︽ᠬᠠᠮᠤᠭ ᠤᠨ ᠭᠤᠶᠤ ᠭᠡᠷ ᠪᠦᠯᠢ︾ ᠶᠢᠨ ᠦᠯᠢᠭᠡᠷ ᠶᠠᠪᠤᠳᠠᠯ ᠢ ᠰᠤᠷᠳᠠᠯᠴᠢᠯᠠᠨ ᠬᠤᠪᠢᠶᠠᠯᠴᠠᠬᠤ ᠵᠢᠴᠢ ︽ᠭᠡᠷ | ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ | | ᠪᠠᠶᠠᠨᠬᠤᠸᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠮᠤᠭ ᠤᠨ ᠭᠤᠶᠣ ᠬᠡᠷ | ᠪᠦᠯᠢ︾ ᠶᠢᠨ ᠥᠯᠢᠭᠡᠷ ᠶᠠᠪᠤᠳᠠᠯ ᠢ ᠰᠤᠷᠳᠠᠯᠴᠢᠯᠠᠨ ᠬᠤᠪᠢᠶᠠᠯᠴᠠᠬᠤ ᠵᠢᠴᠢ ︽ᠬᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠲᠤᠰ ᠪᠠᠯᠭᠠᠰᠤᠨ ᠤ | ᠰᠠᠷᠠᠭᠤᠯᠪᠤᠯᠠᠭ ᠭᠠᠴᠠᠭᠠᠨ ᠤ ᠬᠤᠰᠢᠭᠤ ᠲᠠᠰ ᠤᠨ ᠬᠠᠮᠤᠭ ᠤᠨ ᠭᠤᠶᠣ ᠬᠡᠷ ᠪᠦᠯᠢ ᠷᠢᠡᠰᠧᠮᠠ᠂ ᠰᠠᠶᠢᠨᠪᠠᠶᠠᠷ ᠤᠨ | ᠬᠡᠷ ᠪᠦᠯᠢ ᠳᠤ ᠶᠠᠪᠤᠭᠳᠠᠪᠠ᠃ | ᠠᠵᠢᠯᠯᠠᠭ᠎ᠠ ᠳᠡᠭᠡᠷ᠎ᠡ ᠪᠠᠰᠠ ᠭᠠᠷ ᠤᠳᠠᠰᠣᠨ ᠤ ᠲᠠᠪᠴᠠᠩ ᠢ ᠠᠰᠢᠭᠯᠠᠨ ᠠᠬᠤᠢ ᠲᠠᠯᠠᠪᠠᠢ ᠶᠢᠨ | ᠨᠡᠪᠲᠡᠷᠡᠭᠦᠯᠭᠡ ᠨᠡᠭᠡᠭᠡᠵᠦ᠂ ᠡᠯ᠎ᠡ ᠭᠠᠴᠠᠭᠠᠨ ᠤ ᠡᠮᠡᠭᠲᠡᠶᠢᠴᠦᠳ ᠤᠨᠬᠤᠯᠪᠣᠭᠠᠲᠤ ᠬᠤᠷᠠᠯ ᠤᠨ ᠲᠡᠷᠢᠭᠦᠯᠡᠭᠴᠢ ᠶᠢ | ᠤᠷᠢᠵᠤ ᠂ ᠰᠦᠯᠵᠢᠶᠠᠨ ᠲᠡᠭᠡᠷ᠎ᠡ ᠬᠠᠮᠳᠦ ᠳᠠᠭᠠᠨ ᠠᠵᠢᠯᠯᠠᠭ᠎ᠠ ᠳᠤ ᠤᠷᠤᠯᠴᠠᠬᠤ ᠪᠠᠷ ᠳᠠᠮᠵᠢᠨ᠂ ᠡᠮᠡᠭᠲᠡᠶᠢᠴᠦᠳ | ᠲᠤ ᠰᠢᠯᠢᠳᠡᠭ ᠭᠡᠷ ᠤᠨ ᠰᠤᠷᠭᠠᠯ᠂ ᠭᠡᠷ ᠤᠨ ᠰᠤᠷᠲᠠᠯ ᠢ ᠪᠠᠳᠠᠷᠠᠭᠤᠯᠵᠤ᠂ ᠡᠶ᠎ᠡ ᠵᠣᠬᠢᠴᠠᠩᠭᠤᠶ᠂ ᠪᠣᠯᠪᠠᠰᠤᠨ᠂ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠤᠯᠭᠠᠬᠤ ᠲᠠᠯ᠎ᠠ ᠪᠠᠷ ᠲᠤᠰᠬᠠᠢ ᠲᠠᠶᠢᠯᠪᠤᠷᠢᠯᠠᠯᠳᠠ | ᠬᠢᠭᠰᠡᠨ ᠪᠠᠶᠢᠨ᠎ᠠ ᠃ | ᠠᠵᠢᠯᠯᠠᠭᠠᠨ ᠤ ᠡᠴᠦᠰ ᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ | ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢ ᠰᠤᠷᠤᠯᠴᠠᠵᠤ᠂ ᠬᠡᠷ ᠤᠨ ᠠᠬᠠᠮᠠᠳ ᠲᠤ ᠬᠡᠷ ᠪᠦᠯᠢ ᠶᠢᠨ | ᠬᠥᠮᠦᠵᠢᠯ ᠢ ᠠᠬᠢᠭᠤᠯᠬᠤ ᠬᠠᠤᠯᠢ ᠶᠢ ᠤᠯᠠᠮ ᠣᠶᠢᠯᠠᠭᠠᠭᠤᠯᠵᠤ᠂ ︽ᠬᠡᠷ ᠪᠦᠯᠢ ᠶᠢᠨ ᠬᠥᠮᠦᠵᠢᠯ ᠢ ᠠᠬᠢᠭᠤᠯᠬᠤ | ᠬᠠᠤᠯᠢ︾ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠥᠷᠭᠡᠨ ᠣᠯᠠᠨ ᠬᠡᠷ ᠪᠦᠯᠢ ᠶᠢ | ᠬᠥᠲᠥᠯᠥᠨ ᠵᠢᠯᠣᠭᠤᠳᠴᠤ ᠂ ᠰᠢᠨ᠎ᠡ ᠴᠠᠭ ᠦᠶ᠎ᠡ ᠶᠢᠨ ᠬᠡᠷ ᠪᠦᠯᠢ ᠶᠢᠨ ᠦᠵᠡᠯᠲᠡ ᠶᠢ ᠢᠳᠡᠪᠬᠢᠲᠡᠶ ᠬᠦᠮᠥᠵᠢᠭᠦᠯᠥᠨ | ᠤᠶᠢᠯᠡᠳᠦᠯᠭᠡᠵᠢᠭᠦᠯᠵᠤ᠂ ᠨᠡᠶᠢᠭᠡᠮ ᠵᠢᠷᠤᠮ ᠤᠨ ᠬᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠤᠯᠠᠮ | ᠴᠢᠨᠠᠭᠰᠢᠳᠠ ᠪᠠᠳᠠᠷᠠᠭᠤᠯᠬᠤ ᠶᠢ ᠲᠠᠶᠢᠴᠢᠯᠠᠪᠠ᠃ |