ᠰᠠᠶᠢᠬᠠᠨᠨᠠᠭᠤᠷ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ︽ᠪᠠᠷᠠᠭᠤᠨ | ᠦᠵᠦᠮᠦᠴᠢᠨ ᠳᠤ ᠬᠤᠪᠢ ᠨᠡᠮᠡᠷᠢ ᠪᠠᠨ ᠦᠵᠡᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ | 4 ᠰᠠᠷ᠎ᠠ ᠶᠢᠨ 27 ᠤ ᠡᠳᠦᠷ᠂ ᠰᠠᠶᠢᠬᠠᠨᠨᠠᠭᠤᠷ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ | ᠨᠠᠷᠠᠨᠲᠤᠶᠠᠭ᠎ᠠ ᠭᠠᠴᠠᠭᠠᠨ ᠤ ᠮᠠᠯᠴᠢᠳ ᠢᠶᠠᠨ ᠵᠤᠬᠢᠶᠠᠨ ᠪᠠᠶᠢᠭᠤᠯᠤᠨ᠂ ᠬᠤᠰᠢᠭᠤᠨ ᠤ ᠰᠢᠨ᠎ᠡ ᠶᠢ ᠡᠭᠦᠳᠬᠦ ᠦᠢᠯᠡᠰ | ᠴᠣᠭᠴᠠᠯᠠᠬᠤ ᠰᠠᠭᠤᠷᠢᠨ ᠭᠠᠵᠠᠷ ᠤᠨ ᠨᠠᠮ ᠤᠨ ᠡᠭᠦᠷ ᠲᠠᠢ ︽ᠪᠠᠷᠠᠭᠤᠨ ᠦᠵᠦᠮᠦᠴᠢᠨ ᠳᠤ ᠪᠠᠨ ᠬᠤᠪᠢ ᠨᠡᠮᠡᠷᠢ ᠪᠠᠨ | ᠦᠵᠡᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ | | | ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ᠡᠷᠴᠢ ᠵᠣᠷᠢᠭ ᠲᠡᠭᠦᠯᠳᠡᠷ ᠪᠠᠶᠢᠵᠤ᠂ ᠬᠦᠴᠢᠷ ᠠᠴᠠ | ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠭᠠᠴᠠᠭᠠᠨ ᠤ | ᠵᠠᠮ ᠤᠨ ᠬᠠᠵᠠᠭᠤ ᠪᠠᠷ ᠬᠤᠭ ᠨᠣᠪᠰᠢ ᠲᠡᠭᠦᠵᠦ᠂ ᠨᠢᠭᠡ ᠦᠳᠡ ᠶᠢᠨ ᠡᠮᠦᠨᠡᠬᠢ ᠴᠢᠷᠮᠠᠶᠢᠯᠭ᠎ᠠ ᠪᠠᠷ ᠳᠡᠮᠵᠢᠨ᠂ ᠰᠠᠶᠢᠨ | ᠳᠤᠷ᠎ᠠ ᠶᠢᠨ ᠠᠵᠢᠯᠯᠠᠭᠴᠢᠳ ᠭᠠᠴᠠᠭᠠᠨ ᠤ ᠵᠠᠮ ᠳᠠᠭᠠᠤ ᠶᠢᠨ ᠬᠤᠭ ᠨᠣᠪᠰᠢ ᠲᠥᠪᠯᠡᠷᠡᠭᠰᠡᠨ ᠣᠷᠣᠨ ᠢ ᠴᠡᠪᠡᠷᠯᠡᠵᠦ᠂ | ᠭᠠᠴᠠᠭᠠᠨ ᠤ ᠮᠠᠯᠴᠢᠳ ᠲᠤ ᠴᠡᠪᠡᠷ ᠴᠡᠮᠴᠡᠭᠡᠷ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃ | | | ᠲᠣᠰ ᠤᠳᠠᠭᠠᠨ ᠤ ᠠᠵᠢᠯᠯᠠᠭ᠎ᠠ ᠨᠢ ᠭᠠᠴᠠᠭᠠᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠭᠤᠶᠣᠯᠠᠨ | ᠴᠢᠮᠡᠵᠦ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ | ᠪᠠᠰᠠ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠠᠬᠤᠢ ᠶᠢ ᠬᠠᠮᠠᠭᠠᠯᠠᠬᠤ ᠣᠶᠢᠯᠠᠭᠠᠭᠳᠠᠬᠤᠨ ᠢ ᠤᠬᠠᠭᠤᠯᠤᠨ | ᠰᠠᠨᠠᠭᠠᠴᠢᠯᠠᠵᠤ᠂ ᠡᠷᠬᠢᠨ ᠲᠣᠭᠤᠷᠢᠨ ᠤ ᠮᠠᠯᠴᠢᠨ ᠲᠦᠮᠡᠨ ᠤ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠦᠭᠰᠡᠨ ᠪᠠᠶᠢᠨ᠎ᠠ᠃ |