ᠸᠢᠴᠠᠲ ᠲᠤ ᠡᠶᠢᠮᠦ ᠵᠦᠢᠯ ᠢᠯᠡᠷᠡᠪᠡᠯ ᠪᠣᠯᠭᠤᠮᠵᠢᠯᠠ︕ | ᠤᠳᠤ ᠶᠢᠨ ᠬᠥᠮᠥᠰ ᠶᠡᠷᠦᠨᠢ ᠸᠢᠴᠠᠲ᠂ ᡁᠢ ᠹᠦ᠋ ᠪᠤᠤ ᠪᠠᠷ ᠲᠣᠭᠠᠴᠠᠭ᠎ᠠ ᠬᠢᠳᠡᠭ ᠪᠣᠯᠣᠯ᠎ᠠ᠃ ᠬᠡᠷᠪᠡ ᠲᠠᠨ ᠤ | ᠸᠢᠴᠠᠲ ᠤᠨ ᠶᠠᠷᠢᠯᠴᠠᠭᠠᠨ ᠤ ᠳᠤᠮᠳᠠ ᠭᠡᠨᠡᠳᠲᠡ ᠡᠶᠢᠮᠦ ᠵᠦᠢᠯ ᠢᠯᠡᠷᠡᠪᠡᠯ ᠪᠣᠯᠭᠤᠮᠵᠢᠯᠠᠬᠤ ᠬᠡᠷᠡᠭᠲᠡᠢ ᠶᠤᠮ ᠪᠠᠶᠢᠨ᠎ᠠ᠃ | | ᠰᠢᠶᠣᠣ ᠴᠧᠨ ᠥᠨᠥᠬᠡᠨ ᠥᠲᠥᠨ ᠪᠥᠮᠪᠦᠭᠡ ᠶᠢᠨ QQ ᠶᠢᠨ ᠬᠤᠯᠪᠣᠭᠠᠨ ᠳᠤ ᠣᠷᠣᠵᠤ᠂ ᠰᠢᠨ᠎ᠡ ᠪᠥᠮᠪᠦᠭᠡ ᠶᠢᠨ | ᠫᠠᠶᠢᠰᠠ ᠬᠤᠳᠠᠯᠳᠤᠨ ᠠᠪᠬᠤ ᠭᠡᠰᠡᠨ ᠳᠤ ᠵᠠᠷᠢᠮ ᠬᠥᠮᠥᠰ ᠲᠡᠭᠦᠨ ᠢ ᠪᠦᠷᠢᠳᠬᠡᠵᠦ ᠠᠪᠤᠭᠠᠳ ᠪᠦᠲᠦᠭᠡᠭᠳᠡᠬᠦᠨ ᠢᠶᠠᠨ | ᠲᠠᠨᠢᠯᠴᠠᠭᠤᠯᠤᠭᠰᠠᠨ ᠪᠠᠶᠢᠪᠠ᠃ ᠶᠠᠭᠠᠬᠢᠭᠠᠳ ᠬᠤᠳᠠᠯᠳᠤᠭᠠᠨ ᠤ ᠲᠠᠪᠴᠠᠩ ᠳᠤ ᠠᠷᠠᠯᠵᠢᠶ᠎ᠠ ᠬᠢᠬᠦ ᠦᠭᠡᠢ ᠢᠩᠭᠢᠵᠦ | ᠳᠠᠯᠳᠠᠭᠤᠷ ᠪᠣᠷᠣᠯᠠᠭᠤᠯᠵᠤ ᠪᠠᠶᠢᠭ᠎ᠠ ᠲᠤᠬᠠᠢ ᠰᠣᠨᠢᠷᠬᠠᠭᠰᠠᠨ ᠳᠤ ᠨᠦᠬᠦᠬᠡ ᠡᠲᠡᠭᠡᠳ ᠨᠢ ᠨᠠᠰᠤ ᠪᠠᠭ᠎ᠠ ᠤᠴᠢᠷ | ᠲᠠᠪᠴᠠᠩ ᠳᠤ ᠪᠦᠷᠢᠳᠬᠡᠭᠦᠯᠵᠦ ᠴᠢᠳᠠᠬᠤ ᠦᠭᠡᠢ ᠭᠡᠳ QR ᠺᠣᠳ᠋ ᠶᠠᠪᠤᠭᠤᠯᠵᠤ ᠲᠣᠭᠠᠴᠠᠭ᠎ᠠ ᠬᠢᠬᠦ ᠶᠢ ᠱᠠᠭᠠᠷᠳᠠᠪᠠ᠃ | ᠰᠢᠶᠣᠣ ᠴᠧᠨ ᠮᠥᠩᠭᠦ ᠰᠢᠯᠵᠢᠭᠦᠯᠬᠦ ᠦᠶ᠎ᠡ ᠳᠤ ᠸᠢᠴᠠᠲ ᠨᠢ ᠨᠥᠭᠦᠭᠡ ᠡᠲᠡᠭᠡᠳ ᠤᠨ ᠮᠥᠩᠭᠦᠨ ᠤ ᠳᠠᠩᠰᠠ ᠳᠤ | ᠬᠡᠪ ᠤᠨ ᠪᠤᠰᠤ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠲᠤᠯᠠ᠂ ᠵᠣᠭᠤᠰ ᠬᠤᠷᠢᠶᠠᠬᠤ ᠶᠢ ᠬᠢᠵᠠᠭᠠᠷᠯᠠᠯ᠎ᠠ ᠭᠡᠰᠡᠨ | ᠰᠠᠨᠠᠭᠤᠯᠭ᠎ᠠ ᠢᠯᠡᠷᠡᠭᠰᠡᠨ ᠪᠠᠶᠢᠨ᠎ᠠ᠃ ᠡᠬᠢᠨ ᠳᠡᠭᠡᠨ ᠲᠡᠷᠡ ᠡᠭᠦᠨ ᠳᠤ ᠰᠡᠵᠢᠭ ᠲᠠᠢ ᠪᠠᠶᠢᠭᠰᠠᠨ ᠴᠦ ᠨᠥᠭᠦᠭᠡ | ᠡᠲᠡᠭᠡᠳ ᠨᠢ ᠰᠢᠶᠣᠣ ᠴᠧᠨ ᠳᠤ ᠪᠡᠶ᠎ᠡ ᠶᠢᠨ ᠦᠨᠡᠮᠯᠡᠯ᠂ ᠭᠡᠷᠡᠴᠢ ᠪᠢᠴᠢᠭ᠂ ᠱᠠᠩᠨᠠᠯ ᠤᠨ ᠫᠠᠶᠢᠰᠠ ᠪᠠᠨ | ᠬᠠᠷᠠᠭᠤᠯᠤᠭᠰᠠᠨ ᠳᠤ ᠲᠡᠭᠦᠨ ᠤ ᠰᠡᠵᠢᠭ ᠡᠷᠡᠭᠡᠯᠵᠡᠭᠡ ᠠᠯᠳᠠᠷᠠᠵᠤ᠂ 930 ᠲᠥᠭᠦᠷᠢᠭ ᠲᠤᠰᠢᠶᠠᠭᠰᠠᠨ ᠪᠠᠶᠢᠨ᠎ᠠ᠃ | ᠳᠡᠮᠡᠢ ᠤᠳᠠᠭᠰᠠᠨ ᠦᠭᠡᠢ ᠨᠦᠬᠦᠬᠡ ᠬᠥᠮᠥᠨ ᠶᠠᠷᠢᠯᠴᠠᠭᠠᠨ ᠤ ᠬᠠᠭᠠᠯᠭ᠎ᠠ ᠪᠠᠨ ᠬᠠᠭᠠᠭᠰᠠᠨ ᠢ ᠬᠠᠷᠠᠭᠠᠳ ᠰᠠᠶ᠋ᠢ | ᠮᠡᠬᠡᠯᠡᠭᠳᠡᠭᠰᠡᠨ ᠢᠶᠠᠨ ᠮᠡᠳᠡᠭᠰᠡᠨ ᠪᠠᠶᠢᠨ᠎ᠠ᠃ | ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠸᠢᠴᠠᠲ ᠢᠶᠠᠷ ᠮᠥᠩᠭᠦ ᠰᠢᠯᠵᠢᠭᠦᠯᠬᠦ ᠦᠶᠡᠰ᠂ ᠳᠠᠷᠠᠭᠠᠬᠢ | ᠵᠦᠢᠯᠡᠰ ᠠᠴᠠ ᠪᠣᠯᠭᠤᠮᠵᠢᠯᠠᠬᠤ ᠬᠡᠷᠡᠭᠲᠡᠢ ᠶᠤᠮ ᠪᠠᠶᠢᠨ᠎ᠠ᠃ ︵ᠵᠢᠷᠤᠭ ᠠᠴᠠ ᠬᠠᠷᠠᠭᠠᠷᠠᠢ︶ | |