ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤ ︽ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠤᠯᠭᠠᠬᠤ︾ ᠳᠦᠪᠯᠡᠷᠡᠬᠦᠯᠦᠨ ᠤᠬᠠᠭᠤᠯᠤᠨ ᠳᠠᠶᠢᠯᠪᠤᠷᠢᠯᠠᠬᠤ | ᠠᠵᠢᠯᠯᠠᠭ᠎ᠠ ᠦᠷᠨᠢᠬᠦᠯᠪᠡ | ︽ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠤᠨ ᠬᠥᠮᠥᠨ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ | ᠬᠦᠰᠡᠯᠡᠩ ᠢ ᠬᠠᠮᠲᠤ ᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠶᠢᠨ | ᠲᠥᠯᠥᠭᠡ᠂ 4 ᠰᠠᠷ᠎ᠠ ᠶᠢᠨ 23 ᠤ ᠡᠳᠦᠷ ᠵᠢᠷ ᠤᠨ ᠭᠤᠣᠯ ᠪᠠᠯᠭᠠᠰᠤ ︽ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠪᠠᠯᠭᠠᠰᠤᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ | ᠺᠠᠳ᠋ᠷ ᠠᠵᠢᠯᠲᠠᠨ᠂ ᠭᠠᠴᠠᠭᠠᠨ ᠤ ︽ᠡᠭᠦᠷ ᠵᠥᠪᠯᠡᠯ︾ ᠤᠨ ᠪᠦᠷᠢᠯᠳᠦᠭᠦᠨ ᠵᠢᠴᠢ ᠨᠠᠮ ᠤᠨ ᠭᠡᠰᠢᠭᠦᠨ ᠤ | ᠭᠤᠤᠯᠳᠠᠯᠭᠠᠳᠤ ᠡᠷᠦᠬᠡ ᠠᠵᠢᠯᠯᠠᠭ᠎ᠠ ᠳᠤ ᠣᠷᠣᠯᠴᠠᠪᠠ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠤᠯᠤᠰ ᠲᠦᠷᠦ ᠶᠢᠨ ᠠᠴᠢ | ᠬᠤᠯᠪᠣᠭᠳᠠᠯ︾᠂ ︽ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠪᠣᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠠᠷᠭ᠎ᠠ ᠵᠠᠮ︾ | ᠵᠡᠷᠭᠡ ᠲᠠᠯ᠎ᠠ ᠪᠠᠷ ᠨᠠᠷᠢᠨ ᠨᠢᠭᠲᠠ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠤᠷᠢᠯᠠᠭᠰᠠᠨ ᠤ ᠲᠠᠷᠠᠭ᠎ᠠ᠂ | ᠠᠵᠢᠯᠯᠠᠭ᠎ᠠ ᠳᠤ ᠣᠷᠣᠯᠴᠠᠭᠰᠠᠨ ᠬᠥᠮᠥᠰ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ | ᠹᠷᠣᠨᠲ ᠤᠨ ᠠᠵᠢᠯ ᠤᠨ ᠳᠦᠷᠢᠮ︾ ᠤᠨ ᠬᠡᠰᠡᠭ ᠠᠭᠤᠯᠭ᠎ᠠ ᠶᠢ ᠬᠠᠮᠲᠤᠪᠠᠷ ᠰᠤᠷᠤᠯᠴᠠᠪᠠ᠃ | ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠭᠲᠠ ᠲᠡᠮᠳᠡᠭᠯᠡᠯ ᠬᠢᠵᠦ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠶᠢᠨ ᠴᠢᠬᠤᠯᠠ ᠶᠡᠭᠡ ᠤᠯᠤᠰ | ᠲᠦᠷᠦ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠵᠣᠭᠰᠣᠯᠲᠠ ᠪᠠᠨ ᠨᠡᠩ | ᠪᠠᠲᠤᠳᠬᠠᠬᠤ ᠶᠢᠨ ᠬᠠᠮᠲᠤ ᠢᠷᠡᠭᠡᠳᠦᠢ ᠶᠢᠨ ᠠᠵᠢᠯ ᠠᠮᠢᠳᠤᠷᠠᠯ ᠳᠤᠮᠳᠠ ᠪᠠᠨ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ | ᠰᠠᠶᠢᠨ ᠪᠠᠶᠢᠳᠠᠯ ᠢ ᠬᠠᠮᠠᠭᠠᠯᠠᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤᠪᠠᠷ ᠰᠠᠬᠢᠨ ᠬᠠᠮᠠᠭᠠᠯᠠᠨ᠂ ᠰᠠᠶᠢᠨ | ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠨ᠎ᠠ ᠭᠡᠵᠦ ᠢᠯᠡᠳᠬᠡᠪᠡ᠃ | ᠠᠵᠢᠯᠯᠠᠭ᠎ᠠ ᠶᠢᠨ ᠲᠠᠷᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ | ᠠᠵᠢᠯ ᠤᠨ ᠳᠦᠷᠢᠮ︾ ᠤᠨ ᠤᠬᠠᠭᠤᠯᠭ᠎ᠠ ᠶᠢᠨ ᠳᠡᠪᠲᠡᠷ ᠢ 60 ᠭᠠᠷᠤᠢ ᠳᠡᠪᠲᠡᠷ ᠲᠠᠷᠬᠠᠭᠠᠪᠠ᠃ |