ᠨᠣᠭᠤᠭ᠎ᠠ ᠶᠢ ᠵᠥᠪ ᠰᠣᠩᠭᠤᠬᠤ ᠬᠡᠷᠡᠭᠲᠡᠢ ᠤᠬᠢᠶᠠᠬᠤ ᠨᠢ ᠨᠡᠩ ᠴᠢᠬᠤᠯᠠ | ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ | ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ | ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ | ᠡᠮ ᠤᠨ ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ | ᠤᠬᠢᠶᠠᠬᠤ ᠮᠠᠰᠢᠨ ᠢ ᠬᠡᠷᠡᠭᠯᠡᠬᠦ ᠦᠭᠡᠢ ᠪᠠᠷ ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ | ᠡᠮ ᠤᠨ ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ ᠡᠭᠦᠨ ᠳᠤ ᠳᠣᠣᠷᠠᠬᠢ ᠮᠡᠲᠦ ᠠᠷᠭ᠎ᠠ ᠶᠢ | ᠲᠠᠨᠢᠯᠴᠠᠭᠤᠯᠤᠶ᠎ᠠ᠄ | 1 ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ ᠴᠡᠪᠡᠷ | ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | ᠪᠤᠳᠠᠭ᠎ᠠ ᠤᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠤᠬᠢᠶᠠᠭᠰᠠᠨ ᠤᠰᠤ ᠪᠠᠷ 5 ~10 | ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ ᠳᠠᠪᠤᠰᠤ ᠲᠠᠢ ᠤᠰᠤᠨ ᠳᠤ | ᠳᠡᠪᠲᠦᠭᠡᠬᠦ᠃ ᠨᠣᠭᠤᠭ᠎ᠠ ᠪᠠᠨ 1 % ᠶᠢᠨ ᠳᠠᠪᠤᠰᠤ ᠲᠠᠢ ᠤᠰᠤ ᠪᠠᠷ ᠲᠡᠪᠳᠡᠭᠡᠵᠤ 20 ᠮᠢᠨᠦ᠋ᠲ ᠤᠨ ᠳᠠᠷᠠᠭ᠎ᠠ | ᠤᠬᠢᠶᠠᠨ᠎ᠠ᠃ | ᠳᠠᠪᠤᠰᠤᠨ ᠤ ᠥᠳᠬᠡᠴᠡ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠃ ᠪᠤᠴᠠᠯᠤᠭᠰᠠᠨ ᠤᠰᠤᠨ ᠳᠤ | ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ ᠲᠡᠪᠳᠡᠭᠡᠨ᠎ᠡ᠃ ᠭᠡᠪᠡᠴᠦ ᠡᠶᠢᠮᠦ ᠠᠷᠭ᠎ᠠ ᠨᠢ | ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃ ᠳᠡᠭᠡᠷᠡᠬᠢ 4 ᠵᠦᠢᠯ ᠤᠨ | ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ ᠱᠦᠷᠭᠦᠭᠡᠵᠦ ᠤᠬᠢᠶᠠᠬᠤ᠂ ᠬᠠᠯᠢᠰᠤ ᠶᠢ ᠨᠢ ᠠᠷᠢᠯᠭᠠᠬᠤ᠂ 24 | ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠣᠨ᠎ᠠ᠂ ᠡᠨᠡ ᠨᠢ ᠨᠣᠭᠤᠭ᠎ᠠ ᠶᠢᠨ ᠳᠣᠲᠣᠷᠠᠬᠢ ᠲᠠᠷᠢᠶᠠᠨ ᠡᠮ ᠤᠨ | ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃ | |