︽5.1︾ ᠤ ᠠᠮᠠᠷᠠᠯᠲᠠ ᠶᠢᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠢ ᠵᠠᠷᠯᠠᠯ | ︵12 ᠳ᠋ᠤᠭᠠᠷ ᠲᠣᠭᠠᠲᠤ︶ | | | ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ᠂ ᠨᠠᠷᠢᠨ | ᠪᠤᠳᠤᠯᠢᠶᠠᠨᠲᠠᠢ ᠪᠠᠶᠢᠵᠤ᠂ ᠬᠠᠯᠳᠠᠪᠤᠷᠢᠯᠠᠬᠤ ᠲᠦᠭᠰᠢᠭᠦᠷᠢ ᠮᠦᠨᠴᠦ ᠨᠡᠯᠢᠶᠡᠳ ᠶᠡᠭᠡ ᠪᠠᠶᠢᠨ᠎ᠠ᠃ ᠤᠨᠴᠠᠭᠠᠶᠢᠯᠠᠨ ︽ | 5.1︾ ᠤ ᠠᠮᠠᠷᠠᠯᠲᠠ ᠪᠣᠯᠬᠤ ᠳᠠᠰᠢᠷᠠᠮ ᠢᠶᠠᠷ ᠬᠦᠮᠦᠰ ᠤᠨ ᠶᠠᠪᠤᠵᠦ ᠰᠠᠭᠤᠬᠤ ᠶᠡᠬᠡᠰᠬᠦ ᠪᠤᠯᠬᠤᠷ ᠪᠠᠶᠢᠩᠭᠤᠵᠢᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ ᠪᠥᠬᠦ | ᠬᠤᠰᠢᠭᠤᠨ ᠤ ᠠᠷᠠᠳ ᠲᠦᠮᠡᠨ ᠤ ᠪᠠᠶᠠᠷ ᠬᠥᠷ ᠲᠠᠢ᠂ ᠡᠷᠡᠭᠦᠯ ᠮᠡᠨᠳᠦ᠂ ᠠᠮᠤᠷ ᠲᠦᠪᠰᠢᠨ ︽ᠲᠠᠪᠤᠨ ᠰᠠᠷ᠎ᠠ ᠶᠢᠨ | ᠨᠢᠭᠡᠨ︾ ᠤ ᠠᠮᠠᠷᠠᠯᠲᠠ ᠪᠠᠨ ᠥᠩᠭᠡᠷᠡᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠬᠤᠰᠢᠭᠤᠨ ᠠᠴᠠ ᠭᠠᠷᠬᠤ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠥᠷᠭᠡᠨ ᠤᠯᠠᠨ | ᠰᠠᠭᠤᠭᠠᠯᠢ ᠠᠷᠠᠳ ︽ᠴᠢᠬᠤᠯᠠ ᠦᠭᠡᠢ ᠪᠣᠯ ᠬᠤᠰᠢᠭᠤᠨ ᠠᠴᠠ ᠪᠠᠨ ᠭᠠᠷᠬᠤ ᠦᠭᠡᠢ︾ ᠪᠠᠶᠢᠵᠤ᠂ ᠬᠢᠵᠢᠭ ᠤᠨ | ᠳᠤᠮᠳᠠ᠂ ᠦᠨᠳᠦᠷ ᠲᠦᠭᠰᠢᠭᠦᠷᠢ ᠲᠠᠢ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠳᠠ᠂ ᠲᠣᠭᠤᠷᠢᠭ︶ | ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠴᠢᠬᠤᠯᠠ ᠦᠭᠡᠢ ᠪᠣᠯ ᠬᠢᠵᠢᠭ ᠤᠨ ᠳᠤᠮᠳᠠ᠂ ᠦᠨᠳᠦᠷ ᠲᠦᠭᠰᠢᠭᠦᠷᠢ | ᠲᠠᠢ ᠭᠠᠵᠠᠷ ᠣᠷᠣᠨ ᠤ ᠪᠠᠶᠢᠭ᠎ᠠ ᠬᠤᠳᠠ ᠶᠢᠨ ᠪᠤᠰᠤᠳ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠣᠴᠢᠬᠤ | ᠦᠭᠡᠢ ᠪᠠᠶᠢᠬᠤ ᠬᠡᠷᠡᠭᠳᠡᠢ᠃ ᠬᠠᠯᠠᠭᠤᠷᠠᠭᠰᠠᠨ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ᠪᠤᠶᠤ ᠠᠶᠠᠯᠠᠯ ᠤᠨ ᠺᠣᠳ᠋ | ᠨᠢ ᠬᠡᠪ ᠤᠨ ᠪᠤᠰᠤ ᠬᠥᠮᠥᠰ ᠬᠢᠵᠢᠭ ᠤᠨ ᠳᠦᠭᠰᠢᠬᠦᠷᠢ ᠶᠢᠨ ᠳᠡᠰ ᠢ ᠪᠠᠭᠤᠷᠠᠭᠤᠯᠬᠤ ᠠᠴᠠ ᠡᠮᠦᠨ᠎ᠡ ᠭᠠᠳᠠᠭᠰᠢ | ᠭᠠᠷᠴᠤ ᠪᠣᠯᠬᠤ ᠦᠭᠡᠢ᠃ | ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ᠂ ᠬᠤᠪᠢ ᠬᠥᠮᠥᠨ ᠨᠢ ︽ᠳᠥᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠪᠠᠶᠢᠭᠤᠯᠭ᠎ᠠ | ᠨᠢᠭᠡᠴᠡ ᠶᠢᠨ ᠪᠠᠨ ᠠᠵᠢᠯᠲᠠᠨ ᠤ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠵᠤ᠂ ︽ᠴᠢᠬᠤᠯᠠ ᠦᠭᠡᠢ ᠪᠣᠯ | ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ︾᠃ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠦᠨᠡᠨᠬᠦ ᠬᠤᠰᠢᠭᠤᠨ ᠠᠴᠠ ᠭᠠᠷᠬᠤ ᠴᠢᠬᠤᠯᠠ ᠲᠠᠢ ᠪᠣᠯ᠂ ᠬᠢᠨᠠᠨ ᠵᠦᠪᠰᠢᠶᠡᠷᠡᠬᠦᠯᠬᠦ | ᠬᠠᠮᠢᠶᠠᠷᠤᠯᠲᠠ ᠶᠢ ᠴᠢᠩᠭᠠᠳᠬᠠᠨ᠂ ᠡᠷᠬᠡᠪᠰᠢ ᠠᠵᠢᠯᠯᠠᠵᠦ ᠪᠠᠶᠢᠭ᠎ᠠ ᠪᠠᠶᠢᠭᠤᠯᠭ᠎ᠠ ᠨᠢᠭᠡᠴᠡ ᠳᠡᠭᠡᠨ ᠤᠷᠢᠳᠴᠢᠯᠠᠨ | ᠮᠡᠳᠡᠭᠦᠯᠦᠨ ᠳᠠᠩᠰᠠᠯᠠᠭᠤᠯᠵᠤ᠂ ᠪᠠᠶᠢᠭᠤᠯᠭ᠎ᠠ ᠨᠢᠭᠡᠴᠡ ᠶᠢᠨ ᠭᠤᠣᠯ ᠤᠳᠤᠷᠢᠳᠤᠯᠭ᠎ᠠ ᠵᠦᠪᠰᠢᠶᠡᠷᠡᠭᠰᠡᠨ ᠤ ᠳᠠᠷᠠᠭ᠎ᠠ | ᠰᠠᠶ᠋ᠢ ᠭᠠᠳᠠᠭᠰᠢ ᠭᠠᠷᠴᠤ ᠪᠣᠯᠣᠨ᠎ᠠ᠃ ᠬᠤᠰᠢᠭᠤᠨ ᠳᠠᠭᠠᠨ ᠪᠤᠴᠠᠬᠤ ᠠᠴᠠ ᠡᠮᠦᠨ᠎ᠡ ᠠᠵᠢᠯᠯᠠᠵᠦ ᠪᠠᠶᠢᠭ᠎ᠠ | ᠪᠠᠶᠢᠭᠤᠯᠭ᠎ᠠ ᠨᠢᠭᠡᠴᠡ ᠪᠣᠯᠣᠨ ᠰᠠᠭᠤᠭ᠎ᠠ ᠭᠠᠵᠠᠷ ᠤᠨ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ | ᠳᠤ ᠪᠠᠨ ᠮᠡᠳᠡᠭᠦᠯᠦᠨ ᠳᠠᠩᠰᠠᠯᠠᠭᠤᠯᠵᠤ᠂ ᠠᠶᠠᠯᠠᠯ ᠤᠨ ᠺᠣᠳ᠋ ᠢᠶᠠᠨ ᠪᠠᠶᠢᠴᠠᠭᠠᠨ ᠰᠢᠯᠭᠠᠵᠤ᠂ ᠬᠤᠰᠢᠭᠤᠨ ᠳᠤ | ᠢᠷᠡᠬᠦ ᠠᠴᠠ ᠡᠮᠦᠨᠡᠬᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ | ᠭᠡᠷᠡᠴᠢ ︵ᠡᠯᠧᠺᠲᠷᠣᠨ ᠬᠡᠪᠯᠡᠯ᠂ ᠴᠠᠭᠠᠰᠤᠨ ᠬᠡᠪᠯᠡᠯ ᠴᠥᠮ ᠬᠦᠴᠦᠨ ᠲᠠᠢ︶ ᠲᠠᠢ ᠪᠠᠶᠢᠬᠤ ᠬᠡᠷᠡᠭᠲᠡᠢ᠃ | ᠬᠤᠶᠠᠷ᠂ ᠬᠤᠰᠢᠭᠤᠨ ᠳᠤ ᠢᠷᠡᠬᠦ ︵ᠪᠤᠴᠠᠵᠦ ᠢᠷᠡᠬᠦ︶ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠣᠶᠢᠷ᠎ᠠ ᠶᠢᠨ 14 ᠡᠳᠦᠷ ᠤᠨ ᠳᠣᠲᠣᠷ᠎ᠠ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠵᠢᠭᠤᠯᠴᠢᠯᠠᠨ | ᠶᠠᠪᠤᠭᠰᠠᠨ ᠦᠩᠭᠡᠷᠡᠯᠲᠡ ᠲᠠᠢ ᠬᠥᠮᠥᠰ ᠪᠤᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠬᠠᠯᠳᠠᠪᠤᠷᠢᠯᠠᠭᠳᠠᠭᠰᠠᠳ ᠤᠨ ᠠᠵᠢᠯᠯᠠᠭ᠎ᠠ ᠶᠢᠨ ᠵᠠᠮ ᠮᠥᠷ ᠲᠠᠢ ᠲᠠᠪᠬᠤᠴᠠᠭᠰᠠᠨ ᠬᠦᠮᠦᠰ᠂ ᠮᠠᠨ ᠤ ᠬᠤᠰᠢᠭᠤᠨ ᠳᠤ | ᠢᠷᠡᠭᠰᠡᠨ ᠤ ᠳᠠᠷᠠᠭ᠎ᠠ ᠳᠠᠷᠤᠶᠢᠬᠠᠨ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠪᠠᠶᠢᠭᠤᠯᠭ᠎ᠠ | ᠨᠢᠭᠡᠴᠡ ᠪᠤᠶᠤ ᠰᠠᠭᠤᠭᠰᠠᠨ ᠪᠠᠭᠤᠳᠠᠯ ᠳᠤ ᠪᠠᠨ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤᠨ ᠳᠤ ᠢᠷᠡᠬᠦ ︵ᠪᠤᠴᠠᠵᠦ | ᠢᠷᠡᠬᠦ︶ ᠪᠦᠬᠦᠶᠢᠯᠡ ᠬᠥᠮᠥᠰ ᠡᠷᠬᠡᠪᠰᠢ ᠠᠶᠠᠯᠠᠯ ᠤᠨ ᠺᠣᠳ᠋ ᠢᠶᠠᠨ ᠪᠠᠶᠢᠴᠠᠭᠠᠨ ᠰᠢᠯᠭᠠᠵᠤ᠂ ᠬᠤᠰᠢᠭᠤᠨ ᠳᠤ | ᠢᠷᠡᠬᠦ ᠠᠴᠠ ᠡᠮᠦᠨᠡᠬᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ | ᠴᠢᠨᠠᠷ ᠤᠨ ᠭᠡᠷᠡᠴᠢ ︵ᠡᠯᠧᠺᠲᠷᠣᠨ ᠬᠡᠪᠯᠡᠯ᠂ ᠴᠠᠭᠠᠰᠤᠨ ᠬᠡᠪᠯᠡᠯ ᠴᠥᠮ ᠬᠦᠴᠦᠨ ᠲᠠᠢ︶ ᠲᠠᠢ ᠪᠠᠶᠢᠬᠤ ᠬᠡᠷᠡᠭᠲᠡᠢ᠃ | ᠭᠤᠷᠪᠠ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠣᠮᠣ | ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠤᠯᠠᠭᠤᠯᠭ᠎ᠠ ᠬᠢᠬᠦ᠂ ᠪᠠᠶᠠᠷ ᠤᠨ ᠶᠠᠪᠤᠳᠠᠯ ᠢ ᠪᠡᠯᠭᠡᠯᠡᠬᠦ᠂ | ᠲᠣᠮᠣ ᠬᠡᠯᠪᠡᠷᠢ ᠶᠢᠨ ᠬᠤᠷᠠᠯ ᠴᠤᠭᠯᠠᠭᠠᠨ᠂ ᠪᠤᠯᠪᠠᠰᠤᠷᠠᠯ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ ᠴᠢᠩᠭ᠎ᠠ | ᠬᠢᠵᠠᠭᠠᠷᠯᠠᠵᠤ᠂ 50 ᠬᠥᠮᠥᠨ ᠠᠴᠠ ᠳᠡᠭᠡᠭᠰᠢᠬᠢ ᠠᠵᠢᠯᠯᠠᠭ᠎ᠠ ᠬᠢᠬᠦ ᠳᠤ ᠪᠦᠷᠢᠨ ᠲᠡᠭᠦᠯᠳᠡᠷ ᠰᠡᠷᠭᠡᠶᠢᠯᠡᠨ ᠡᠵᠡᠮᠳᠡᠬᠦ | ᠲᠥᠰᠥᠯ ᠪᠠ ᠪᠠᠴᠢᠮ ᠪᠠᠶᠢᠳᠠᠯ ᠢ ᠠᠷᠭᠠᠴᠠᠬᠤ ᠲᠥᠰᠥᠯ ᠲᠣᠭᠲᠠᠭᠠᠬᠤ ᠶᠢᠨ ᠬᠠᠮᠲᠤ᠂ ᠬᠤᠰᠢᠭᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠡᠯᠳᠡᠰ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ ︽ | ᠪᠠᠶᠠᠷ ᠤᠨ ᠶᠠᠪᠤᠳᠠᠯ ᠢ ᠬᠤᠶᠢᠰᠢᠯᠠᠭᠤᠯᠤᠨ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ᠂ ᠳᠠᠶᠢᠯᠠᠯᠭ᠎ᠠ | ᠬᠢᠬᠦ ᠦᠭᠡᠢ︾ ᠪᠠᠶᠢᠬᠤ ᠶᠢ ᠰᠠᠨᠠᠭᠠᠴᠢᠯᠠᠵᠤ᠂ ᠪᠣᠳᠠᠲᠠᠢ ᠱᠠᠭᠠᠷᠳᠠᠯᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠢ ᠦᠨᠳᠦᠰᠦᠯᠡᠨ ᠠᠰ ᠲᠤᠨᠢ ᠮᠡᠳᠡᠭᠳᠡᠯ ᠨᠡᠶᠢᠲᠡᠯᠡᠨ᠎ᠡ᠃ | ᠳᠥᠷᠪᠡ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭᠠᠳᠬᠠᠨ᠎ᠠ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ | ᠡᠯ᠎ᠡ ᠲᠥᠷᠥᠯ ᠤᠨ ᠭᠤᠣᠯᠳᠠᠯᠭ᠎ᠠ ᠲᠠᠢ ᠲᠠᠯᠠᠪᠤᠷ ᠨᠢ ᠬᠢᠵᠢᠭ ᠢ ᠰᠡᠷᠭᠡᠶᠢᠯᠡᠬᠦ ᠬᠢᠨᠠᠯᠲᠠ ᠲᠠᠯᠪᠢᠭᠴᠢ ᠪᠠ | ᠠᠷᠢᠭᠤᠳᠬᠠᠬᠤ ᠲᠤᠰᠬᠠᠢ ᠬᠦᠮᠦᠨ ᠭᠠᠷᠭᠠᠵᠤ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠶᠢ ᠴᠢᠩᠭ᠎ᠠ | ᠨᠠᠶᠢᠳᠠᠪᠤᠷᠢᠵᠢᠭᠤᠯᠤᠨ᠂ ᠠᠮᠠᠪᠴᠢ ᠵᠡᠭᠦᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠵᠢᠷᠤᠮᠵᠢᠭᠤᠯᠬᠤ ᠶᠢᠨ ᠬᠠᠮᠲᠤ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ | ᠬᠢᠬᠦ ᠬᠡᠷᠡᠭᠲᠡᠢ᠃ ᠺᠢᠨᠣ᠋ ᠦᠵᠡᠬᠦ ᠤᠷᠳᠤᠨ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠲᠠᠯᠠᠪᠤᠷ ᠭᠠᠵᠠᠷ ᠨᠢ | ᠬᠦᠮᠦᠨ ᠤ ᠤᠷᠤᠰᠬᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠥᠯᠢᠶᠡᠨ ᠠᠪᠬᠤ ᠬᠥᠮᠥᠨ ᠤ | ᠲᠤᠭ᠎ᠠ ᠶᠢ ᠬᠢᠨᠠᠨ ᠲᠣᠭᠲᠠᠭᠠᠭᠰᠠᠨ ᠬᠥᠮᠥᠨ ᠤ ᠲᠤᠭ᠎ᠠ ᠶᠢᠨ 75% ᠠᠴᠠ ᠬᠡᠲᠦᠷᠡᠭᠦᠯᠵᠦ ᠪᠣᠯᠬᠤ ᠦᠭᠡᠢ᠃ | ᠵᠣᠴᠢᠳ ᠤᠨ ᠪᠠᠭᠤᠳᠠᠯ᠂ ᠠᠷᠠᠳ ᠤᠨ ᠪᠠᠭᠤᠳᠠᠯ ᠵᠡᠷᠭᠡ ᠬᠤᠨᠤᠭ ᠤᠨ ᠭᠠᠵᠠᠷ ᠨᠢ ᠪᠠᠭᠤᠳᠠᠯ ᠳᠤ ᠰᠠᠭᠤᠬᠤ ᠬᠦᠮᠦᠰ ᠢ | ᠲᠠᠩᠰᠠᠯᠠᠨ ᠳᠡᠮᠳᠡᠭᠯᠡᠬᠦ ᠪᠠ ᠡᠷᠡᠬᠦᠯ ᠮᠡᠨᠳᠤ ᠶᠢ ᠬᠢᠨᠠᠨ ᠬᠡᠮᠵᠢᠬᠦ ᠠᠵᠢᠯ ᠢ ᠰᠠᠶᠢᠳᠤᠷ ᠬᠢᠵᠦ᠂ ᠡᠳᠦᠷ ᠪᠦᠷᠢ ᠬᠠᠷᠢᠶᠠᠲᠤ | ᠣᠷᠣᠨ ᠤ ᠲᠣᠮᠢᠯᠠᠭᠰᠠᠨ ᠰᠠᠯᠪᠤᠷᠢ ᠳᠤ ᠭᠠᠳᠠᠨ᠎ᠠ ᠠᠴᠠ ᠢᠷᠡᠭᠰᠡᠨ ᠬᠥᠮᠥᠰ ᠤᠨ ᠮᠡᠳᠡᠭᠡ ᠵᠠᠩᠭᠢ ᠪᠠ ᠡᠷᠡᠭᠦᠯ | ᠮᠡᠨᠳᠦ ᠶᠢ ᠬᠢᠨᠠᠨ ᠬᠡᠮᠵᠢᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠡᠮ ᠤᠨ ᠳᠡᠯᠭᠡᠭᠦᠷ ᠨᠢ ︽ᠬᠠᠷᠠᠭᠤᠯ ᠤᠨ | ᠭᠠᠵᠠᠷ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠬᠠᠯᠠᠭᠤᠨ ᠢ ᠪᠠᠭᠤᠷᠠᠭᠤᠯᠬᠤ᠂ | ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ᠵᠡᠷᠭᠡ ︽ᠳᠥᠷᠪᠡᠨ ᠲᠥᠷᠥᠯ ᠤᠨ | ᠡᠮ ᠤᠨ ᠵᠦᠢᠯ︾ ᠢ ᠬᠤᠳᠠᠯᠳᠤᠨ ᠠᠪᠬᠤ ᠳᠤ ᠡᠷᠬᠡᠪᠰᠢ ᠺᠣᠳ᠋ ᠰᠢᠷᠪᠢᠬᠦᠯᠵᠦ᠂ ︽ᠬᠢᠵᠢᠭ ᠢ ᠰᠡᠷᠭᠡᠶᠢᠯᠡᠬᠦ | ᠳᠠᠩᠰᠠᠯᠠᠯᠲᠠ ᠶᠢᠨ ᠲᠠᠰ ᠳᠠᠷᠠᠭᠠᠯᠠᠯ︾ ᠳᠤ ᠣᠷᠣᠭᠤᠯᠤᠭᠰᠠᠨ ᠤ ᠳᠠᠷᠠᠭ᠎ᠠ᠂ ᠡᠮ ᠤᠨ ᠳᠡᠯᠭᠡᠭᠦᠷ ᠤᠨ ︽ᠲᠤᠰᠬᠠᠢ | ᠬᠠᠷᠢᠶᠠᠯᠠᠭᠳᠠᠬᠤ ᠬᠤᠶᠠᠷ ᠬᠡᠮᠵᠢᠯᠲᠦ ᠺᠣᠳ᠋︾ ᠢ ᠰᠢᠷᠪᠢᠬᠦᠯᠵᠦ᠂ ᠬᠤᠪᠢ ᠬᠥᠮᠥᠨ ᠤ ᠮᠡᠳᠡᠭᠡ ᠵᠠᠩᠭᠢ ᠪᠠ ᠡᠮ ᠤᠨ | ᠵᠦᠢᠯ ᠤᠨ ᠳᠠᠩᠰᠠᠯᠠᠯᠲᠠ ᠬᠢᠬᠦ ᠶᠢᠨ ᠬᠠᠮᠲᠤ ᠡᠳᠦᠷ ᠪᠦᠷᠢ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ | ᠬᠤᠷᠢᠶᠠᠩᠭᠤᠶᠢᠯᠠᠨ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠬᠦᠯᠬᠦ ᠬᠡᠷᠡᠭᠲᠡᠢ᠃ | ᠲᠠᠪᠤ᠂ ᠬᠤᠪᠢ ᠬᠥᠮᠥᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠥᠷᠭᠡᠨ ᠤᠯᠠᠨ ᠰᠠᠭᠤᠭᠠᠯᠢ | ᠠᠷᠠᠳ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠪᠠᠨ ᠳᠦᠷᠢᠮᠵᠢᠬᠦᠨ ᠵᠡᠭᠦᠵᠦ᠂ ᠠᠮᠤᠷ | ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠳᠤᠯᠠᠨ᠂ ᠬᠤᠪᠢ ᠬᠥᠮᠥᠨ ᠤ ᠡᠷᠡᠭᠦᠯ ᠬᠠᠮᠠᠭᠠᠯᠠᠯ᠂ ᠪᠡᠶ᠎ᠡ ᠶᠢᠨ | ᠡᠷᠡᠭᠦᠯ ᠮᠡᠨᠳᠦ ᠪᠠᠨ ᠰᠠᠶᠢᠳᠤᠷ ᠠᠩᠬᠠᠷᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ | ᠰᠡᠷᠭᠡᠶᠢᠯᠡᠬᠦ ᠲᠠᠷᠢᠯᠭ᠎ᠠ ᠶᠢ ᠢᠳᠡᠪᠬᠢᠲᠡᠢ ᠲᠠᠷᠢᠭᠤᠯᠵᠦ᠂ ᠬᠤᠶᠠᠳᠤᠭᠠᠷ ᠲᠠᠷᠢᠯᠭ᠎ᠠ ᠪᠠᠨ ᠲᠠᠷᠢᠭᠤᠯᠤᠭᠠᠳ ᠪᠦᠬᠦᠯᠢ 6 | ᠰᠠᠷ᠎ᠠ ᠪᠣᠯᠤᠭᠰᠠᠨ ᠬᠥᠮᠥᠰ ᠭᠤᠷᠪᠠᠳᠤᠭᠠᠷ ᠲᠠᠷᠢᠯᠭ᠎ᠠ ᠪᠠᠨ ᠴᠠᠭ ᠲᠤᠬᠠᠢ ᠳᠤᠨᠢ ᠲᠠᠷᠢᠭᠤᠯᠵᠦ᠂ ᠰᠢᠨ᠎ᠡ ᠲᠢᠲᠢᠮᠯᠢᠭ | ᠸᠢᠷᠦ᠋ᠰ ᠢ ᠡᠰᠡᠷᠭᠦᠴᠡᠬᠦ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃ | | | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ | 2022 ᠣᠨ ᠤ 4 ᠰᠠᠷ᠎ᠠ ᠶᠢᠨ 20 ᠤ ᠡᠳᠦᠷ | | |