ᠪᠤᠷᠤᠬᠤᠰᠢᠭᠤ ᠭᠠᠴᠠᠭᠠᠨ ᠤ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ ᠠᠩᠭᠢ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ | | | 4 ᠰᠠᠷ᠎ᠠ ᠶᠢᠨ 25 ᠤ ᠡᠳᠦᠷ᠂ ︽5.1︾ ᠤ ᠬᠥᠳᠡᠯᠮᠦᠷᠢᠴᠢᠳ ᠤᠨ ᠪᠠᠶᠠᠷ᠂ ︽5.4︾ ᠤ | ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠤᠷᠤᠬᠤᠰᠢᠭᠤ ᠭᠠᠴᠠᠭᠠᠨ ᠤ ᠰᠠᠶᠢᠨ ᠳᠤᠷ᠎ᠠ ᠶᠢᠨ | ᠠᠵᠢᠯᠯᠠᠭᠴᠢᠳ ᠨᠢ ︽ᠡᠭᠦᠷ ᠵᠥᠪᠯᠡᠯ︾᠂ ᠭᠠᠴᠠᠭᠠᠨ ᠤ ︽ᠨᠢᠭᠡᠳᠦᠭᠡᠷ ᠱᠦᠵᠢ︾ ᠲᠠᠢ ᠬᠠᠷᠢᠯᠴᠠᠵᠦ᠂ | ᠭᠠᠴᠠᠭ᠎ᠠ ᠶᠢ ᠳᠠᠭᠠᠭᠠᠨ ᠳᠡᠳᠬᠦᠬᠦ ᠺᠠᠳ᠋ᠷ ᠵᠢᠴᠢ ᠨᠠᠮ ᠤᠨ ᠭᠡᠰᠢᠭᠦᠨ ᠣᠯᠠᠨ ᠲᠦᠮᠡᠨ ᠲᠠᠢ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ᠃ | ᠬᠡᠳᠦᠶᠢᠪᠡᠷ ᠥᠨᠥᠳᠥᠷ ᠲᠡᠭᠷᠢ ᠮᠠᠭᠤᠬᠠᠶᠢᠷᠠᠵᠦ᠂ ᠳᠤᠮᠳᠠᠴᠢ ᠰᠠᠯᠬᠢᠨ ᠤ ᠬᠦᠴᠦ ᠨᠢ 8 ᠳᠡᠰ ᠠᠴᠠ ᠳᠡᠭᠡᠭᠰᠢ᠂ | ᠡᠯᠡᠰᠦᠨ ᠰᠢᠭᠤᠷᠭ᠎ᠠ ᠳᠡᠭᠳᠡᠵᠦ ᠪᠠᠶᠢᠭᠰᠠᠨ ᠪᠣᠯᠪᠠᠴᠤ ᠰᠠᠶᠢᠨ ᠳᠤᠷ᠎ᠠ ᠶᠢᠨ ᠠᠵᠢᠯᠯᠠᠭᠴᠢᠳ ᠵᠣᠪᠠᠭᠤᠷᠢ ᠵᠦᠳᠡᠭᠦᠷᠢ | ᠶᠢ ᠲᠡᠰᠪᠦᠷᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ 3 ᠲᠡᠷᠭᠡ᠂ 1 ᠭᠤᠷᠪᠠᠨ ᠬᠦᠷᠳᠦᠲᠦ ᠲᠡᠷᠭᠡ᠂ 1 | ᠲᠠᠷᠢᠶᠠᠯᠠᠩ ᠤᠨ ᠲᠡᠷᠭᠡ ᠬᠥᠳᠡᠯᠭᠡᠵᠦ᠂ 18 ᠬᠥᠮᠥᠨ ᠢ ᠭᠤᠷᠪᠠᠨ ᠳᠤᠭᠤᠶᠢᠯᠠᠩ ᠬᠤᠪᠢᠶᠠᠨ ᠭᠠᠴᠠᠭᠠᠨ ᠤ ᠡᠯ᠎ᠡ | ᠲᠥᠷᠥᠯ ᠤᠨ ᠬᠤᠭ ᠨᠣᠪᠰᠢ᠂ ᠭᠤᠣᠯ ᠵᠠᠮ ᠵᠢᠴᠢ ᠭᠤᠣᠯ ᠵᠠᠮ ᠤᠨ ᠬᠤᠶᠠᠷ ᠬᠠᠵᠠᠭᠤ ᠶᠢ ᠴᠡᠪᠡᠷᠯᠡᠵᠦ᠂ ᠣᠯᠠᠨ | ᠲᠦᠮᠡᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠷᠢᠭᠤᠨ ᠴᠡᠪᠡᠷ ᠣᠷᠴᠢᠨ ᠲᠣᠭᠤᠷᠢᠨ ᠢ ᠪᠤᠶ ᠪᠣᠯᠭᠠᠵᠤ | ᠥᠭᠭᠦᠭᠰᠡᠨ ᠪᠠᠶᠢᠨ᠎ᠠ᠃ | ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠣᠯ ᠲᠦᠰᠢᠭ ᠲᠤᠯᠭᠠᠭᠤᠷᠢ ᠮᠥᠨ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠮᠠᠯᠵᠢᠬᠤ ᠣᠷᠣᠨ ᠤ | ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ | ᠮᠠᠶ᠋ᠢᠭ ᠢ ᠠᠮᠢ ᠠᠬᠤᠶᠢᠵᠢᠭᠤᠯᠬᠤ᠂ ᠪᠣᠬᠢᠷᠳᠤᠯ ᠦᠭᠡᠢ ᠪᠣᠯᠭᠠᠬᠤ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ | ᠂ ᠲᠣᠰ ᠤᠳᠠᠭᠠᠨ ᠤ ᠠᠵᠢᠯᠯᠠᠭ᠎ᠠ ᠳᠤ ᠴᠡᠭ ᠢᠶᠠᠷ ᠨᠡᠶᠢᠳᠡᠮ ᠢ ᠳᠠᠶᠢᠴᠢᠯᠠᠬᠤ ᠪᠠᠷ ᠳᠠᠮᠵᠢᠭᠤᠯᠤᠨ᠂ ᠣᠯᠠᠨ ᠲᠦᠮᠡᠨ ᠤ | ᠢᠳᠡᠪᠬᠢᠲᠡᠢ ᠪᠠᠷ ᠬᠦᠴᠦ ᠬᠥᠳᠡᠯᠮᠦᠷᠢ ᠣᠷᠣᠭᠤᠯᠬᠤ ᠶᠢ ᠰᠠᠨᠠᠭᠠᠴᠢᠯᠠᠵᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠪᠠᠷ ᠭᠠᠷᠲᠠᠨ᠂ ᠭᠠᠴᠠᠭᠠᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ | ᠴᠢᠨᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠪᠣᠬᠢᠷᠳᠤᠯ ᠦᠭᠡᠢ ᠡᠶ᠎ᠡ ᠵᠣᠬᠢᠴᠠᠯ ᠲᠠᠢ ᠪᠠᠯᠭᠠᠰᠤ ᠶᠢ | ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃ | |