ᠠᠷᠠᠳ ᠤᠨ ᠲᠤᠭᠤᠷᠢᠭ ᠢ 13 ᠲᠣᠭᠤᠷᠢᠭ ᠬᠤᠪᠢᠶᠠᠵᠤ᠂ 13 ᠰᠠᠯᠠᠭᠠᠨ ᠤ | ᠲᠡᠰ ᠤᠨ ᠤᠳᠤᠷᠢᠳᠤᠯᠭ᠎ᠠ ᠳᠤ ᠲᠠᠭᠠᠭᠠᠴᠢᠯᠠᠭᠤᠯᠤᠨ᠂ ᠤᠯᠠᠨ ᠲᠦᠮᠡᠨ ᠢ ᠳᠠᠭᠠᠭᠤᠯᠤᠨ ᠠᠵᠢᠯᠯᠠᠵᠤ᠂ ᠺᠠᠲᠠᠷ ᠤᠯᠠᠨ | ᠲᠦᠮᠡᠨ ᠴᠤᠭᠭᠠᠷ ᠤᠷᠴᠢᠨ ᠲᠤᠭᠤᠷᠢᠨ ᠤ ᠵᠠᠰᠠᠨ ᠴᠡᠭᠴᠡᠯᠠᠯᠳᠠ ᠬᠢᠭᠰᠡᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠨᠢ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠬᠠᠷᠢᠯᠴᠠᠨ ᠬᠠᠮᠵᠢᠯᠴᠠᠵᠤ᠂ | ᠬᠥᠮᠥᠨ ᠪᠦᠬᠦᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠤᠯᠴᠠᠬᠤ ᠢᠳᠡᠪᠬᠢᠵᠢᠯ ᠢ | ᠭᠦᠢᠴᠡᠳ ᠳᠠᠶᠢᠴᠢᠯᠠᠨ᠂ ᠰᠠᠭᠤᠭᠠᠯᠢ ᠠᠷᠠᠳ ᠤᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠬᠥᠮᠥᠨ | ᠪᠦᠬᠦᠨ ᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠰᠠᠨᠠᠭᠠᠴᠢᠯᠠᠭᠴᠢ᠂ | ᠦᠢᠯᠡᠳᠦᠯᠭᠡᠵᠢᠭᠦᠯᠦᠭᠴᠢ ᠪᠠ ᠬᠢᠨᠠᠯᠲᠠ ᠲᠠᠯᠪᠢᠭᠴᠢ ᠪᠣᠯᠭᠠᠬᠤ ᠶᠢ ᠤᠷᠢᠶᠠᠯᠠᠨ ᠲᠠᠶᠢᠴᠢᠯᠠᠵᠠᠢ ᠃ | ᠤᠯᠠᠭᠠᠨᠬᠠᠭᠠᠯᠭ᠎ᠠ ᠰᠣᠮᠤ ᠨᠢ ᠡᠳᠦᠷ ᠪᠦᠷᠢ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠱᠤᠭᠤᠮ᠂ ᠭᠡᠷ ᠤᠨ | ᠡᠮᠦᠨ᠎ᠡ ᠬᠤᠶᠢᠨ᠎ᠠ ᠵᠡᠷᠭᠡ ᠲᠠᠯᠠᠪᠤᠷ ᠭᠠᠵᠠᠷ ᠢ ᠲᠥᠪᠯᠡᠷᠡᠭᠦᠯᠦᠨ ᠵᠠᠰᠠᠵᠤ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ | ᠬᠠᠶᠠᠭᠳᠠᠮᠠᠯ ᠡᠳ᠋᠂ ᠲᠣᠭᠤᠭᠠᠨ ᠭᠡᠷ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠪᠠᠳᠤᠯᠠᠵᠤ ᠪᠠᠶᠢᠨ᠎ᠠ᠃ ᠨᠡᠩ ᠴᠦ ᠤᠯᠠᠭᠠᠠᠬᠠᠭᠠᠯᠭ᠎ᠠ ᠰᠤᠮᠤᠨ ᠠᠴᠠ ᠲᠣᠭᠲᠠᠮᠠᠯ | ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠬᠥᠮᠥᠰ ᠢ ᠲᠣᠬᠢᠷᠠᠭᠤᠯᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ | ᠲᠥᠪᠯᠡᠷᠡᠭᠦᠯᠦᠨ ᠰᠢᠯᠵᠢᠬᠦᠯᠵᠦ ᠲᠡᠭᠡᠭᠡᠪᠦᠷᠢᠯᠡᠬᠦ ᠡᠷᠴᠢᠮ ᠢᠶᠠᠨ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃ | ᠤᠯᠠᠭᠠᠠᠬᠠᠭᠠᠯᠭ᠎ᠠ ᠰᠤᠮᠤᠨ ᠤ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠲᠠᠷ ᠤᠯᠠᠨ ᠲᠦᠮᠡᠨ ᠨᠢ ᠴᠤᠴᠠᠯᠲᠠ | ᠦᠭᠡᠢ ᠲᠡᠮᠡᠴᠡᠬᠦ ᠳᠦᠷᠢ ᠪᠠᠶᠢᠳᠠᠯ ᠪᠣᠯᠣᠨ ᠴᠥᠬᠦᠷᠡᠰᠢ ᠦᠭᠡᠢ ᠤᠷᠤᠭᠰᠢᠯᠠᠬᠤ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠷ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠲᠠᠰᠤᠷᠠᠯᠳᠡ ᠦᠭᠡᠢ ᠪᠣᠳᠠᠲᠠᠢ ᠠᠷᠭ᠎ᠠ ᠬᠡᠮᠵᠢᠶ᠎ᠡ | ᠠᠪᠴᠤ᠂ ᠪᠣᠳᠠᠲᠤ ᠦᠷ᠎ᠡ ᠪᠦᠲᠦᠮᠵᠢ ᠶᠢ ᠰᠦᠪᠡᠭᠴᠢᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠲᠤᠳᠠᠭᠳᠠᠯ ᠢ ᠦᠷᠭᠦᠯᠵᠢᠯᠡᠨ ᠨᠥᠬᠦᠪᠦᠷᠢᠯᠡᠵᠦ᠂ ᠬᠦᠳᠡᠭᠡ ᠲᠣᠰᠬᠤᠨ ᠤ ᠳᠦᠷᠰᠦ ᠪᠠᠶᠢᠳᠠᠯ ᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠲᠦᠷᠰᠦ ᠪᠠᠶᠢᠳᠠᠯ ᠢ | ᠵᠢᠷᠤᠭᠯᠠᠨ᠎ᠠ᠃ | ᠰᠤᠷᠪᠤᠯᠵᠢᠯᠠᠭ᠎ᠠ᠄ ᠤᠯᠠᠭᠠᠠᠬᠠᠭᠠᠯᠭ᠎ᠠ ᠰᠤᠮᠤᠨ ᠤ ᠰᠠᠭᠤᠭᠠᠯᠢ ᠲᠤᠭᠤᠷᠢᠭ ᠤᠨ ᠲᠠᠳ᠋ ᠡᠷᠬᠢᠯᠡᠭᠴᠢ ᠵᠠᠩ ᠸᠧᠨ ᠰᠢᠶᠠᠩ᠄ | ︽ᠮᠠᠨ ᠤ ᠰᠤᠮᠤᠨ ᠤ ᠰᠠᠭᠤᠭᠠᠯᠢ ᠲᠤᠭᠤᠷᠢᠭ ᠲᠤ ᠵᠠᠭᠤ ᠭᠠᠷᠤᠢ ᠡᠷᠦᠬᠡ ᠲᠠᠢ᠂ ᠬᠦᠮᠦᠨ ᠠᠮᠠ ᠨᠡᠯᠢᠶᠡᠳ ᠲᠦᠪᠯᠡᠷᠡᠨ | ᠰᠠᠭᠤᠷᠢᠰᠢᠭᠰᠠᠨ ᠪᠠᠶᠢᠳᠠᠭ᠃ ᠡᠶᠢᠮᠦ ᠠᠴᠠ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠤᠷᠴᠢᠨ ᠲᠤᠭᠤᠷᠢᠨ ᠤ ᠶᠡᠭᠡ | ᠴᠡᠪᠡᠷᠯᠡᠭᠡ ᠬᠢᠵᠦ᠂ ᠰᠤᠮᠤᠨ ᠤ ᠺᠠᠲᠠᠷ᠂ ᠰᠠᠶᠢᠨ ᠲᠤᠷᠠᠴᠣᠳ᠂ ᠤᠷᠴᠢᠨ ᠲᠤᠭᠤᠷᠢᠨ ᠤ ᠴᠡᠪᠡᠷᠯᠡᠭᠴᠢ ᠪᠦᠬᠦᠳᠡᠭᠡᠷ | ᠤᠷᠤᠯᠴᠠᠳᠠᠭ ᠃ ᠬᠤᠶᠢᠰᠢᠲᠠ ᠪᠢᠲᠡ ᠤᠯᠠᠮ ᠢᠳᠡᠪᠬᠢᠲᠠᠢ ᠬᠦᠳᠡᠯᠦᠯᠴᠡᠵᠦ᠂ ᠤᠷᠴᠢᠨ ᠠᠬᠤᠢ ᠪᠠᠨ ᠴᠡᠪᠡᠷᠯᠡᠨ᠂ ᠴᠡᠪᠡᠷ | ᠲᠤᠬᠢᠯᠢᠭ᠂ ᠲᠠᠭᠠᠯᠠᠮᠵᠢᠲᠠᠢ ᠠᠮᠢᠳᠤᠷᠠᠯ ᠤᠨ ᠤᠷᠴᠢᠨ ᠢ ᠡᠬᠦᠳᠬᠦ ᠪᠠᠷ ᠴᠢᠷᠮᠠᠶᠢᠨ ᠠᠵᠢᠯᠯᠠᠵᠤ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠳᠤ ᠦᠪᠡᠷ ᠦᠪᠡᠷ ᠤᠨ ᠬᠦᠴᠦᠨ ᠴᠢᠳᠠᠯ ᠢᠶᠠᠨ ᠨᠡᠮᠡᠷᠢᠯᠡᠨ᠎ᠡ︾ ᠭᠡᠯᠡ᠃ |