ᠪᠦᠷᠢᠳᠦᠨ ᠭᠠᠴᠠᠭᠠᠨ ᠤ ᠨᠠᠮ ᠤᠨ ᠬᠡᠰᠢᠭᠦᠨ ᠭᠤᠤᠯᠳᠠᠯᠭᠠᠲᠦ ᠡᠷᠦᠬᠡ ᠤᠷᠴᠢᠨ ᠲᠤᠭᠤᠷᠢᠨ ᠢᠶᠠᠨ ᠴᠡᠪᠠᠷᠯᠠᠪᠠ | | | ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠪᠦᠷᠢᠳᠦᠨ ᠭᠠᠴᠠᠭ᠎ᠠ ᠶᠢᠨ ᠪᠠᠶᠠᠷᠮᠡᠨᠳᠦ᠂ | ᠯᠢᠦ ᠱᠢ ᠮᠢᠨ᠂ ᠯᠠᠩᠳᠤᠤᠴᠡᠴᠡᠭ᠂ ᠶᠤᠨᠳᠤᠨ ᠵᠡᠷᠭᠡ 4 ᠨᠠᠮ ᠤᠨ ᠬᠡᠰᠢᠭᠦᠨ ᠭᠤᠤᠯᠳᠠᠯᠭᠠᠲᠦ ᠡᠷᠦᠬᠡ ᠳᠤᠰ ᠳᠤᠰ | ᠤᠨ ᠬᠠᠷᠢᠭᠤᠴᠠᠵᠤ ᠪᠠᠶᠢᠭ᠎ᠠ ᠳᠤᠭᠤᠶᠢᠯᠠᠩ ᠤᠨ ᠢᠶᠠᠨ ᠮᠠᠯᠴᠢᠳ ᠢᠶᠠᠨ ᠵᠤᠬᠢᠶᠠᠨ ᠪᠠᠶᠢᠭᠤᠯᠤᠨ᠂ 4 ᠰᠠᠭᠤᠷᠢ | ᠳᠡᠭᠡᠭᠡᠪᠦᠷᠢ ᠶᠢᠨ ᠮᠠᠰᠢᠨ ᠢ ᠬᠦᠳᠡᠯᠭᠡᠨ᠂ 40 ᠭᠠᠷᠦᠢ ᠬᠦᠮᠦᠨ ᠢ ᠵᠤᠬᠢᠶᠠᠨ ᠪᠠᠶᠢᠭᠤᠯᠵᠦ᠂ ᠭᠠᠴᠠᠭᠠᠨ ᠤ 48 | ᠺᠢᠯᠤᠮᠧᠲᠷ ᠤᠨ ᠭᠤᠤᠯ ᠪᠤᠯᠬᠤ ᠬᠠᠶᠢᠷ ᠴᠢᠯᠠᠭᠤᠨ ᠵᠠᠮ ᠤᠨ ᠬᠤᠶᠠᠷ ᠲᠠᠯ᠎ᠠ ᠪᠠᠷ ᠬᠠᠶᠠᠭᠳᠠᠭᠰᠠᠨ ᠬᠤᠭ ᠨᠤᠪᠰᠢ᠂ | ᠬᠠᠶᠠᠭᠳᠠᠮᠠᠯ ᠪᠤᠳᠠᠰ ᠢ ᠳᠡᠭᠦᠨ ᠴᠡᠪᠡᠷᠯᠡᠵᠦ ᠂ ᠰᠣᠮᠣᠨ ᠤ ᠳᠤᠰᠬᠠᠢ ᠬᠤᠭ ᠬᠤᠷᠢᠶᠠᠬᠤ ᠴᠡᠭ ᠲᠤ ᠳᠡᠭᠡᠭᠡᠪᠦᠷᠢᠯᠡᠨ | ᠬᠦᠷᠭᠡᠵᠦ᠂ ᠭᠠᠴᠠᠭ᠎ᠠ ᠨᠢᠭᠡᠴᠡ᠂ ᠠᠶᠢᠯ ᠰᠠᠭᠠᠬᠠᠯᠲᠠ ᠶᠢᠨ ᠢᠶᠠᠨ ᠤᠷᠴᠢᠨ ᠲᠤᠭᠤᠷᠢᠨ ᠢ ᠴᠡᠪᠡᠷ ᠴᠡᠮᠴᠡᠭᠡᠷ | ᠪᠤᠯᠭᠠᠵᠤ᠂ ᠨᠠᠮ ᠤᠨ ᠬᠡᠰᠢᠭᠦᠨ ᠲᠡᠷᠢᠭᠦᠯᠡᠨ᠂ ᠪᠠᠶᠢᠭᠠᠯᠢ ᠳᠡᠯᠡᠬᠡᠢ ᠪᠠᠨ ᠬᠠᠮᠠᠭᠠᠯᠠᠵᠤ ᠬᠠᠶᠢᠷᠠᠯᠠᠬᠤ ᠲᠠᠯ᠎ᠠ ᠪᠠᠷ ᠨᠢᠭᠡᠨ | ᠤᠳᠠᠭᠠᠨ ᠤ ᠪᠤᠳᠠᠳᠠᠢ ᠦᠢᠯᠡ ᠠᠵᠢᠯᠯᠠᠭ᠎ᠠ ᠪᠤᠯᠤᠭᠰᠠᠨ ᠪᠦᠭᠡᠳ ᠮᠠᠯᠴᠢᠳ ᠤᠨ ᠡᠬᠡ ᠪᠠᠶᠢᠭᠠᠯᠢ ᠪᠠᠨ ᠬᠠᠶᠢᠷᠠᠯᠠᠨ | ᠬᠠᠮᠠᠭᠠᠯᠠᠬᠤ ᠶᠢ ᠤᠷᠠᠶᠢᠯᠠᠨ ᠲᠠᠶᠢᠴᠢᠯᠠᠭᠰᠠᠨ ᠪᠠᠶᠢᠨ᠎ᠠ ᠃ |