ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠬᠡᠷᠬᠢᠨ ᠲᠡᠭᠡᠭᠰᠢᠯᠡᠬᠦᠯᠬᠦ ᠪᠤᠢ︖ | | ᠲᠠᠮᠢᠷ ᠤᠨ ᠬᠥᠳᠡᠯᠭᠡᠭᠡᠨ ᠳᠤ ᠣᠷᠤᠯᠴᠠᠬᠤ ᠨᠢ ᠪᠡᠶ᠎ᠡ ᠮᠠᠬᠠᠪᠤᠳ ᠲᠤ ᠠᠰᠢᠭᠲᠠᠢ ᠭᠡᠳᠡᠭ ᠢ ᠳᠠᠶᠠᠭᠠᠷ ᠪᠦᠷ | ᠮᠡᠳᠡᠳᠡᠭ ᠴᠤ᠂ ᠪᠠᠶᠢᠩᠭᠤ ᠪᠠᠷᠢᠮᠲᠠᠯᠠᠬᠤ ᠳᠤ ᠬᠦᠴᠢᠷ ᠪᠠᠶᠢᠳᠠᠭ᠃ ᠠᠩᠭ᠍ᠯᠢ ᠶᠢᠨ ᠲᠠᠮᠢᠷ ᠤᠨ ᠳᠠᠰᠬᠠᠯᠵᠢᠭᠤᠯᠤᠭᠴᠢ | Ucoach ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠲᠡᠭᠡᠭᠰᠢᠯᠡᠬᠦᠯᠬᠦ ᠲᠠᠪᠤᠨ ᠠᠷᠭ᠎ᠠ ᠶᠢ | ᠰᠤᠳᠤᠯᠤᠨ ᠭᠠᠷᠭᠠᠭᠰᠠᠨ ᠶᠤᠮ᠃ ᠨᠢᠭᠡᠳᠦᠭᠡᠷ ᠲᠤ᠂ ᠲᠣᠬᠢᠯᠢᠭ ᠱᠠᠬᠠᠢ ᠪᠡᠯᠡᠳᠬᠡᠨ᠎ᠡ᠃ ᠲᠠᠮᠢᠷ ᠤᠨ ᠬᠡᠷᠡᠭᠰᠡᠯ ᠤᠨ | ᠲᠤᠰᠬᠠᠢ ᠳᠡᠯᠭᠡᠭᠦᠷ ᠲᠤ ᠬᠦᠷᠴᠦ ᠬᠥᠳᠡᠯᠭᠡᠭᠡᠨ ᠬᠢᠬᠦ ᠳᠤ ᠲᠣᠬᠢᠷᠠᠮᠵᠢᠲᠠᠢ ᠱᠠᠬᠠᠢ ᠬᠤᠳᠠᠯᠳᠤᠨ ᠠᠪᠬᠤ ᠨᠢ ᠪᠡᠶ᠎ᠡ ᠳᠤ | ᠠᠰᠢᠭᠲᠠᠢ ᠪᠠᠷ ᠪᠠᠷᠠᠬᠤ ᠦᠭᠡᠢ᠂ ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠴᠤ ᠬᠥᠭᠵᠢᠭᠡᠳᠡᠭ᠃ | ᠬᠤᠶᠠᠳᠤᠭᠠᠷ ᠲᠤ᠂ ᠬᠠᠷᠠᠯᠲᠠ ᠪᠠᠨ ᠲᠣᠭᠲᠠᠭᠠᠨ᠎ᠠ᠃ ᠨᠢᠭᠡ ᠡᠳᠦᠷ ᠲᠤ ᠬᠡᠳᠦᠢ ᠴᠠᠭ ᠬᠥᠳᠡᠯᠭᠡᠭᠡᠨ ᠬᠢᠬᠦ ᠪᠤᠶᠤ ᠬᠡᠳᠦᠢ | ᠬᠤᠯᠠ ᠵᠠᠢ ᠬᠦᠶᠦᠬᠦ ᠭᠡᠬᠦ ᠵᠡᠷᠭᠡ ᠶᠢ ᠵᠢᠭᠰᠠᠭᠠᠵᠤ ᠭᠠᠷᠭᠠᠨ᠎ᠠ᠃ ᠪᠠᠰᠠ ᠪᠡᠶ᠎ᠡ ᠶᠢᠨ ᠬᠦᠨᠳᠦ ᠪᠠᠨ ᠬᠡᠳᠦᠢ ᠺᠢᠯᠦᠭᠷᠡᠮ | ᠪᠠᠭᠤᠷᠠᠭᠤᠯᠬᠤ ᠪᠠᠷ ᠬᠠᠷᠠᠯᠲᠠ ᠪᠤᠯᠭᠠᠵᠦ ᠪᠣᠯᠣᠨ᠎ᠠ᠃ ᠡᠶᠢᠮᠦᠷᠬᠦ ᠲᠣᠳᠣᠷᠬᠠᠢ ᠬᠠᠷᠠᠯᠲᠠ ᠲᠥᠯᠥᠪᠯᠡᠭᠡ ᠨᠢ ᠮᠠᠰᠢ | ᠴᠢᠩᠭ᠎ᠠ ᠬᠥᠳᠡᠯᠭᠡᠭᠴᠢ ᠬᠦᠴᠦᠨ ᠪᠣᠯᠵᠤ᠂ ᠲᠠᠮᠢᠷ ᠤᠨ ᠬᠥᠳᠡᠯᠭᠡᠭᠡᠨ ᠢ ᠪᠠᠶᠢᠩᠭᠤ ᠪᠠᠷᠢᠮᠲᠠᠯᠠᠬᠤ ᠳᠤ ᠲᠤᠰᠠᠯᠠᠬᠤ | ᠪᠣᠯᠣᠨ᠎ᠠ᠃ ᠭᠤᠷᠪᠠᠳᠤᠭᠠᠷ ᠲᠤ᠂ ᠬᠥᠳᠡᠯᠭᠡᠭᠡᠨ ᠬᠢᠬᠦ ᠲᠠᠯᠠᠪᠤᠷ ᠢᠶᠠᠨ ᠦᠷᠬᠦᠯᠵᠢ ᠰᠣᠯᠢᠵᠤ ᠪᠠᠶᠢᠪᠠᠯ ᠰᠠᠶᠢᠨ᠃ | ᠳᠥᠷᠪᠡᠳᠦᠭᠡᠷ ᠲᠤ᠂ ᠨᠠᠶᠢᠵᠠ ᠨᠥᠬᠦᠳ ᠢᠶᠠᠨ ᠴᠤᠭᠯᠠᠭᠤᠯᠤᠨ᠂ ᠬᠠᠮᠲᠤ ᠪᠠᠷ ᠴᠠᠭ ᠪᠣᠯᠵᠣᠨ ᠬᠥᠳᠡᠯᠭᠡᠭᠡᠨ ᠬᠢᠨ᠎ᠡ᠃ | ᠲᠠᠪᠤᠳᠤᠭᠠᠷ ᠲᠤ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ᠎ᠠ᠃ ᠵᠢᠱᠢᠶᠡᠯᠡᠪᠡᠯ ᠭᠠᠷ | ᠤᠲᠠᠰᠤᠨ ᠳᠠᠭᠠᠨ ᠣᠶᠤᠨᠴᠢ ᠬᠡᠷᠡᠭᠯᠡᠭᠡᠨ ᠤ ᠰᠢᠰᠲ᠋ᠧᠮ ᠤᠭᠰᠠᠷᠠᠨ᠂ ᠲᠡᠭᠦᠨ ᠳᠡᠭᠡᠷᠡᠬᠢ ᠬᠥᠳᠡᠯᠭᠡᠭᠡᠨ ᠤ | ᠲᠥᠰᠥᠪ ᠢᠶᠠᠷ ᠬᠥᠳᠡᠯᠭᠡᠭᠡᠨ ᠬᠢᠬᠦ ᠪᠤᠶᠤ ᠬᠥᠳᠡᠯᠭᠡᠭᠡᠨ ᠬᠢᠭᠰᠡᠨ ᠪᠠᠶᠢᠳᠠᠯ ᠢᠶᠠᠨ ᠬᠢᠨᠠᠨ ᠬᠡᠮᠵᠢᠵᠦ ᠪᠣᠯᠣᠨ᠎ᠠ᠃ ᠪᠠᠰᠠ | ᠭᠠᠷ ᠤᠲᠠᠰᠤᠨ ᠤ ᠵᠥᠭᠡᠯᠡᠨ ᠲᠤᠨᠤᠭ ᠢ ᠠᠰᠢᠭᠯᠠᠨ᠂ ᠰᠦᠯᠵᠢᠶᠡᠨ ᠳᠡᠭᠡᠷ᠎ᠡ ᠨᠠᠶᠢᠵᠠ ᠨᠥᠬᠦᠳ ᠲᠠᠢ ᠪᠠᠨ ᠪᠣᠯᠵᠣᠨ | ᠤᠷᠤᠯᠳᠤᠵᠦ ᠪᠣᠯᠣᠨ᠎ᠠ᠃ ᠡᠳᠦᠷ ᠪᠦᠷᠢ ᠬᠦᠶᠦᠬᠦ ᠨᠢ ᠡᠷᠡᠭᠲᠡᠶᠢᠴᠦᠳ ᠤᠨ ᠠᠮᠢ ᠨᠠᠰᠤ ᠶᠢ 6.2 ᠵᠢᠯ᠂ | ᠡᠮᠡᠭᠲᠡᠶᠢᠴᠦᠳ ᠤᠨ ᠠᠮᠢ ᠨᠠᠰᠤ ᠶᠢ 5.6 ᠵᠢᠯ ᠤᠷᠲᠤᠳᠬᠠᠬᠤ ᠪᠣᠯᠣᠨ᠎ᠠ᠃ ᠭᠠᠷᠠᠭ ᠪᠦᠷᠢ 60 - 150 ᠮᠢᠨᠦ᠋ᠲ | ᠬᠦᠶᠦᠬᠦ ᠶᠢ ᠪᠠᠷᠢᠮᠲᠠᠯᠠᠭᠠᠷᠠᠢ᠃ | |