︽ᠲᠠᠯᠠᠪᠤᠷ ᠤᠨ ᠺᠣᠳ᠋︾ ᠶᠢ ᠰᠢᠯᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ | ᠮᠡᠳᠡᠭᠳᠡᠯ | ︽ᠲᠠᠯᠠᠪᠤᠷ ᠤᠨ ᠺᠣᠳ᠋︾ ᠪᠣᠯ ᠬᠠᠯᠳᠠᠪᠤᠷᠢᠲᠤ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠤᠭ ᠦᠨᠳᠦᠰᠦ | ︵ᠰᠤᠷᠪᠤᠯᠵᠢ︶ ᠶᠢ ᠡᠷᠢᠬᠦ ᠴᠢᠬᠤᠯᠠ ᠠᠷᠭ᠎ᠠ ᠠᠪᠴᠠᠯ ᠪᠠᠶᠢᠵᠤ᠂ ᠬᠢᠵᠢᠭ ᠤᠨ ᠪᠠᠶᠢᠳᠠᠯ ᠢ ᠤᠨᠤᠪᠴᠢᠲᠠᠢ ᠰᠡᠷᠭᠡᠶᠢᠯᠡᠨ | ᠡᠵᠡᠮᠳᠡᠬᠦ ᠰᠢᠨᠵᠢᠯᠡᠬᠦ ᠤᠬᠠᠭᠠᠨᠴᠢ ᠮᠡᠷᠭᠡᠵᠢᠯ ᠤᠨ ᠬᠠᠯᠬᠠᠪᠴᠢ ᠪᠣᠯᠣᠨ᠎ᠠ᠃ ᠣᠳᠣᠬᠠᠨ ᠳᠤ᠂ ᠤᠯᠤᠰ ᠤᠨ | ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠭᠠᠵᠠᠷ ᠲᠤ ᠲᠠᠷᠬᠠᠵᠤ᠂ ᠣᠨᠴᠠᠭᠠᠶᠢᠯᠠᠨ ᠬᠥᠮᠥᠨ ᠤ ᠤᠷᠤᠰᠬᠠᠯ ᠪᠠ | ᠪᠣᠳᠠᠰ ᠤᠨ ᠭᠦᠢᠯᠭᠡᠭᠡᠨ ᠢ ᠳᠠᠭᠠᠯᠳᠤᠨ ᠡᠳᠦᠷ ᠠᠴᠠ ᠡᠳᠦᠷ ᠣᠯᠠᠰᠢᠷᠠᠵᠦ ᠪᠠᠶᠢᠬᠤ ᠪᠤᠯᠬᠤᠷ᠂ ᠮᠠᠨ ᠤ ᠬᠤᠰᠢᠭᠤᠨ ᠤ | ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ ᠳᠠᠷᠤᠯᠲᠠ ᠥᠷᠭᠦᠯᠵᠢᠯᠡᠨ ᠨᠡᠮᠡᠭᠳᠡᠵᠦ ᠪᠤᠢ᠃ | ᠰᠢᠨᠵᠢᠯᠡᠬᠦ ᠤᠬᠠᠭᠠᠨᠴᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠰᠠᠶᠢᠲᠤᠷ | ᠬᠢᠬᠦ ᠶᠢᠨ ᠲᠤᠯᠠᠳᠠ᠂ ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠯᠠᠳᠠ᠂ ᠡᠳᠦᠭᠡ ︽ | ᠲᠠᠯᠠᠪᠤᠷ ᠤᠨ ᠺᠣᠳ᠋︾ ᠶᠢ ᠰᠢᠷᠪᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠤᠷ᠎ᠠ | ᠮᠡᠳᠡᠭᠳᠡᠶ᠎ᠡ᠄ | ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠭᠠᠵᠠᠷ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ | ᠲᠠᠯᠠᠪᠤᠷ ᠤᠳ ᠨᠢ ︽ᠬᠡᠨ ᠬᠠᠮᠢᠶᠠᠷᠤᠭᠰᠠᠨ ᠪᠣᠯ ᠬᠡᠨ ᠬᠠᠷᠢᠭᠤᠴᠠᠬᠤ︾ ᠂ ︽ᠬᠡᠨ ᠡᠵᠡᠩᠨᠡᠭᠰᠡᠨ ᠪᠣᠯ ᠬᠡᠨ | ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠳᠤᠷᠢᠮᠵᠢᠯᠡᠯ ᠶᠣᠰᠣᠭᠠᠷ ᠠᠬᠤᠢ ᠲᠠᠯᠠᠪᠤᠷ ᠤᠨ ᠺᠣᠳ᠋ ᠶᠢ ᠭᠤᠶᠤᠴᠢᠯᠠᠨ | ᠠᠪᠬᠤ ᠶᠢᠨ ᠳᠠᠭᠠᠣ ᠣᠷᠣᠵᠤ ᠭᠠᠷᠬᠤ ᠡᠭᠦᠳᠡᠨ ᠤ ᠢᠯᠡ ᠭᠠᠵᠠᠷ ᠲᠤ ︽ᠲᠠᠯᠠᠪᠤᠷ ᠤᠨ ᠺᠣᠳ᠋︾ ᠶᠢ ᠨᠠᠭᠠᠵᠤ᠂ | ᠲᠤᠰᠬᠠᠢ ᠬᠥᠮᠥᠨ ᠲᠣᠬᠢᠷᠠᠭᠤᠯᠤᠨ᠂ ᠪᠠᠶᠢᠴᠠᠭᠠᠨ ᠰᠢᠯᠭᠠᠵᠤ᠂ ︽ᠨᠢᠭᠡ ᠺᠣᠳ᠋ ᠪᠠᠷ ᠤᠯᠠᠨ ᠬᠥᠮᠥᠨ ᠣᠷᠣᠬᠤ︾ ᠶᠢ | ᠬᠤᠷᠢᠭᠯᠠᠵᠤ᠂ ︽ᠣᠷᠣᠵᠤ ᠭᠠᠷᠬᠤ ᠬᠦᠮᠦᠨ ᠪᠦᠬᠦᠨ ᠴᠦᠮ ᠺᠣᠳ᠋ ᠰᠢᠷᠪᠢᠬᠦ᠂ ᠺᠣᠳ᠋ ᠶᠢ ᠪᠠᠶᠢᠴᠠᠭᠠᠬᠤ ᠬᠦᠮᠦᠨ | ᠪᠠᠶᠢᠬᠤ᠂ ᠨᠢᠭᠡᠴᠦ ᠬᠦᠮᠦᠨ ᠢ ᠤᠷᠬᠢᠭᠳᠠᠭᠤᠯᠬᠤ ᠦᠭᠡᠢ ᠪᠠᠶᠢᠬᠤ︾ ᠶᠢ ᠪᠠᠲᠤᠯᠠᠬᠤ ᠬᠡᠷᠡᠭᠲᠡᠢ᠃ ᠣᠶᠤᠨᠲᠤ ᠭᠠᠷ | ᠤᠲᠠᠰᠤ ᠦᠭᠡᠢ ᠨᠠᠰᠤᠲᠠᠶᠢᠴᠤᠳ ᠪᠤᠶᠤ ᠬᠡᠦᠬᠡᠳ ᠵᠢᠴᠢ ᠤᠨᠴᠠᠭᠠᠢ ᠪᠠᠶᠢᠳᠠᠯ ᠠᠴᠠ ᠪᠣᠯᠵᠦ ᠬᠡᠪ ᠤᠨ ᠶᠣᠰᠣᠭᠠᠷ | ᠲᠠᠯᠠᠪᠤᠷ ᠤᠨ ᠺᠣᠳ᠋ ᠶᠢ ᠰᠢᠷᠪᠢᠵᠦ ᠲᠡᠶᠢᠯᠬᠦ ᠦᠭᠡᠢ ᠬᠥᠮᠥᠰ ᠢ ᠲᠡᠮᠳᠡᠭᠯᠡᠨ ᠲᠠᠩᠰᠠᠯᠠᠵᠦ᠂ ᠳᠡᠯᠭᠡᠭᠦᠷ ᠲᠤ ᠤᠷᠤᠵᠦ | ᠭᠠᠷᠬᠤ ᠬᠦᠮᠦᠰ ᠢ ᠲᠡᠮᠳᠡᠭᠯᠡᠨ ᠳᠠᠩᠰᠠᠯᠠᠬᠤ ᠠᠵᠢᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠪᠠᠷᠠᠭᠤᠨ ᠦᠵᠦᠮᠦᠴᠢᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠡᠯᠳᠡᠰ ᠤᠨ | ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ︽ᠲᠠᠯᠠᠪᠤᠷ ᠤᠨ ᠺᠣᠳ᠋︾ ᠶᠢ | ᠪᠠᠶᠢᠴᠠᠭᠠᠨ ᠰᠢᠯᠭᠠᠬᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠲᠣᠭᠲᠠᠭᠠᠯ ᠶᠣᠰᠣᠭᠠᠷ 10 ᠡᠳᠦᠷ ᠠᠵᠢᠯ ᠵᠣᠭᠰᠣᠭᠠᠨ ᠴᠡᠭᠴᠡᠯᠡᠬᠦ ᠶᠢᠨ ᠬᠠᠮᠲᠤ᠂ ᠨᠡᠶᠢᠭᠡᠮ | ᠨᠡᠶᠢᠲᠡ ᠳᠤ ᠢᠯᠡ ᠪᠠᠷ ᠨᠡᠶᠢᠲᠡᠯᠡᠨ᠎ᠡ᠃ ᠲᠣᠭᠲᠠᠭᠠᠯ ᠶᠣᠰᠣᠭᠠᠷ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ | ᠦᠭᠡᠢ ᠠᠴᠠ ᠪᠣᠯᠵᠤ᠂ ᠬᠢᠵᠢᠭ ᠤᠨ ᠪᠠᠶᠢᠳᠠᠯ ᠡᠭᠦᠰᠬᠡᠭᠰᠡᠨ ᠪᠠ ᠲᠠᠷᠬᠠᠭᠰᠠᠨ ᠪᠠᠶᠢᠪᠠᠯ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ | ᠠᠷᠭᠠᠴᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠵᠢᠯ ᠢ ᠨᠢ ᠵᠣᠭᠰᠣᠭᠠᠨ᠂ | ᠡᠵᠡᠩᠨᠡᠯᠲᠡ ᠶᠢᠨ ᠦᠨᠡᠮᠯᠡᠯ ᠢ ᠨᠢ ᠲᠦᠷ ᠦᠯᠡᠳᠡᠭᠡᠨ ᠠᠪᠬᠤ ᠪᠤᠶᠤ ᠬᠤᠷᠢᠶᠠᠨ ᠠᠪᠴᠤ᠂ ᠬᠦᠴᠦᠨ ᠦᠭᠡᠢ | ᠪᠤᠯᠭᠠᠬᠤ ᠶᠢᠨ ᠬᠠᠮᠲᠤ ᠲᠠᠪᠤᠨ ᠲᠦᠮᠡᠨ ᠲᠥᠭᠦᠷᠢᠭ ᠠᠴᠠ ᠳᠡᠭᠡᠭᠰᠢ᠂ ᠬᠤᠷᠢᠨ ᠲᠦᠮᠡᠨ ᠲᠥᠭᠦᠷᠢᠭ ᠠᠴᠠ | ᠳᠣᠷᠣᠭᠰᠢ ᠲᠤᠷᠠᠭᠠᠵᠤ ᠰᠢᠢᠳᠬᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠃ ᠥᠷᠭᠡᠨ ᠤᠯᠠᠨ | ᠡᠵᠡᠩᠨᠡᠭᠴᠢᠳ ︽ᠺᠣᠳ᠋︾ ᠰᠢᠷᠪᠢᠬᠦᠯᠬᠦ ᠠᠵᠢᠯ ᠠᠴᠠ ᠡᠬᠢᠯᠡᠨ ᠬᠢᠵᠢᠭ ᠤᠨ ᠪᠠᠶᠢᠳᠠᠯ ᠢ ᠰᠡᠷᠭᠡᠶᠢᠯᠡᠬᠦ ᠠᠵᠢᠯ ᠢ | ᠨᠠᠶᠢᠳᠠᠪᠤᠷᠢᠵᠢᠭᠤᠯᠵᠦ᠂ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ | ᠵᠢᠷᠤᠮᠯᠠᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠢᠩᠭ᠎ᠠ ᠰᠠᠬᠢᠵᠤ᠂ ᠡᠨᠡᠬᠦ ᠬᠢᠯᠪᠠᠷ ᠪᠤᠰᠤ ᠪᠠᠷ | ᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠬᠦᠯᠬᠦ ᠬᠡᠷᠡᠭᠲᠡᠢ᠃ |