ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠬᠠᠮᠲᠤᠷᠠᠭᠰᠠᠨ ᠠᠵᠢᠯᠴᠢᠨ ᠤ ᠡᠪᠯᠡᠯ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ | ᠪᠠᠶᠢᠭᠤᠯᠤᠯᠭ᠎ᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠪᠦᠬᠦ ᠲᠠᠯ᠎ᠠ ᠪᠠᠷ | ᠰᠠᠶᠢᠵᠢᠷᠠᠭᠤᠯᠵᠤ᠂ ᠴᠡᠪᠡᠷ ᠲᠡᠭᠰᠢ ᠠᠯᠪᠠᠯᠠᠬᠤ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠬᠤ ᠶᠢᠨ | ᠲᠥᠯᠥᠭᠡ᠂ 4 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠢᠷ ᠤᠨ ᠭᠤᠣᠯ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠠᠮᠳᠤᠷᠠᠭᠰᠠᠨ ᠠᠵᠢᠯᠴᠢᠨ ᠤ ᠡᠪᠯᠡᠯ ᠨᠢ ᠡᠯ᠎ᠡ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠳᠠᠯᠢᠳᠬᠠᠨ ᠰᠢᠯᠭᠠᠷᠠᠭᠤᠯᠬᠤ | ᠠᠵᠢᠯ ᠤᠨ ᠳᠤᠭᠤᠶᠢᠯᠠᠩ ᠪᠠᠶᠢᠭᠤᠯᠵᠤ᠂ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠤ ᠠᠯᠪᠠᠯᠠᠬᠤ ᠲᠣᠭᠤᠷᠢᠭ | ᠪᠣᠯᠣᠨ ᠠᠮᠢᠳᠤᠷᠠᠯ ᠤᠨ ᠲᠣᠭᠤᠷᠢᠭ ᠲᠤ ᠡᠷᠡᠭᠦᠯ ᠬᠠᠮᠠᠭᠠᠯᠠᠯ ᠤᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ | ᠥᠷᠨᠢᠭᠦᠯᠵᠡᠢ᠃ | ᠠᠵᠢᠯᠯᠠᠭ᠎ᠠ ᠶᠢᠨ ᠳᠤᠮᠳᠠ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠶᠢᠨ ᠳᠤᠭᠤᠶᠢᠯᠠᠩ ᠬᠤᠪᠢ | ᠲᠣᠭᠲᠠᠭᠠᠬᠤ ᠨᠠᠷᠢᠨ ᠳᠦᠷᠢᠮ ᠤᠨ ᠶᠣᠰᠣᠭᠠᠷ᠂ ᠡᠯ᠎ᠡ ᠠᠯᠪᠠᠨ ᠭᠡᠷ ᠪᠣᠯᠣᠨ ᠪᠠᠶᠢᠷᠢ ᠶᠢᠨ ᠭᠡᠷ ᠢ ᠭᠡᠷ ᠳᠠᠷᠠᠭᠠᠯᠠᠨ | ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠨᠠᠷᠢᠨ ᠳᠦᠷᠢᠮ ᠤᠨ ᠶᠣᠰᠣᠭᠠᠷ ᠬᠤᠪᠢ ᠥᠭᠬᠦ ᠶᠢᠨ ᠬᠠᠮᠲᠤ ᠰᠢᠯᠢᠳᠡᠭ | ᠠᠯᠪᠠᠨ ᠭᠡᠷ ᠪᠣᠯᠣᠨ ᠪᠠᠶᠢᠷᠢ ᠶᠢᠨ ᠭᠡᠷ ᠲᠤ ︽ᠨᠡᠭᠦᠳᠡᠯ ᠤᠯᠠᠭᠠᠨ ᠲᠤᠭ︾ ᠣᠯᠭᠤᠨ ᠵᠣᠷᠢᠭᠵᠢᠭᠤᠯᠪᠡ᠃ ᠲᠣᠰ | ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠺᠠᠳ᠋ᠷ ᠠᠵᠢᠯᠲᠠᠨ ᠤ ᠣᠷᠣᠰᠢᠨ ᠰᠠᠭᠤᠬᠤ ᠣᠷᠴᠢᠨ ᠨᠥᠬᠦᠴᠡᠯ ᠢ | ᠰᠠᠶᠢᠷᠠᠭᠤᠯᠬᠤ ᠳᠤ ᠢᠳᠡᠪᠬᠢᠲᠡᠢ ᠣᠷᠤᠯᠴᠠᠬᠤ ᠶᠢ ᠰᠠᠨᠠᠭᠠᠴᠢᠯᠠᠵᠤ᠂ ᠨᠠᠩ ᠴᠡᠪᠡᠷ ᠴᠡᠮᠴᠡᠭᠡᠷ᠂ ᠲᠠᠭᠠᠯᠠᠮᠵᠢᠲᠠᠢ᠂ | ᠭᠤᠶᠣ ᠰᠠᠶᠢᠬᠠᠨ ᠠᠵᠢᠯᠯᠠᠬᠤ ᠪᠠ ᠣᠷᠣᠰᠢᠨ ᠰᠠᠭᠤᠬᠤ ᠣᠷᠴᠢᠨ ᠨᠥᠬᠦᠴᠡᠯ ᠢ ᠪᠣᠶ ᠪᠣᠯᠭᠠᠬᠤ ᠶᠢ ᠠᠬᠢᠭᠤᠯᠪᠠ᠃ |