锡林郭勒盟365bet知乎_365bet官方体育投注_365bet娱乐场平台珠穆沁旗 365bet知乎_365bet官方体育投注_365bet娱乐场平台

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ‌ᠠᠭᠤᠰᠬᠢᠨ  ᠦᠷᠪᠢᠰᠦᠯ  ᠢ  ᠰᠡᠷᠭᠡᠶᠢᠯᠡᠨ  ᠡᠵᠡᠮᠳᠡᠬᠦ  ᠠᠵᠢᠯ  ᠤᠨ  ᠵᠢᠯᠣᠭᠤᠳᠬᠤ  ᠬᠡᠯᠲᠡᠰ ᠤᠨ  ᠵᠠᠷᠯᠠᠯ                          ︵6 ᠳ᠋ᠤᠭᠠᠷ
        ᠨᠡᠶᠢᠲᠡᠯᠡᠭᠰᠡᠨ ᠴᠠᠭ᠄
        2022/3/30
          ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ‌ᠠᠭᠤᠰᠬᠢᠨ  ᠦᠷᠪᠢᠰᠦᠯ  ᠢ  ᠰᠡᠷᠭᠡᠶᠢᠯᠡᠨ  ᠡᠵᠡᠮᠳᠡᠬᠦ  ᠠᠵᠢᠯ   ᠤᠨ  ᠵᠢᠯᠣᠭᠤᠳᠬᠤ  ᠬᠡᠯᠲᠡᠰ  ᠤᠨ  ᠵᠠᠷᠯᠠᠯ                           ︵6 ᠳ᠋ᠤᠭᠠᠷ ᠲᠤᠭᠠᠲᠤ︶   2022 ᠣᠨ ᠤ 3 ᠰᠠᠷ᠎ᠠ ᠶᠢᠨ 28 ᠤ ᠡᠳᠦᠷ᠂ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠪᠥᠭᠡᠮ ᠬᠦᠴᠢᠯ ᠤᠨ ᠪᠠᠶᠢᠴᠠᠭᠠᠯᠳᠠ ᠨᠢ ᠠᠷᠭ᠎ᠠ ᠴᠢᠨᠠᠷ ᠲᠠᠢ 1 ᠬᠦᠮᠦᠨ ᠢᠯᠡᠷᠡᠵᠦ᠂ 2022 ᠣᠨ ᠤ 3 ᠰᠠᠷ᠎ᠠ ᠶᠢᠨ 29 ᠤ ᠡᠳᠦᠷ᠂ ᠪᠠᠭᠠᠷᠢᠨ ᠵᠡᠭᠦᠨ ᠬᠤᠰᠢᠭᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠴᠢᠨᠠᠷ ᠲᠠᠢ ᠪᠠᠰᠠ 1 ᠬᠥᠮᠥᠨ ᠢᠯᠡᠷᠡᠵᠦ᠂ ᠰᠢᠶᠠᠩᠭᠠᠩ ᠠᠴᠠ ᠪᠤᠴᠠᠵᠤ ᠢᠷᠡᠭᠰᠡᠨ ᠪᠢᠳᠡᠬᠦᠮᠵᠢᠯᠡᠨ ᠬᠠᠮᠢᠶᠠᠷᠬᠤ ᠬᠦᠮᠦᠨ ᠪᠣᠯᠣᠨ᠎ᠠ᠃ ᠣᠳᠣᠬᠠᠨ ᠤ ᠬᠢᠵᠢᠭ ᠤᠨ ᠪᠠᠶᠢᠳᠠᠯ ᠴᠡᠭ ᠣᠯᠠᠨ᠂ ᠬᠡᠪᠴᠢᠶ᠎ᠡ ᠥᠷᠭᠡᠨ᠂ ᠪᠠᠶᠢᠨ ᠳᠠᠬᠢᠨ ᠡᠭᠦᠰᠬᠦ ᠵᠡᠷᠭᠡ ᠣᠨᠴᠠᠯᠢᠭ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠳᠦᠯᠦᠭᠡ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠬᠤᠰᠢᠭᠤᠨ ᠳᠤ ᠢᠷᠡᠬᠦ ︵ᠪᠤᠴᠠᠵᠦ ᠢᠷᠡᠬᠦ︶ ᠬᠥᠮᠥᠰ ᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠳᠡᠢ   ︵ᠨᠢᠭᠡ︶ ᠬᠤᠰᠢᠭᠤᠨ ᠳᠤ ᠢᠷᠡᠬᠦ ︵ᠪᠤᠴᠠᠵᠦ ᠢᠷᠡᠬᠦ︶ ᠪᠦᠬᠦᠶᠢᠯᠡ ᠬᠥᠮᠥᠰ ᠡᠷᠬᠡᠪᠰᠢ ᠤᠷᠢᠳᠴᠢᠯᠠᠨ ᠰᠠᠨᠠᠭᠠᠴᠢᠯᠠᠭ᠎ᠠ ᠠᠴᠠ ᠪᠠᠨ ᠪᠦᠷᠢᠳᠬᠡᠨ ᠳᠠᠩᠰᠠᠯᠠᠭᠤᠯᠵᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠬᠤᠰᠢᠭᠤᠨ ᠳᠤ ᠢᠷᠡᠵᠦ ︵ᠪᠤᠴᠠᠵᠦ ᠢᠷᠡᠵᠦ︶ ᠪᠤᠯᠤᠨ᠎ᠠ᠂ ᠬᠤᠰᠢᠭᠤᠨ ᠳᠤ ᠢᠷᠡᠭᠰᠡᠨ ᠤ ᠳᠠᠷᠠᠭ᠎ᠠ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ᠂ ᠵᠣᠴᠢᠳ ᠤᠨ ᠪᠠᠭᠤᠳᠠᠯ ᠳᠤ ᠪᠠᠨ ᠳᠠᠷᠤᠶᠢᠬᠠᠨ ︵12 ᠴᠠᠭ ᠤᠨ ᠳᠤᠳᠤᠷ᠎ᠠ︶ ᠮᠡᠳᠡᠭᠦᠯᠦᠨ ᠳᠠᠩᠰᠠᠯᠠᠭᠤᠯᠵᠤ᠂ 24 ᠴᠠᠭ ᠤᠨ ᠳᠣᠲᠣᠷ᠎ᠠ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠶᠢ ᠪᠡᠶᠡᠯᠡᠬᠦᠯᠬᠦ ᠶᠢᠨ ᠬᠠᠮᠲᠤ 14 ᠡᠳᠦᠷ ᠦᠪᠡᠷᠳᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠡᠢ᠃    ︵ᠬᠤᠶᠠᠷ︶ ᠬᠢᠯᠢ ᠶᠢᠨ ᠭᠠᠳᠠᠨ᠎ᠠ ᠠᠴᠠ ᠢᠷᠡᠭᠰᠡᠳ ᠬᠢᠯᠢ ᠳᠤ ᠣᠷᠣᠵᠤ ᠢᠷᠡᠭᠰᠡᠨ ᠭᠠᠵᠠᠷ ᠲᠠᠭᠠᠨ 14 ᠡᠳᠦᠷ ᠲᠥᠪᠯᠡᠷᠡᠭᠦᠯᠦᠨ ᠲᠤᠰᠠᠭᠠᠷᠯᠠᠵᠤ᠂ ᠬᠤᠰᠢᠭᠤᠨ ᠳᠤ ᠪᠤᠴᠠᠬᠤ ᠳᠠᠭᠠᠨ ᠡᠷᠬᠡᠪᠰᠢ ᠪᠢᠳᠡᠬᠦᠮᠵᠢᠯᠡᠭᠰᠡᠨ ᠬᠠᠮᠢᠶᠠᠷᠤᠯᠳᠠ ᠪᠠᠷ ᠰᠠᠭᠤᠭ᠎ᠠ ᠭᠠᠵᠠᠷ ᠲᠠᠭᠠᠨ ᠬᠦᠷᠭᠡᠵᠦ᠂ 7 ᠡᠳᠦᠷ ᠤᠨ ᠭᠡᠷ ᠲᠤ ᠪᠠᠨ ᠲᠤᠰᠠᠭᠠᠷᠯᠠᠬᠤ ᠶᠢ ᠬᠡᠷᠡᠭᠵᠢᠭᠦᠯᠵᠦ᠂ 2 ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ ︵2᠂ 7 ᠳ᠋ᠤᠭᠠᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ︶᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠪᠣᠯ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠢ᠃   ︵ᠭᠤᠷᠪᠠ︶ ᠤᠯᠤᠰ ᠤᠨ ᠳᠣᠲᠣᠭᠠᠳᠤ ᠶᠢᠨ ᠬᠢᠵᠢᠭ ᠤᠨ ᠦᠨᠳᠣᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠬᠤᠰᠢᠭᠤᠨ ᠳᠤ ᠢᠷᠡᠬᠦ ︵ᠪᠤᠴᠠᠵᠦ ᠢᠷᠡᠬᠦ︶ ᠬᠦᠮᠦᠰ ᠲᠤ᠂ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠨ᠎ᠡ ︵1᠂ 4᠂ 7᠂ 10᠂ 14  ᠳ᠋ᠤᠭᠡᠷ ᠡᠳᠦᠷ ᠲᠤ ᠲᠤᠰ ᠪᠦᠷᠢ ᠨᠢᠭᠡ ᠤᠳᠠᠭ᠎ᠠ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ︶᠃    ︵ᠳᠥᠷᠪᠡ︶ ᠤᠯᠤᠰ ᠤᠨ ᠳᠣᠲᠣᠭᠠᠳᠤ ᠶᠢᠨ ᠬᠢᠵᠢᠭ ᠤᠨ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠬᠤᠰᠢᠭᠤᠨ ᠳᠤ ᠢᠷᠡᠬᠦ ︵ᠪᠤᠴᠠᠵᠦ ᠢᠷᠡᠬᠦ︶ ᠬᠥᠮᠥᠰ ᠲᠤ 14 ᠡᠳᠦᠷ ᠤᠨ ᠭᠡᠷ ᠲᠡᠭᠡᠨ ᠲᠤᠰᠠᠭᠠᠷᠯᠠᠬᠤ ᠶᠢ ᠬᠡᠷᠡᠭᠵᠢᠭᠦᠯᠵᠦ᠂ 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠨ᠎ᠡ ︵1᠂ 4᠂ 7᠂ 10᠂ 14 ᠳ᠋ᠤᠭᠡᠷ ᠡᠳᠦᠷ ᠲᠤ ᠲᠤᠰ ᠪᠦᠷᠢ ᠨᠢᠭᠡ ᠤᠳᠠᠭ᠎ᠠ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ  ︶᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠪᠣᠯ ᠲᠥᠪᠯᠡᠷᠡᠭᠦᠯᠦᠨ ᠲᠤᠰᠠᠭᠠᠷᠯᠠᠨ᠎ᠠ᠃    ︵ᠲᠠᠪᠤ︶ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠬᠤᠲᠠ ︵ᠠᠶᠠᠯᠠᠯ ᠤᠨ ᠺᠠᠷᠲ ᠨᠢ ᠨᠤᠭᠤᠭᠠᠨ ᠥᠩᠭᠡ ᠲᠠᠢ    ᠤᠳᠤ ᠲᠠᠢ ᠬᠦᠮᠦᠰ ᠪᠠᠭᠲᠠᠨ᠎ᠠ︶ ᠠᠴᠠ ᠢᠷᠡᠭᠰᠡᠨ ᠪᠤᠰᠤᠳ ᠬᠥᠮᠥᠰ 14 ᠡᠳᠦᠷ ᠦᠪᠡᠷᠳᠡᠭᠡᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠬᠡᠷᠡᠭᠵᠢᠭᠦᠯᠵᠦ᠂ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ ︵2᠂ 5 ᠳ᠋ᠤᠭᠠᠷ ᠡᠳᠦᠷ ᠲᠤ ᠲᠤᠰ ᠪᠦᠷᠢ ᠨᠢᠭᠡ ᠤᠳᠠᠭ᠎ᠠ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ︶᠃   ᠬᠤᠶᠠᠷ᠂ ᠬᠤᠪᠢ ᠬᠥᠮᠥᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠳᠡᠢ     ︵ᠨᠢᠭᠡ︶ ᠥᠷᠭᠡᠨ ᠣᠯᠠᠨ ᠰᠠᠭᠤᠭᠠᠯᠢ ᠠᠷᠠᠳ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠳᠤᠮᠳᠠ᠂ ᠦᠨᠳᠦᠷ ᠲᠦᠭᠰᠢᠭᠦᠷᠢ ᠲᠠᠢ ᠭᠠᠵᠠᠷ ᠣᠷᠣᠨ ᠠᠴᠠ ᠴᠢᠬᠤᠯᠠ ᠦᠭᠡᠢ ᠪᠣᠯ ᠡᠳ᠋ ᠪᠣᠳᠠᠰ ᠰᠢᠤᠳᠠᠨ ᠢᠶᠠᠷ ᠬᠤᠳᠠᠯᠳᠤᠨ ᠠᠪᠬᠤ ᠦᠭᠡᠢ ᠪᠠᠶᠢᠵᠦ᠂ ᠴᠢᠬᠤᠯᠠ ᠦᠭᠡᠢ ᠪᠣᠯ ᠬᠢᠵᠢᠭ ᠤᠨ ᠳᠤᠮᠳᠠ᠂ ᠦᠨᠳᠦᠷ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ ᠬᠤᠲᠠ ᠳᠤ ᠤᠴᠢᠵᠦ ᠪᠣᠯᠬᠤ ᠦᠭᠡᠢ᠂ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠬᠤᠪᠢ ᠬᠥᠮᠥᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠣᠴᠢᠬᠤ ᠠᠴᠠ ᠵᠠᠶᠢᠯᠠᠰᠬᠢᠨ᠂ ᠬᠤᠰᠢᠭᠤᠨ ᠳᠠᠭᠠᠨ ᠪᠤᠴᠠᠬᠤ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃    ︵ᠬᠤᠶᠠᠷ︶ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠴᠤᠭᠯᠠᠷᠠᠬᠤ ᠦᠭᠡᠢ ᠵᠡᠷᠭᠡ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠬᠤᠪᠢ ᠬᠥᠮᠥᠨ ᠵᠢᠴᠢ ᠭᠡᠷ ᠤᠨ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠬᠠᠯᠠᠭᠤᠷᠠᠬᠤ᠂  ᠬᠠᠨᠢᠶᠠᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠳᠠᠷᠤᠶᠢᠬᠠᠨ ᠣᠶᠢᠷ᠎ᠠ ᠬᠠᠪᠢ ᠶᠢᠨ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠳᠡᠢ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠵᠤ ᠪᠣᠯᠬᠤ ᠦᠭᠡᠢ᠃     ︵ᠭᠤᠷᠪᠠ︶ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠬᠦᠯᠢᠶᠡᠬᠦ ᠳᠡᠭᠡᠨ ᠡᠷᠬᠡᠪᠰᠢ ᠬᠤᠪᠢ ᠬᠥᠮᠥᠨ ᠤ ᠵᠢᠭᠤᠯᠴᠢᠯᠠᠨ ᠶᠠᠪᠤᠭᠰᠠᠨ ᠥᠩᠭᠡᠷᠡᠯᠲᠡ᠂ ᠠᠵᠢᠯᠯᠠᠭ᠎ᠠ ᠶᠢᠨ ᠦᠩᠭᠡᠷᠡᠯᠲᠡ ᠪᠠ ᠣᠶᠢᠷᠠᠲᠤᠭᠰᠠᠨ ᠦᠩᠭᠡᠷᠡᠯᠳᠡ ᠪᠠᠨ ᠦᠨᠡᠨ ᠮᠥᠨ ᠢᠶᠠᠷ ᠨᠢ ᠮᠡᠳᠡᠭᠳᠡᠬᠦ ᠬᠡᠷᠡᠭᠲᠡᠢ᠂ ᠠᠶᠠᠯᠠᠭᠰᠠᠨ ᠵᠠᠮ ᠮᠦᠷ ᠢᠶᠠᠨ ᠵᠣᠷᠢᠭᠤᠳᠠ ᠨᠢᠭᠤᠨ ᠳᠠᠯᠳᠠᠯᠠᠭᠰᠠᠨ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠳᠤ ᠬᠠᠮᠵᠢᠯᠴᠠᠬᠤ ᠦᠭᠡᠢ᠂ ᠬᠢᠵᠢᠭ ᠢ ᠰᠡᠷᠭᠡᠶᠢᠯᠡᠬᠦ ᠲᠣᠭᠲᠠᠭᠠᠯ ᠢ ᠬᠡᠷᠡᠭᠵᠢᠭᠦᠯᠬᠦ ᠦᠭᠡᠢ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠭᠡᠷᠡᠴᠢ ᠶᠢ ᠬᠠᠭᠤᠷᠮᠠᠭᠯᠠᠨ ᠵᠤᠬᠢᠶᠠᠬᠤ᠂ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃   ᠭᠤᠷᠪᠠ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠭᠤᠣᠯᠳᠠᠯᠭ᠎ᠠ ᠲᠠᠢ ᠪᠠᠶᠢᠭᠤᠯᠤᠮᠵᠢ ᠪᠠ ᠭᠤᠣᠯᠳᠠᠯᠭ᠎ᠠ ᠲᠠᠢ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ    ︵ᠨᠢᠭᠡ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠨᠢ ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠤᠬᠤ ᠬᠦᠮᠦᠰ ᠤᠨ ᠡᠷᠡᠭᠦᠯ ᠮᠡᠨᠳᠦ ᠶᠢᠨ ᠺᠤᠳ᠋ ᠶᠢ ᠦᠵᠡᠬᠦ ᠶᠢᠨ ᠬᠠᠮᠲᠤ ︽ᠲᠠᠯᠠᠪᠤᠷ ᠭᠠᠵᠠᠷ ᠤᠨ ᠺᠤᠳ᠋︾ ᠶᠢ ᠰᠢᠷᠪᠢᠬᠦ ᠶᠢ ᠰᠠᠨᠠᠭᠤᠯᠤᠨ ᠱᠠᠭᠠᠷᠳᠠᠵᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠨᠢᠭᠡ ᠮᠧᠲᠷ ᠤᠨ ᠵᠠᠢ ᠲᠠᠢ ᠪᠠᠶᠢᠬᠤ ᠵᠢᠴᠢ ᠲᠠᠯᠠᠪᠤᠷ ᠭᠠᠵᠠᠷ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃    ︵ᠬᠤᠶᠠᠷ︶ ᠺᠢᠨᠣ᠋ ᠵᠦᠴᠦᠭᠡ ᠶᠢᠨ ᠲᠢᠶᠠᠲᠷ᠂ ᠪᠡᠶ᠎ᠡ ᠴᠢᠭᠢᠷᠠᠭᠵᠢᠭᠤᠯᠬᠤ ᠭᠠᠵᠠᠷ᠂ ᠮᠠᠵᠢᠶᠠᠩ ᠨᠠᠭᠠᠳᠬᠤ ᠭᠠᠵᠠᠷ ᠂ ᠰᠢᠲᠠᠷ᠎ᠠ ᠶᠢᠨ ᠭᠡᠷ᠂ ᠰᠦᠯᠵᠢᠶᠡᠨ ᠤ ᠪᠠᠭᠠᠷ᠂ KTV ᠵᠡᠷᠭᠡ ᠲᠠᠯᠠᠪᠤᠷ ᠨᠢ ᠬᠥᠮᠥᠰ ᠤᠨ ᠪᠠᠭᠲᠠᠭᠠᠮᠵᠢ ᠶᠢ 75% ᠠᠴᠠ ᠬᠡᠲᠦᠷᠡᠭᠦᠯᠵᠦ ᠪᠣᠯᠬᠤ ᠦᠭᠡᠢ᠂ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠬᠦ᠂ ᠺᠣᠳ᠋ ᠰᠢᠯᠭᠠᠬᠤ᠂ ᠳᠤᠯᠠᠭᠠᠨ ᠢ ᠬᠡᠮᠵᠢᠬᠦ︾ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃    ︵ᠭᠤᠷᠪᠠ︶ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠣᠷᠣᠵᠤ ᠭᠠᠷᠬᠤ ᠬᠠᠮᠢᠶᠠᠷᠤᠯᠳᠠ᠂ ᠪᠦᠭᠡᠮ ᠬᠦᠴᠢᠯ ᠤᠨ ᠪᠠᠶᠢᠴᠠᠭᠠᠯᠳᠠ᠂ ᠡᠷᠡᠭᠦᠯ ᠮᠡᠨᠳᠦ ᠶᠢ ᠬᠢᠨᠠᠨ ᠬᠡᠮᠵᠢᠬᠦ᠂ ᠠᠷᠢᠭᠤᠳᠬᠠᠬᠤ᠂ ᠭᠡᠷ ᠳᠤᠳᠤᠷ᠎ᠠ ᠰᠠᠯᠬᠢ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃    ︵ᠳᠥᠷᠪᠡ︶ ᠡᠯ᠎ᠡ ᠲᠥᠷᠥᠯ ᠤᠨ ᠲᠦᠭᠰᠢᠭᠦᠷᠢ ᠶᠡᠬᠡᠳᠡᠢ ᠠᠵᠢᠯ ᠮᠡᠷᠭᠡᠵᠢᠯ ᠤᠨ ᠬᠥᠮᠥᠰ ᠢ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠪᠠ ᠣᠯᠠᠨ ᠲᠠᠯ᠎ᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠤᠨ ᠱᠠᠭᠠᠷᠳᠠᠯᠭ᠎ᠠ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠬᠢᠷᠠᠭᠤᠯᠤᠯᠲᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠳᠠ ᠬᠢᠨ᠎ᠡ᠃   ᠳᠥᠷᠪᠡ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠎ᠠ   ︵ᠨᠢᠭᠡ︶ ᠡᠯ᠎ᠡ ᠲᠥᠷᠥᠯ ᠤᠨ ᠰᠦᠯᠵᠢᠶᠡᠨ ᠠᠴᠠ ᠭᠠᠳᠠᠭᠤᠷᠬᠢ ᠬᠤᠷᠠᠯ᠂ ᠳᠡᠯᠭᠡᠨ ᠪᠣᠷᠣᠯᠠᠭᠤᠯᠬᠤ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠶᠢᠨ ᠶᠠᠪᠤᠳᠠᠯ ᠢ ᠬᠢᠬᠦ ᠦᠭᠡᠢ ᠪᠠᠶᠢᠬᠤ ᠶᠢ ᠰᠠᠨᠠᠭᠠᠴᠢᠯᠠᠵᠦ ᠪᠠᠶᠢᠨ᠎ᠠ᠃ ᠦᠨᠡᠨᠬᠦ ᠡᠷᠭᠢᠯᠡᠬᠦ ᠴᠢᠬᠤᠯᠠ ᠲᠠᠢ ᠪᠣᠯ᠂ ︽ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠡᠪᠴᠢᠶ᠎ᠡ ᠶᠢ ᠪᠠᠭᠠᠰᠬᠠᠨ᠂ ᠬᠥᠮᠥᠨ ᠤ ᠲᠤᠭ᠎ᠠ ᠶᠢ ᠬᠢᠵᠠᠭᠠᠷᠯᠠᠵᠤ᠂ 50 ᠬᠥᠮᠥᠨ ᠠᠴᠠ ᠳᠡᠭᠡᠭᠰᠢᠬᠢ ᠠᠵᠢᠯᠯᠠᠭ᠎ᠠ ᠶᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠡᠯᠳᠡᠰ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ ᠡᠵᠡᠮᠳᠡᠬᠦ ᠲᠥᠰᠥᠯ ᠲᠣᠭᠲᠠᠭᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃   ︵ᠬᠤᠶᠠᠷ︶ ᠬᠠᠩᠰᠢᠨ ᠤ ᠡᠳᠦᠷ ᠤᠶᠢᠷᠠᠳᠤᠵᠦ ᠪᠠᠶᠢᠬᠤ ᠪᠤᠯᠬᠤᠷ᠂ ᠰᠦᠯᠵᠢᠶᠡᠨ ᠳᠡᠭᠡᠷ᠎ᠡ ᠲᠠᠬᠢᠯᠭ᠎ᠠ ᠬᠢᠬᠦ᠂ ᠪᠤᠰᠤᠳ ᠢᠶᠠᠷ ᠤᠷᠤᠯᠠᠭᠤᠯᠤᠨ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠤᠷᠢᠳᠴᠢᠯᠠᠨ ᠪᠣᠯᠵᠣᠬᠤ᠂  ᠬᠦᠮᠦᠨ ᠤ ᠤᠷᠤᠰᠬᠠᠯ ᠢ ᠬᠢᠵᠠᠭᠠᠷᠯᠠᠬᠤ᠂ ᠣᠷᠭᠢᠯ ᠦᠶ᠎ᠡ ᠶᠢ ᠵᠥᠷᠢᠭᠦᠯᠦᠨ ᠲᠠᠬᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠬᠥᠮᠥᠰ ᠬᠤᠰᠢᠭᠤᠨ ᠠᠴᠠ ᠪᠠᠨ ᠭᠠᠷᠴᠦ ᠲᠠᠬᠢᠯᠭ᠎ᠠ ᠬᠢᠬᠦ ᠦᠭᠡᠢ᠂ ᠭᠠᠳᠠᠨ᠎ᠠ ᠣᠷᠣᠨ ᠤ ᠬᠥᠮᠥᠰ ᠬᠤᠰᠢᠭᠤᠨ ᠳᠤ ᠢᠷᠡᠵᠦ ᠲᠠᠬᠢᠯᠭ᠎ᠠ ᠬᠢᠬᠦ ᠦᠭᠡᠢ ᠪᠠᠶᠢᠵᠦ᠂ ᠵᠠᠪᠠᠯ ᠢᠷᠡᠬᠦ ᠴᠢᠬᠤᠯᠠ ᠲᠠᠢ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠡᠯᠳᠡᠰ ᠲᠤ ᠤᠷᠢᠳᠴᠢᠯᠠᠨ ᠮᠡᠳᠡᠬᠦᠯᠦᠨ ᠳᠠᠩᠰᠠᠯᠠᠭᠤᠯᠵᠤ᠂ ᠬᠤᠰᠢᠭᠤᠨ ᠳᠤ ᠢᠷᠡᠬᠦ ︵ᠪᠤᠴᠠᠵᠦ ᠢᠷᠡᠬᠦ︶ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃   ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ   ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠪᠦᠬᠦᠶᠢᠯᠡ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ᠲᠣᠭᠲᠠᠭᠠᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠭᠠᠷᠭᠠᠨ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠢᠯᠠᠩᠭᠤᠶ᠎ᠠ 14 ᠡᠳᠦᠷ ᠤᠨ ᠳᠣᠲᠣᠷ᠎ᠠ ᠬᠢᠵᠢᠭ ᠤᠨ ᠳᠤᠮᠳᠠ ᠦᠨᠳᠦᠷ ᠲᠦᠭᠰᠢᠭᠦᠷᠢ ᠲᠠᠢ ᠭᠠᠵᠠᠷ ᠣᠷᠣᠨ ᠪᠤᠶᠤ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠢᠶᠠᠷ ᠵᠢᠭᠤᠯᠴᠢᠯᠠᠨ ᠶᠠᠪᠤᠭᠰᠠᠨ ᠦᠩᠭᠡᠷᠡᠯᠲᠡ ᠲᠠᠢ ᠬᠥᠮᠥᠰ ᠢ ᠴᠠᠭ ᠲᠤᠬᠠᠢ ᠳᠤᠨᠢ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠣᠯ ᠲᠣᠰ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃   ᠵᠢᠷᠭᠤᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠲᠠᠷᠢᠯᠭ᠎ᠠ ᠶᠢ ᠢᠳᠡᠪᠬᠢᠲᠡᠢ ᠳᠠᠷᠢᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠷᠭ᠎ᠠ ᠪᠠᠷᠢᠯ ᠪᠣᠯᠣᠨ᠎ᠠ᠂ ᠨᠥᠬᠦᠴᠡᠯ ᠳᠤ ᠨᠡᠶᠢᠴᠡᠬᠦ ᠬᠥᠮᠥᠰ ᠪᠥᠬᠦ ᠶᠠᠪᠤᠴᠠ ᠶᠢᠨ ᠲᠠᠷᠢᠯᠭ᠎ᠠ ᠶᠢ ᠳᠠᠷᠤᠢ ᠲᠦᠷᠭᠡᠨ ᠪᠡᠶᠡᠯᠡᠭᠦᠯᠵᠦ᠂ ᠴᠢᠩᠭᠠᠳᠬᠠᠬᠤ ᠲᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠦᠨᠳᠦ ᠡᠪᠡᠳᠴᠢᠯᠡᠬᠦ ᠲᠦᠭᠰᠢᠭᠦᠷᠢ ᠨᠢ ᠪᠤᠰᠤᠳ ᠬᠥᠮᠥᠰ ᠤᠨ ᠬᠢ ᠠᠴᠠ ᠥᠨᠳᠥᠷ ᠪᠠᠶᠢᠳᠠᠭ ᠪᠣᠯᠬᠤᠷ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠶᠢ ᠬᠦᠰᠡᠵᠦ ᠪᠠᠶᠢᠨ᠎ᠠ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠨ᠎ᠠ᠃
         
        ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号