ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠵᠠᠷᠯᠠᠯ | ︵56 ᠳ᠋ᠤᠭᠠᠷ ᠲᠣᠭᠠᠲᠤ︶ | ᠣᠶᠢᠷ᠎ᠠ ᠶᠢᠨ ᠬᠤᠭᠤᠴᠠᠭᠠᠨ ᠳᠤ ᠣᠶᠢᠷ᠎ᠠ ᠬᠠᠪᠢ ᠶᠢᠨ ᠬᠤᠰᠢᠭᠤ ᠰᠢᠶᠠᠨ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ᠬᠢᠵᠢᠭ | ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠬᠤᠰᠢᠭᠤᠨ ᠳᠤ ᠢᠷᠡᠬᠦ ︵ᠪᠤᠴᠠᠵᠤ ᠢᠷᠡᠬᠦ︶ | ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠳᠣᠣᠷᠠᠬᠢ ᠮᠡᠲᠦ ᠵᠠᠷᠯᠠᠶ᠎ᠠ᠄ | ᠨᠢᠭᠡ᠂ ᠮᠠᠨ ᠤ ᠬᠤᠰᠢᠭᠤᠨ ᠳᠤ ᠢᠷᠡᠬᠦ ᠭᠡᠵᠦ ᠪᠠᠶᠢᠭ᠎ᠠ ᠬᠥᠮᠥᠰ ︵ᠮᠠᠨ ᠤ ᠬᠤᠰᠢᠭᠤᠨ ᠠᠴᠠ ᠭᠠᠳᠠᠭᠰᠢ | ᠭᠠᠷᠴᠤ ᠪᠤᠴᠠᠵᠤ ᠢᠷᠡᠬᠦ ᠭᠡᠵᠦ ᠪᠠᠶᠢᠭ᠎ᠠ ᠬᠥᠮᠥᠰ ᠢ ᠪᠠᠭᠲᠠᠭᠠᠨ᠎ᠠ︶᠂ ᠨᠡᠶᠢᠭᠡᠮ ᠲᠣᠭᠤᠷᠢᠭ ︵ᠭᠠᠴᠠᠭ᠎ᠠ︶᠂ | ᠰᠠᠭᠤᠬᠤ ᠭᠡᠵᠦ ᠪᠠᠶᠢᠭ᠎ᠠ ᠵᠣᠴᠢᠳ ᠤᠨ ᠪᠠᠭᠤᠳᠠᠯ ᠳᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠪᠥᠭᠡᠮ | ᠬᠦᠴᠢᠯ ᠤᠨ ᠪᠠᠶᠢᠴᠠᠭᠠᠯᠲᠠ ᠶᠢ 3 ᠡᠳᠦᠷ ᠲᠤ 2 ᠤᠳᠠᠭ᠎ᠠ ᠬᠢᠯᠭᠡᠵᠦ ︵2 ᠤᠳᠠᠭ᠎ᠠ ᠶᠢᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠷ᠎ᠡ ᠳ᠋ᠦᠩ ᠤᠨ ᠵᠠᠢ ᠨᠢ 24 ᠴᠠᠭ ᠠᠴᠠ ᠳᠡᠭᠡᠭᠰᠢ ᠪᠠᠶᠢᠵᠤ︶᠂ ᠬᠤᠶᠠᠳᠤᠭᠠᠷ ᠤᠳᠠᠭᠠᠨ ᠤ | ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠭᠠᠷᠬᠤ ᠠᠴᠠ ᠡᠮᠦᠨ᠎ᠡ ᠤᠨᠴᠠᠭᠠᠢ ᠴᠢᠬᠤᠯᠠ ᠤᠴᠢᠷ | ᠦᠭᠡᠢ ᠪᠣᠯ ᠭᠠᠳᠠᠭᠰᠢ ᠭᠠᠷᠴᠤ ᠪᠣᠯᠬᠤ ᠦᠭᠡᠢ᠂ 7 ᠡᠳᠦᠷ ᠤᠨ ᠳᠣᠲᠣᠷ᠎ᠠ ᠴᠤᠭᠯᠠᠷᠠᠬᠤ ᠦᠭᠡᠢ᠂ ᠬᠠᠮᠲᠤ | ᠬᠤᠭᠤᠯᠠᠯᠠᠬᠤ ᠦᠭᠡᠢ᠂ ᠬᠥᠮᠥᠨ ᠬᠠᠷ᠎ᠠ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ | ᠪᠠᠶᠢᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠦᠭᠡᠢ ᠪᠠᠶᠢᠬᠤ ᠬᠡᠷᠡᠭᠲᠡᠢ᠃ | ᠬᠤᠶᠠᠷ᠂ ᠠᠶᠢᠮᠠᠭ ᠤᠨ ᠳᠣᠲᠣᠷ᠎ᠠ ᠪᠤᠶᠤ ᠠᠶᠢᠮᠠᠭ ᠤᠨ ᠭᠠᠳᠠᠨᠠᠬᠢ ᠭᠠᠵᠠᠷ ᠣᠷᠣᠨ ᠠᠴᠠ ᠮᠡᠳᠡᠭᠦᠯᠦᠨ ᠢᠷᠡᠭᠰᠡᠨ | ᠨᠢᠭᠲᠠ ᠣᠶᠢᠷᠠᠲᠤᠭᠰᠠᠳ ᠪᠠ ᠮᠠᠨ ᠤ ᠬᠤᠰᠢᠭᠤᠨ ᠤ ᠮᠠᠭᠠᠳᠯᠠᠨ ᠲᠣᠭᠲᠠᠭᠠᠭᠰᠠᠨ ᠨᠢᠭᠲᠠ ᠣᠶᠢᠷᠠᠲᠤᠭᠰᠠᠳ ᠲᠤ ︽ | 5 ᠡᠳᠦᠷ ᠨᠢᠭᠡᠳᠦᠯᠲᠡᠢ ᠲᠤᠰᠠᠭᠠᠷᠯᠠᠬᠤ + 3 ᠡᠳᠦᠷ ᠭᠡᠷ ᠲᠤᠨᠢ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ ᠭᠡᠷ ᠲᠤᠨᠢ ᠲᠤᠰᠠᠭᠠᠷᠯᠠᠬᠤ ᠦᠶ᠎ᠡ ᠳᠤ᠂ ᠬᠠᠮᠲᠤ ᠰᠠᠭᠤᠭ᠎ᠠ ᠬᠥᠮᠥᠰ ᠲᠠᠢ ᠨᠢ | ᠬᠠᠮᠲᠤ ᠳᠤᠨᠢ ᠬᠠᠮᠢᠶᠠᠷᠤᠨ ᠡᠵᠡᠮᠳᠡᠵᠦ᠂ ᠭᠠᠳᠠᠭᠰᠢ ᠭᠠᠷᠴᠤ ᠪᠣᠯᠬᠤ ᠦᠭᠡᠢ᠂ ᠨᠢᠭᠡᠳᠦᠯᠲᠡᠢ ᠲᠤᠰᠠᠭᠠᠷᠯᠠᠭᠰᠠᠨ 1᠂ 2 | ᠂ 3᠂ 5 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠭᠡᠷ ᠲᠤᠨᠢ | ᠲᠤᠰᠠᠭᠠᠷᠯᠠᠭᠰᠠᠨ 1᠂ 3 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ | ᠬᠢᠨ᠎ᠡ᠃ ᠬᠡᠷᠪᠡ ᠭᠡᠷ ᠲᠤ ᠪᠠᠨ ᠲᠤᠰᠠᠭᠠᠷᠯᠠᠭᠳᠠᠬᠤ ᠨᠥᠬᠦᠴᠡᠯ ᠦᠭᠡᠢ ᠪᠣᠯ᠂ ᠲᠣᠰ ᠬᠥᠮᠥᠨ ᠨᠢ ᠭᠤᠶᠤᠴᠢᠯᠠᠯ | ᠳᠡᠪᠰᠢᠭᠦᠯᠵᠦ᠂ 8 ᠡᠳᠦᠷ ᠨᠢᠭᠡᠳᠦᠯᠲᠡᠢ ᠲᠤᠰᠠᠭᠠᠷᠯᠠᠬᠤ ᠶᠢ ᠬᠡᠷᠡᠭᠵᠢᠭᠦᠯᠵᠦ᠂ 6᠂ 8 ᠳ᠋ᠤᠭᠠᠷ ᠡᠳᠦᠷ ᠲᠤ ᠲᠣᠰ | ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ | ᠭᠤᠷᠪᠠ᠂ ᠠᠶᠢᠮᠠᠭ ᠤᠨ ᠳᠣᠲᠣᠷ᠎ᠠ ᠪᠤᠶᠤ ᠠᠶᠢᠮᠠᠭ ᠤᠨ ᠭᠠᠳᠠᠨᠠᠬᠢ ᠬᠢᠵᠢᠭ ᠤᠨ ᠥᠨᠳᠥᠷ ᠲᠦᠭᠰᠢᠭᠦᠷᠢ ᠲᠠᠢ | ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠬᠦ ︵ᠪᠤᠴᠠᠵᠤ ᠢᠷᠡᠬᠦ︶ ᠬᠥᠮᠥᠰ ᠲᠤ ︽7 ᠡᠳᠦᠷ ᠤᠨ ᠭᠡᠷ | ᠲᠤᠨᠢ ᠲᠤᠰᠠᠭᠠᠷᠯᠠᠬᠤ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠭᠡᠷ ᠲᠤᠨᠢ ᠲᠤᠰᠠᠭᠠᠷᠯᠠᠬᠤ | ᠦᠶ᠎ᠡ ᠳᠤ᠂ ᠬᠠᠮᠲᠤ ᠰᠠᠭᠤᠭ᠎ᠠ ᠬᠥᠮᠥᠰ ᠲᠠᠢ ᠨᠢ ᠬᠠᠮᠲᠤ ᠳᠤᠨᠢ ᠬᠠᠮᠢᠶᠠᠷᠤᠨ ᠡᠵᠡᠮᠳᠡᠵᠦ᠂ ᠭᠠᠳᠠᠭᠰᠢ ᠭᠠᠷᠴᠤ | ᠪᠣᠯᠬᠤ ᠦᠭᠡᠢ᠃ ᠬᠡᠷᠪᠡ ᠭᠡᠷ ᠲᠡᠭᠡᠨ ᠲᠤᠰᠠᠭᠠᠷᠯᠠᠭᠳᠠᠬᠤ ᠨᠥᠬᠦᠴᠡᠯ ᠦᠭᠡᠢ ᠪᠣᠯ᠂ ᠲᠤᠰ ᠬᠥᠮᠥᠨ ᠨᠢ ᠭᠤᠶᠤᠴᠢᠯᠠᠯ | ᠳᠡᠪᠰᠢᠭᠦᠯᠵᠦ᠂ ᠨᠢᠭᠡᠳᠦᠯᠲᠡᠢ ᠲᠤᠰᠠᠭᠠᠷᠯᠠᠬᠤ ᠪᠣᠯᠭᠠᠨ᠎ᠠ᠃ ᠲᠤᠰᠠᠭᠠᠷᠯᠠᠬᠤ ᠬᠤᠭᠤᠴᠠᠭᠠᠨ ᠤ 1᠂ 3᠂ 5᠂ 7 | ᠳ᠋ᠤᠭᠠᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ | ᠳᠥᠷᠪᠡ᠂ ᠠᠶᠢᠮᠠᠭ ᠤᠨ ᠳᠣᠲᠣᠷ᠎ᠠ ᠪᠤᠶᠤ ᠠᠶᠢᠮᠠᠭ ᠤᠨ ᠭᠠᠳᠠᠨᠠᠬᠢ ᠬᠢᠵᠢᠭ ᠤᠨ ᠳᠣᠣᠷ᠎ᠠ ᠲᠦᠭᠰᠢᠭᠦᠷᠢ ᠲᠠᠢ | ᠭᠠᠵᠠᠷ ᠣᠷᠣᠨ ᠠᠴᠠ ︵ᠬᠢᠵᠢᠭ ᠤᠨ ᠥᠨᠳᠥᠷ ᠲᠦᠭᠰᠢᠭᠦᠷᠢ ᠲᠠᠢ ᠣᠷᠣᠨ ᠳᠤ ᠪᠠᠶᠢᠭ᠎ᠠ ᠰᠢᠶᠠᠨ᠂ ᠬᠤᠲᠠ᠂ | ᠲᠣᠭᠤᠷᠢᠭ᠂ ᠬᠤᠰᠢᠭᠤᠨ ᠤ ᠪᠤᠰᠤᠳ ᠭᠠᠵᠠᠷ ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠤᠷᠢᠭ ᠢ ᠵᠢᠭᠠᠵᠤ ᠪᠣᠶ | ︶ ᠮᠠᠨ ᠤ ᠬᠤᠰᠢᠭᠤᠨ ᠳᠤ ᠢᠷᠡᠬᠦ ︵ᠪᠤᠴᠠᠵᠤ ᠢᠷᠡᠬᠦ︶ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ︽3 ᠡᠳᠦᠷ ᠭᠡᠷ ᠲᠡᠭᠡᠨ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠬᠢᠵᠦ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠶᠢᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠣᠯ᠂ ᠪᠠᠭᠤᠭᠰᠠᠨ ᠭᠠᠵᠠᠷ ᠲᠠᠭᠠᠨ | ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠬᠢᠯᠭᠡᠵᠦ ᠪᠠᠷᠠᠮᠠᠭᠴᠠ ᠶᠠᠪᠤᠵᠤ ᠪᠣᠯᠣᠨ᠎ᠠ᠃ | ᠲᠠᠪᠤ᠂ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠮᠥᠨᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠪᠠᠶᠢᠬᠤ ᠶᠢ ᠦᠨᠳᠦᠰᠦᠯᠡᠨ᠂ ᠠᠶᠢᠮᠠᠭ᠂ ᠬᠤᠰᠢᠭᠤ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠤᠭᠤᠳᠬᠤ ᠬᠡᠯᠲᠡᠰ ᠤᠨ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ | ᠵᠢᠷᠭᠤᠭ᠎ᠠ᠂ ᠮᠠᠨ ᠤ ᠬᠤᠰᠢᠭᠤᠨ ᠳᠤ ᠢᠷᠡᠬᠦ ︵ᠪᠤᠴᠠᠵᠤ ᠢᠷᠡᠬᠦ︶ ᠪᠦᠬᠦᠶᠢᠯᠡ ᠰᠤᠷᠤᠭᠴᠢᠳ ᠢ ᠵᠠᠮ | ᠬᠠᠷᠢᠯᠴᠠᠭᠠᠨ ᠤ ᠪᠠᠶᠢᠴᠠᠭᠠᠯᠲᠠ ᠶᠢᠨ ᠴᠡᠭ᠂ ︽ᠨᠢᠭᠡ ᠲᠠᠯᠠᠪᠤᠷ ᠬᠤᠶᠠᠷ ᠥᠷᠲᠡᠭᠡ︾ ᠠᠴᠠ ︽ᠴᠡᠭ ᠠᠴᠠ ᠴᠡᠭ ᠲᠤ | ᠬᠦᠷᠭᠡᠬᠦ︾ ᠠᠷᠭ᠎ᠠ ᠪᠠᠷ ᠶᠠᠪᠤᠭᠤᠯᠵᠤ᠂ ᠬᠤᠰᠢᠭᠤᠨ ᠳᠤ ᠪᠤᠴᠠᠨ ᠢᠷᠡᠬᠦ ᠪᠥᠬᠦ ᠶᠠᠪᠤᠴᠠ ᠳᠤ ᠪᠢᠲᠡᠭᠦᠮᠵᠢᠯᠡᠭᠰᠡᠨ | ᠬᠠᠮᠢᠶᠠᠷᠤᠯᠲᠠ ᠶᠢ ᠬᠡᠷᠡᠭᠵᠢᠭᠦᠯᠵᠦ᠂ ᠪᠤᠰᠤᠳ ᠬᠥᠮᠥᠨ ᠲᠠᠢ ᠣᠶᠢᠷᠠᠳᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠬᠤᠰᠢᠭᠤᠨ ᠳᠤ ᠢᠷᠡᠭᠰᠡᠨ ᠤ ᠳᠠᠷᠠᠭ᠎ᠠ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠳᠤ ᠢᠳᠡᠪᠬᠢᠲᠡᠢ ᠬᠠᠮᠵᠢᠯᠴᠠᠨ᠎ᠠ᠃ | ᠲᠤᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ | ᠬᠠᠮᠵᠢᠯᠴᠠᠬᠤ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ ᠬᠠᠮᠢᠶ᠎ᠠ ᠪᠦᠬᠦᠢ | ᠬᠥᠮᠥᠰ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ | ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢ ᠦᠨᠳᠦᠰᠦᠯᠡᠨ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠃ ᠬᠤᠰᠢᠭᠤᠨ ᠳᠤ | ᠢᠷᠡᠬᠦ ︵ᠪᠤᠴᠠᠵᠤ ᠢᠷᠡᠬᠦ︶ ᠪᠦᠬᠦᠶᠢᠯᠡ ᠬᠥᠮᠥᠰ ᠣᠶᠢᠯᠠᠭᠠᠨ ᠳᠡᠮᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠢᠳᠡᠪᠬᠢᠲᠡᠢ ᠬᠠᠮᠵᠢᠯᠴᠠᠬᠤ ᠶᠢ ᠬᠦᠰᠡᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ | 2022 ᠣᠨ ᠤ 12 ᠰᠠᠷ᠎ᠠ ᠶᠢᠨ 3 ᠤ ᠡᠳᠦᠷ | | |