ᠤᠯᠠᠭᠠᠨᠬᠠᠯᠠᠭ᠎ᠠ ᠰᠤᠮᠤ ︽5 ·1︾ ᠤ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ | ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠵᠡᠢ | ︽5 ·1︾ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠳᠠᠰᠢᠷᠠᠮ ᠢᠶᠠᠷ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ | ᠬᠢᠵᠦ᠂ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠨ᠂ ᠡᠯ᠎ᠡ ᠲᠦᠷᠦᠯ ᠤᠨ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠰᠤᠮᠤᠨ ᠤ ᠬᠠᠷᠢᠶ᠎ᠠ ᠣᠷᠣᠨ ᠳᠠᠬᠢ | ᠠᠶᠤᠯᠭᠦᠢ ᠦᠢᠯᠡᠳᠪᠦᠷᠢᠯᠡᠯ ᠵᠢᠴᠢ ᠢᠳᠡᠭᠡᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ᠂ ᠤᠯᠠᠭᠠᠨᠬᠠᠯᠠᠭ᠎ᠠ ᠰᠤᠮᠤ ᠪᠠᠶᠠᠷ ᠤᠨ | ᠡᠳᠦᠷ ᠠᠴᠠ ᠡᠮᠦᠨᠡᠬᠢ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠡ᠃ | ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠷᠢᠶ᠎ᠠ ᠣᠷᠣᠨ ᠤ ᠳᠣᠲᠣᠷᠠᠬᠢ ᠬᠡᠲᠦ ᠳᠡᠯᠭᠡᠭᠦᠷ᠂ | ᠬᠤᠳᠠᠯᠳᠤᠭᠠᠨ ᠤ ᠫᠦᠰᠡ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ ᠵᠡᠷᠭᠡ ᠭᠤᠣᠯᠳᠠᠯᠭ᠎ᠠ ᠲᠠᠢ ᠨᠢᠭᠡᠴᠡ | ᠪᠠ ᠲᠠᠯᠠᠪᠤᠷ ᠲᠤ ᠳᠠᠯᠳᠠ ᠬᠡᠮ ᠤᠨ ᠶᠡᠭᠡ ᠪᠠᠶᠢᠴᠠᠭᠠᠯᠲᠠ ᠬᠢᠵᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ | ᠲᠠᠯᠠᠪᠤᠷ ᠲᠤ ᠯᠠᠪᠯᠠᠨ ᠠᠰᠠᠭᠤᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠪᠠᠶᠢᠳᠠᠯ ᠤᠨ ᠲᠣᠭᠤᠷᠢᠨ ᠳᠤ ᠨᠠᠷᠢᠨ ᠨᠢᠭᠲᠠ ᠪᠠᠶᠢᠴᠠᠭᠠᠯᠲᠠ | ᠬᠢᠵᠡᠢ᠃ | ᠳᠠᠷᠠᠭᠠᠴᠢ ᠶᠢᠨ ᠠᠯᠬᠤᠮ ᠳᠤ᠂ ᠤᠯᠠᠭᠠᠨᠬᠠᠯᠠᠭ᠎ᠠ ᠰᠤᠮᠤ ᠠᠶᠤᠯᠭᠦᠢ ᠦᠢᠯᠡᠳᠪᠦᠷᠢᠯᠡᠯ ᠵᠢᠴᠢ ᠢᠳᠡᠭᠡᠨ ᠤ ᠠᠮᠤᠷ | ᠲᠦᠪᠰᠢᠨ ᠤ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠠᠮᠤᠷ ᠲᠦᠪᠰᠢᠨ ᠤ ᠤᠬᠠᠮᠰᠠᠷ ᠤᠨ | ᠤᠬᠠᠭᠤᠯᠭ᠎ᠠ ᠬᠥᠮᠦᠵᠢᠯ ᠢ ᠴᠢᠩᠭᠠᠳᠬᠠᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ | ᠪᠣᠯᠣᠨ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠴᠢᠩᠭ᠎ᠠ ᠠᠳᠬᠤᠵᠤ᠂ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠬᠤᠷᠢᠭᠯᠠᠨ᠂ ᠪᠦᠬᠦ ᠰᠤᠮᠤᠨ ᠤ ᠠᠮᠤᠷ ᠲᠦᠪᠰᠢᠨ ᠲᠣᠭᠲᠠᠭᠤᠨ ᠢ ᠪᠠᠲᠤᠯᠠᠨ᠎ᠠ᠃ | |