ᠬᠤᠭᠤᠯᠠᠳᠤ ᠶᠢᠨ ᠭᠤᠣᠯ ᠪᠠᠯᠭᠠᠰᠤᠨ ᠤ ᠪᠠᠶ᠋ᠬᠠᠷᠬᠡᠳᠤ ᠭᠠᠴᠠᠭ᠎ᠠ ︽ᠨᠤᠲᠤᠭ ᠤᠰᠤ ᠪᠠᠨ ᠬᠠᠶᠢᠷᠠᠯᠠᠵᠦ · | ᠪᠠᠷᠠᠭᠤᠨ ᠦᠵᠦᠮᠦᠴᠢᠨ ᠳᠤ ᠪᠠᠨ ᠬᠤᠪᠢ ᠨᠡᠮᠡᠷᠢ ᠪᠠᠨ ᠦᠵᠡᠭᠦᠯᠦᠶ᠎ᠡ︾ | ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ | | | ᠬᠤᠰᠢᠭᠤ ᠨᠠᠮ ᠤᠨ ᠬᠤᠷᠢᠶ᠎ᠠ ᠪᠣᠯᠣᠨ ᠪᠠᠯᠭᠠᠰᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ 4 | ᠰᠠᠷ᠎ᠠ ᠶᠢᠨ 20 ᠤ ᠡᠳᠦᠷ᠂ ᠬᠤᠭᠤᠯᠠᠳᠤ ᠶᠢᠨ ᠭᠤᠣᠯ ᠪᠠᠯᠭᠠᠰᠤᠨ ᠤ ᠪᠠᠶ᠋ᠬᠠᠷᠬᠡᠳᠤ ᠭᠠᠴᠠᠭᠠᠨ ᠤ ︽ᠡᠭᠦᠷ ᠵᠥᠪᠯᠡᠯ︾ | ᠤᠨ ᠪᠦᠷᠢᠯᠳᠦᠭᠦᠨ᠂ ᠨᠠᠮ ᠤᠨ ᠭᠡᠰᠢᠭᠦᠨ ᠪᠠ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠬᠢᠨᠠᠯᠲᠠ ᠲᠠᠯᠪᠢᠬᠤ | ᠵᠥᠪᠯᠡᠯ ᠤᠨ ᠪᠦᠷᠢᠯᠳᠦᠭᠦᠨ᠂ ᠭᠠᠴᠠᠭᠠᠨ ᠤ ᠨᠢᠭᠡᠳᠦᠭᠡᠷ ᠱᠦᠵᠢ᠂ ᠪᠠᠯᠭᠠᠰᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠳᠠᠨ ᠨᠠᠷ ︽ᠨᠤᠲᠤᠭ ᠤᠰᠤ ᠪᠠᠨ ᠬᠠᠶᠢᠷᠠᠯᠠᠵᠤ · ᠪᠠᠷᠠᠭᠤᠨ | ᠦᠵᠦᠮᠦᠴᠢᠨ ᠳᠤ ᠢᠶᠠᠨ ᠬᠤᠪᠢ ᠨᠡᠮᠡᠷᠢ ᠪᠠᠨ ᠦᠵᠡᠭᠦᠯᠦᠶ᠎ᠡ︾ ᠭᠡᠬᠦ ᠭᠤᠣᠯ ᠰᠡᠳᠦᠪ ᠢᠶᠠᠷ ᠨᠠᠮ ᠤᠨ ᠡᠳᠦᠷ ᠤᠨ | ᠠᠵᠢᠯᠯᠠᠭ᠎ᠠ ᠥᠷᠨᠢᠭᠦᠯᠵᠦ᠂ ᠰᠢᠯᠢᠩᠬᠤᠲᠠ ᠶᠢᠨ ᠸᠥ᠋ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ᠂ ᠥᠪᠥᠷ | ᠮᠣᠩᠭᠤᠯ ᠤᠨ ᠤᠶᠤᠨᠴᠢ ᠮᠠᠯ ᠠᠵᠤ ᠠᠬᠤᠢ ᠶᠢ ᠬᠥᠭᠵᠢᠭᠦᠯᠬᠦ ᠪᠣᠳᠠᠰ ᠤᠨ ᠬᠤᠯᠪᠣᠭ᠎ᠠ ᠶᠢᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠰᠢᠯᠢᠩᠬᠤᠲᠠ ᠶᠢᠨ ᠢ ᠵᠢᠶᠧ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ | ᠬᠢᠵᠠᠭᠠᠷᠲᠤ ᠺᠣᠮᠫᠠᠨᠢ ᠵᠡᠷᠭᠡ ᠳᠤ ᠲᠣᠭᠠᠴᠢᠯᠠᠭᠰᠠᠨ ᠮᠠᠯ ᠠᠵᠤ ᠠᠬᠤᠢ ᠶᠢᠨ ᠲᠤᠷᠰᠢᠯᠲᠠ ᠶᠢᠨ ᠴᠢᠭ ᠵᠡᠷᠭᠡ ᠠᠵᠢᠯ ᠢ | ᠳᠤᠭᠤᠷᠢᠨ ᠰᠤᠷᠤᠯᠴᠵᠠᠦ᠂ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠠᠬᠢᠭᠤᠯᠵᠤ᠂ | ᠨᠠᠩ ᠨᠠᠷᠢᠯᠢᠭᠵᠢᠭᠤᠯᠤᠭᠰᠠᠨ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ᠂ ᠨᠠᠩ ᠣᠶᠤᠨᠴᠢᠯᠠᠭᠰᠠᠨ | ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠪᠣᠶ ᠪᠣᠯᠭᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ | ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠭᠠᠴᠠᠭᠠᠨ ᠤ ᠮᠢᠬᠠᠨ ᠤ ᠦᠬᠡᠷ ᠤᠨ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠳᠤ ᠰᠠᠭᠤᠷᠢ ᠲᠠᠯᠪᠢᠪᠠ᠃ |